ᠬᠠᠪᠤᠷ ᠤᠨ ᠤᠯᠠᠷᠢᠯ ᠳᠤ ᠬᠤᠳᠣᠭᠤᠳᠤ ᠭᠡᠳᠡᠰᠦᠨ ᠤ ᠡᠷᠡᠭᠦᠯ ᠮᠡᠨᠳᠦ ᠶᠢ ᠠᠩᠬᠠᠷᠬᠤ ᠬᠡᠷᠡᠭᠲᠡᠢ᠄ ᠬᠤᠳᠣᠭᠤᠳᠤ ᠭᠡᠳᠡᠰᠦᠨ ᠤ ᠳᠤᠷᠠᠨ ᠤ ᠰᠢᠨᠵᠢᠯᠡᠭᠡ ᠶᠢ ᠬᠡᠷᠬᠢᠨ ᠬᠢᠬᠦ ᠪᠣᠢ
ᠨᠡᠶᠢᠲᠡᠯᠡᠭᠰᠡᠨ ᠴᠠᠭ᠄
2025/3/24
            ᠬᠠᠪᠤᠷ ᠤᠨ ᠤᠯᠠᠷᠢᠯ ᠪᠣᠯ ᠬᠤᠳᠣᠭᠤᠳᠤ ᠭᠡᠳᠡᠰᠦ ᠶᠢ ᠰᠤᠪᠢᠯᠠᠬᠤ ᠰᠠᠶᠢᠨ ᠴᠠᠭ ᠪᠣᠯᠣᠨ᠎ᠠ᠃ ᠶᠠᠮᠠᠷ ᠪᠠᠶᠢᠳᠠᠯ ᠳᠣᠣᠷ᠎ᠠ ᠬᠤᠳᠣᠭᠤᠳᠤ ᠭᠡᠳᠡᠰᠦᠨ ᠤ ᠳᠤᠷᠠᠨ ᠦᠵᠡᠯᠭᠡ ᠬᠢᠬᠦ ᠴᠢᠬᠤᠯᠠ ᠲᠠᠢ ᠪᠤᠢ︖         ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠡᠷᠭᠢᠯᠡᠭᠴᠢ ᠡᠮᠴᠢ ᠯᠢ ᠵᠢᠩ ᠨᠠᠨ ᠤ ᠲᠠᠨᠢᠯᠴᠠᠭᠤᠯᠤᠭᠰᠠᠨ ᠢᠶᠠᠷ᠂ ᠬᠤᠳᠣᠭᠤᠳᠤ ᠭᠡᠳᠡᠰᠦᠨ ᠤ ᠪᠠᠶᠢᠴᠠᠭᠠᠯᠲᠠ ᠶᠢᠨ ᠠᠵᠢᠯ ᠢ ᠬᠥᠮᠥᠨ ᠪᠦᠭᠦᠨ ᠬᠢᠬᠦ ᠴᠢᠬᠤᠯᠠᠲᠠᠢ ᠪᠢᠰᠢ᠂ ᠡᠮᠴᠢᠯᠡᠪᠦᠷᠢ ᠳᠡᠭᠡᠷ᠎ᠡ ᠬᠤᠳᠣᠭᠤᠳᠤ ᠭᠡᠳᠡᠰᠦᠨ ᠤ ᠳᠤᠷᠠᠨ ᠰᠢᠨᠵᠢᠯᠡᠭᠡ ᠶᠢᠨ ᠪᠠᠶᠢᠴᠠᠭᠠᠯᠲᠠ ᠬᠢᠬᠦ ᠴᠢᠬᠤᠯᠠᠲᠠᠢ ᠪᠠᠶᠢᠳᠠᠯ ᠢ ᠡᠩ ᠤᠨ ᠪᠠᠶᠢᠳᠠᠯ ᠳᠣᠣᠷ᠎ᠠ ᠭᠤᠷᠪᠠᠨ ᠶᠡᠭᠡ ᠲᠥᠷᠥᠯ ᠳᠤ ᠬᠤᠪᠢᠶᠠᠨ᠎ᠠ᠃ ᠨᠢᠭᠡᠳᠦᠭᠡᠷ ᠲᠥᠷᠥᠯ ᠤᠨ ᠪᠠᠶᠢᠳᠠᠯ ᠪᠣᠯ ᠬᠤᠭᠤᠯᠠ ᠪᠤᠯᠪᠠᠰᠤᠷᠠᠭᠤᠯᠬᠤ ᠰᠠᠮᠰᠢᠭᠤ ᠶᠢᠨ ᠢᠯᠡᠷᠡᠯ᠂ ᠲᠤᠬᠠᠶᠢᠯᠠᠪᠠᠯ ᠤᠷᠲᠤ ᠬᠤᠭᠤᠴᠠᠭ᠎ᠠ ᠪᠠᠷ ᠭᠡᠳᠡᠰᠦ ᠡᠪᠡᠳᠬᠦ᠂ ᠤᠴᠢᠷ ᠰᠢᠯᠲᠠᠭᠠᠨ ᠨᠢ ᠲᠣᠳᠣ ᠦᠭᠡᠢ ᠪᠡᠶ᠎ᠡ ᠶᠢᠨ ᠵᠢᠩ ᠪᠠᠭᠤᠷᠠᠬᠤ᠂ ᠵᠠᠯᠭᠢᠬᠤ ᠳᠤ ᠬᠦᠴᠢᠷᠳᠡᠬᠦ᠂ ᠰᠢᠩᠭᠡᠭᠡᠯᠲᠡ ᠮᠠᠭᠤᠳᠠᠬᠤ ᠂ ᠢᠰᠬᠦᠯᠡᠩ ᠰᠠᠭᠤᠵᠤ ᠵᠢᠷᠦᠬᠡ ᠲᠦᠯᠡᠬᠦ ᠵᠢᠴᠢ ᠪᠠᠭᠠᠰᠤ ᠠᠯᠳᠠᠬᠤ ᠵᠡᠷᠭᠡ᠃ ᠡᠳᠡᠭᠡᠷ ᠢᠯᠡᠷᠡᠯ ᠭᠠᠷᠬᠤ ᠦᠶ᠎ᠡ ᠳᠤ᠂ ᠬᠤᠳᠣᠭᠤᠳᠤ ᠭᠡᠳᠡᠰᠦᠨ ᠤ ᠳᠤᠷᠠᠨ ᠰᠢᠨᠵᠢᠯᠡᠭᠡ ᠶᠢ ᠪᠠᠶᠢᠴᠠᠭᠠᠬᠤ ᠪᠣᠯ ᠣᠨᠣᠰᠢᠯᠠᠯᠲᠠ ᠳᠤ ᠲᠤᠰᠠᠯᠠᠬᠤ ᠴᠢᠬᠤᠯᠠ ᠠᠷᠭ᠎ᠠ ᠪᠠᠷᠢᠯ ᠮᠥᠨ᠃       ᠬᠤᠶᠠᠳᠤᠭᠠᠷ ᠲᠥᠷᠥᠯ ᠤᠨ ᠪᠠᠶᠢᠳᠠᠯ ᠨᠢ 40 ᠨᠠᠰᠤᠨ ᠠᠴᠠ ᠳᠡᠭᠡᠭᠰᠢᠬᠢ ᠬᠥᠮᠥᠰ ᠬᠠᠪᠤᠳᠠᠷ ᠡᠭᠦᠰᠬᠦ ᠨᠣᠷᠮ᠎ᠠ ᠵᠢᠯ ᠳᠠᠷᠠᠭᠠᠯᠠᠨ ᠨᠡᠮᠡᠭᠳᠡᠵᠦ ᠪᠠᠶᠢᠭ᠎ᠠ ᠠᠴᠠ ᠪᠣᠯᠵᠤ᠂ ᠲᠠᠭᠠᠯᠠᠮᠵᠢ ᠦᠭᠡᠢ ᠭᠡᠮ ᠤᠨ ᠪᠠᠶᠢᠳᠠᠯ ᠦᠭᠡᠢ ᠪᠣᠯᠤᠭᠰᠠᠨ ᠦᠭᠡᠢ ᠴᠦ ᠬᠤᠳᠣᠭᠤᠳᠤ ᠭᠡᠳᠡᠰᠦᠨ ᠤ ᠳᠤᠷᠠᠨ ᠢᠶᠠᠷ ᠪᠠᠶᠢᠴᠠᠭᠠᠬᠤ ᠶᠢ ᠰᠠᠨᠠᠭᠤᠯᠤᠶ᠎ᠠ᠂ ᠬᠡᠷᠪᠡ ᠡᠬᠢᠨ ᠤ ᠬᠤᠭᠤᠴᠠᠭ᠎ᠠ ᠶᠢᠨ ᠡᠪᠡᠳᠴᠢᠨ ᠤ ᠬᠤᠪᠢᠷᠠᠯᠲᠠ᠂ ᠵᠢᠱᠢᠶᠡᠯᠡᠪᠡᠯ ᠬᠤᠲᠣᠷᠢᠩᠬᠠᠢ ᠭᠡᠳᠡᠰᠦᠨ ᠤ ᠤᠷ ᠮᠢᠬ᠎ᠠ ᠵᠡᠷᠭᠡ ᠪᠣᠯ ᠡᠷᠲᠡ ᠢᠯᠡᠷᠡᠭᠦᠯᠵᠦ ᠡᠷᠲᠡ ᠢᠯᠡᠷᠡᠭᠦᠯᠵᠦ ᠡᠷᠲᠡᠬᠡᠨ ᠬᠠᠪᠤᠳᠠᠷ ᠡᠭᠦᠰᠬᠦ ᠶᠢ ᠰᠡᠷᠭᠡᠶᠢᠯᠡᠨ ᠵᠠᠰᠠᠬᠤ ᠪᠠ ᠰᠡᠷᠭᠡᠶᠢᠯᠡᠬᠦ ᠦᠢᠯᠡᠳᠦᠯ ᠦᠵᠡᠭᠦᠯᠳᠡᠭ᠃       ᠭᠤᠷᠪᠠᠳᠤᠭᠠᠷ ᠲᠥᠷᠥᠯ ᠤᠨ ᠪᠠᠶᠢᠳᠠᠯ ᠨᠢ ᠭᠡᠪᠡᠯ᠂ ᠬᠤᠳᠣᠭᠤᠳᠤ ᠭᠡᠳᠡᠰᠦᠨ ᠤ ᠬᠠᠪᠤᠳᠠᠷ ᠤᠨ ᠲᠥᠷᠥᠯ ᠤᠭᠰᠠᠭ᠎ᠠ ᠶᠢᠨ ᠲᠡᠦᠬᠡ ᠲᠠᠢ᠂ ᠥᠩᠭᠡᠷᠡᠭᠰᠡᠨ ᠳᠡᠭᠡᠨ ᠬᠤᠲᠣᠷᠢᠩᠬᠠᠢ ᠭᠡᠳᠡᠰᠦᠨ ᠤ ᠤᠷ ᠮᠢᠬ᠎ᠠ ᠶᠢᠨ ᠪᠠᠶᠢᠳᠠᠯ ᠲᠠᠢ ᠪᠤᠶᠤ ᠣᠨᠴᠠᠭᠠᠢ ᠤᠳᠤᠮᠯᠠᠯ ᠤᠨ ᠴᠢᠨᠠᠷ ᠲᠠᠢ ᠤᠷ ᠮᠢᠬ᠎ᠠ ᠶᠢᠨ ᠡᠪᠡᠳᠴᠢᠨ ᠲᠠᠢ ᠬᠥᠮᠥᠨ ᠢ ᠪᠠᠭᠲᠠᠭᠠᠭᠰᠠᠨ ᠠᠶᠤᠯᠲᠤ ᠬᠥᠮᠥᠰ ᠡᠮᠴᠢᠯᠡᠭᠡᠨ ᠤ ᠠᠵᠢᠯᠯᠠᠭ᠎ᠠ ᠳᠡᠭᠡᠷ᠎ᠡ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠬᠤᠳᠣᠭᠤᠳᠤ ᠭᠡᠳᠡᠰᠦᠨ ᠤ ᠳᠤᠷᠠᠨ ᠪᠠᠶᠢᠴᠠᠭᠠᠨ ᠲᠣᠳᠣᠯᠬᠤ ᠬᠡᠷᠡᠭᠲᠡᠢ᠃       ᠬᠤᠳᠣᠭᠤᠳᠤ ᠭᠡᠳᠡᠰᠦᠨ ᠤ ᠳᠤᠷᠠᠨ ᠰᠢᠨᠵᠢᠯᠡᠭᠡᠨ ᠳᠤ ᠡᠪᠡᠳᠴᠢᠨ ᠤ ᠥᠭᠡᠷᠡᠴᠢᠯᠡᠯᠲᠡ ᠭᠠᠷᠤᠭᠰᠠᠨ ᠦᠶ᠎ᠡ ᠳᠤ ᠠᠮᠢᠳᠤ ᠪᠠᠷ ᠨᠢ ᠰᠢᠯᠭᠠᠨ ᠪᠠᠶᠢᠴᠠᠭᠠᠬᠤ ᠶᠢ ᠱᠠᠭᠠᠷᠳᠠᠵᠤ ᠡᠪᠡᠳᠴᠢᠨ ᠤ ᠰᠢᠨᠵᠢ ᠴᠢᠨᠠᠷ ᠢ ᠨᠢ ᠲᠣᠳᠣᠷᠬᠠᠶᠢᠯᠠᠬᠤ ᠬᠡᠷᠡᠭᠲᠡᠢ ᠭᠡᠵᠦ ᠮᠡᠷᠭᠡᠵᠢᠯᠲᠡᠨ ᠨᠦᠭᠦᠳ ᠰᠠᠨᠠᠭᠤᠯᠵᠤ ᠪᠠᠶᠢᠨ᠎ᠠ᠃ ᠬᠤᠳᠣᠭᠤᠳᠤ ᠭᠡᠳᠡᠰᠦᠨ ᠤ ᠤᠷ ᠮᠢᠬ᠎ᠠ ᠶᠢᠨ ᠢᠯᠡᠷᠡᠯ᠂ ᠶᠡᠷᠦ ᠳᠡᠭᠡᠨ ᠣᠭᠲᠣᠯᠵᠤ ᠠᠪᠬᠤ ᠴᠢᠬᠤᠯᠠ ᠲᠠᠢ᠃ ᠠᠮᠢᠳᠤ ᠡᠪᠡᠳᠴᠢᠨ ᠤ ᠵᠦᠢ ᠶᠢᠨ ᠦᠷ᠎ᠡ ᠳ᠋ᠦᠩ ᠢ ᠦᠨᠳᠦᠰᠦᠯᠡᠨ ᠤᠯᠠᠮ ᠰᠢᠢᠳᠪᠦᠷᠢᠯᠡᠬᠦ ᠪᠠ ᠳᠠᠭᠢᠨ ᠪᠠᠶᠢᠴᠠᠭᠠᠬᠤ ᠴᠠᠭ ᠬᠤᠭᠤᠴᠠᠭ᠎ᠠ ᠶᠢ ᠲᠣᠭᠲᠠᠭᠠᠨ᠎ᠠ᠃ ᠬᠡᠰᠡᠭ ᠤᠷ ᠮᠢᠬ᠎ᠠ᠂ ᠵᠢᠱᠢᠶᠡᠯᠡᠪᠡᠯ ᠪᠤᠯᠴᠢᠷᠬᠠᠶᠢᠲᠤ ᠤᠷ ᠵᠡᠷᠭᠡ ᠤᠷ ᠮᠢᠬ᠎ᠠ ᠨᠢ ᠲᠣᠭᠲᠠᠭᠰᠠᠨ ᠬᠡᠮᠵᠢᠶᠡᠨ ᠤ ᠳᠠᠭᠢᠨ ᠡᠭᠦᠰᠬᠦ ᠠᠶᠤᠯ ᠲᠦᠭᠰᠢᠭᠦᠷᠢ ᠲᠠᠢ᠂ ᠪᠣᠳᠠᠲᠠᠢ ᠰᠢᠯᠲᠠᠭᠠᠨ ᠨᠢ ᠬᠤᠪᠢ ᠬᠥᠮᠥᠨ ᠤ ᠪᠠᠶᠢᠳᠠᠯ᠂ ᠢᠳᠡᠭᠡᠨ ᠤᠮᠳᠠᠭᠠᠨ ᠤ ᠳᠠᠳᠬᠠᠯ ᠵᠡᠷᠭᠡ ᠲᠠᠢ ᠬᠤᠯᠪᠤᠭ᠎ᠠ ᠲᠠᠢ ᠪᠣᠯᠬᠤᠷ ᠲᠣᠭᠲᠠᠭᠰᠠᠨ ᠬᠤᠭᠤᠴᠠᠭ᠎ᠠ ᠲᠠᠢ ᠪᠠᠷ ᠳᠠᠭᠢᠨ ᠪᠠᠶᠢᠴᠠᠭᠠᠵᠤ ᠪᠣᠯᠣᠨ᠎ᠠ᠃      
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号