ᠤᠨᠲᠠᠵᠤ ᠰᠡᠷᠡᠭᠰᠡᠨ ᠤ ᠳᠠᠷᠠᠭ᠎ᠠ᠂ ᠡᠨᠡ ᠳᠥᠷᠪᠡᠨ ᠮᠠᠭᠤ ᠳᠠᠳᠬᠠᠯ ᠢᠶᠠᠨ ᠵᠠᠪᠠᠯ ᠬᠠᠯᠠᠬᠤ ᠬᠡᠷᠡᠭᠲᠡᠢ︕
ᠨᠡᠶᠢᠲᠡᠯᠡᠭᠰᠡᠨ ᠴᠠᠭ᠄
2025/3/24
                   ᠤᠨᠲᠠᠵᠤ ᠰᠡᠷᠡᠮᠡᠭᠴᠡ ᠪᠠᠷᠢᠨ ᠳᠣᠣᠷ᠎ᠠ ᠪᠠᠨ ᠣᠷᠣ ᠠᠴᠠ ᠪᠠᠨ ᠪᠠᠭᠤᠬᠤ          ᠬᠡᠷᠪᠡ ᠤᠨᠲᠠᠵᠤ ᠰᠡᠷᠡᠮᠡᠭᠴᠡ ᠪᠠᠷᠢᠨ ᠳᠣᠣᠷ᠎ᠠ ᠪᠠᠨ ᠣᠷᠣ ᠠᠴᠠ ᠪᠠᠨ ᠪᠠᠭᠤᠪᠠᠯ᠂ ᠶᠡᠭᠡ ᠲᠠᠷᠢᠬᠢᠨ ᠤ ᠴᠢᠰᠤᠨ ᠤ ᠬᠠᠩᠭᠠᠯᠲᠠ ᠬᠦᠷᠦᠯᠴᠡᠬᠦ ᠦᠭᠡᠢ ᠪᠣᠯᠵᠤ᠂ ᠰᠠ ᠡᠪᠡᠳᠴᠢᠨ᠂ ᠭᠡᠨᠡᠳᠲᠡ ᠦᠬᠦᠬᠦ ᠵᠡᠷᠭᠡ ᠭᠡᠨᠡᠳᠲᠡ ᠶᠢᠨ ᠡ᠊ᠨᠳᠡᠯ ᠠᠮᠠᠷᠬᠠᠨ ᠭᠠᠷᠴᠤ ᠮᠡᠳᠡᠨ᠎ᠡ᠃          ᠰᠠᠨᠠᠭᠤᠯᠤᠮᠵᠢ᠄ ᠰᠠᠶ᠋ᠢ ᠰᠡᠷᠡᠮᠡᠭᠴᠡ᠂ ᠣᠷᠣ ᠳᠡᠭᠡᠷ᠎ᠡ ᠪᠠᠨ 30 ᠰᠧᠺᠦ᠋ᠨ᠋ᠳ᠋ ᠬᠡᠪᠲᠡᠵᠦ᠂ ᠪᠣᠰᠣᠭᠰᠠᠨ ᠤ ᠳᠠᠷᠠᠭ᠎ᠠ 30 ᠰᠧᠺᠦ᠋ᠨ᠋ᠳ᠋ ᠰᠠᠭᠤᠵᠤ᠂ ᠲᠠᠷᠠᠭ᠎ᠠ ᠨᠢ ᠣᠷᠣ ᠶᠢᠨ ᠭᠦᠪᠡᠭᠡ ᠳᠡᠭᠡᠷ᠎ᠡ ᠪᠠᠨ 30 ᠰᠧᠺᠦ᠋ᠨ᠋ᠳ᠋ ᠰᠠᠭᠤᠭᠰᠠᠨ ᠤ ᠬᠤᠶᠢᠨ᠎ᠠ ᠰᠠᠶ᠋ᠢ ᠪᠣᠰᠴᠤ ᠶᠠᠪᠤᠨ᠎ᠠ᠃           ᠪᠣᠰᠣᠭᠰᠠᠨ ᠤ ᠳᠠᠷᠠᠭ᠎ᠠ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ          ᠵᠠᠷᠢᠮ ᠬᠥᠮᠥᠨ ᠥᠷᠯᠥᠭᠡ ᠪᠣᠰᠣᠭᠰᠠᠨ ᠤ ᠳᠠᠷᠠᠭ᠎ᠠ᠂ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ ᠳᠤᠷᠠᠲᠠᠢ ᠪᠠᠶᠢᠳᠠᠭ ᠪᠥᠭᠡᠳ ᠡᠨᠡ ᠨᠢ ᠭᠠᠳᠠᠭᠠᠯᠠᠬᠤ᠂ ᠬᠤᠣᠷ ᠢ ᠭᠠᠳᠠᠭᠰᠢᠯᠠᠭᠤᠯᠬᠤ ᠳᠤ ᠲᠤᠰᠠᠲᠠᠢ ᠭᠡᠵᠦ ᠦᠵᠡᠳᠡᠭ᠂ ᠦᠨᠡᠨ ᠳᠡᠭᠡᠨ ᠢᠩᠭᠢᠵᠦ ᠬᠢᠬᠦ ᠨᠢ ᠪᠤᠷᠤᠭᠤ ᠶᠤᠮ᠃          ᠰᠠᠨᠠᠭᠤᠯᠤᠮᠵᠢ᠄ ᠥᠷᠯᠥᠭᠡ ᠪᠣᠰᠣᠭᠰᠠᠨ ᠤ ᠳᠠᠷᠠᠭ᠎ᠠ ᠨᠢᠭᠡ ᠴᠣᠮᠣ ᠪᠤᠴᠠᠯᠤᠭᠰᠠᠨ ᠤᠰᠤ ᠤᠤᠭᠤᠬᠤ ᠪᠣᠯ ᠬᠠᠮᠤᠭ ᠤᠨ ᠰᠠᠶᠢᠨ ᠰᠣᠩᠭᠤᠯᠲᠠ ᠮᠥᠨ᠃ ᠤᠰᠤ ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠤᠤᠭᠤᠬᠤ ᠬᠡᠷᠡᠭᠲᠡᠢ᠂ ᠨᠢᠭᠡ ᠯᠡ ᠳᠡᠭᠡᠷ᠎ᠡ ᠳᠡᠩᠳᠡᠭᠦᠦ ᠠᠷᠪᠢᠨ ᠤᠤᠭᠤᠵᠤ ᠪᠤᠯᠬᠤ ᠦᠭᠡᠢ᠂ ᠤᠤᠭᠤᠬᠤ ᠤᠰᠤᠨ ᠤ ᠬᠡᠮᠵᠢᠶ᠎ᠡ ᠶᠢ 100 ᠮᠢᠯᠢᠯᠢᠲᠷ ᠠᠴᠠ ᠬᠡᠲᠦᠷᠡᠭᠦᠯᠵᠦ ᠪᠤᠯᠬᠤ ᠦᠭᠡᠢ᠃          ᠭᠠᠳᠠᠭᠠᠯᠠᠬᠤ ᠳᠠᠭᠠᠨ ᠰᠡᠳᠬᠢᠯ ᠲᠠᠯᠪᠢᠬᠤ ᠦᠭᠡᠢ᠂ ᠬᠡᠲᠦᠷᠬᠡᠢ ᠤᠳᠠᠭᠠᠨ ᠰᠠᠭᠤᠬᠤ          ᠥᠷᠯᠥᠭᠡ ᠪᠣᠰᠣᠭᠰᠠᠨ ᠤ ᠳᠠᠷᠠᠭ᠎ᠠ ᠪᠦᠳᠦᠭᠦᠨ ᠭᠡᠳᠡᠰᠦᠨ ᠤ ᠬᠥᠳᠡᠯᠭᠡᠭᠡᠨ ᠨᠡᠯᠢᠶᠡᠳ ᠬᠥᠭᠵᠢᠶᠡᠨ ᠲᠠᠢ ᠪᠠᠶᠢᠳᠠᠭ᠂ᠴᠥᠭᠡᠨ ᠪᠤᠰᠤ ᠬᠥᠮᠥᠨ ᠡᠨᠡ ᠦᠶ᠎ᠡ ᠳᠤ ᠭᠠᠳᠠᠭᠠᠯᠠᠳᠠᠭ᠂ ᠢᠩᠭᠢᠵᠦ ᠬᠢᠬᠦ ᠨᠢ ᠵᠥᠪ ᠶᠤᠮ᠃ ᠭᠡᠪᠡᠴᠦ ᠵᠠᠷᠢᠮ ᠬᠥᠮᠥᠨ ᠭᠠᠳᠠᠭᠠᠯᠠᠬᠤ ᠳᠠᠭᠠᠨ ᠭᠠᠷ ᠤᠲᠠᠰᠤ ᠨᠠᠭᠠᠳᠴᠤ᠂ ᠵᠣᠷᠯᠣᠩ ᠳᠤ ᠬᠠᠭᠠᠰ ᠴᠠᠭ ᠢᠶᠠᠷ ᠰᠠᠭᠤᠳᠠᠭ᠂ ᠢᠩᠭᠢᠪᠡᠯ ᠱᠠᠮᠪᠠᠷᠠᠮ ᠣᠯᠵᠤ ᠮᠡᠳᠡᠨ᠎ᠡ᠃ ᠲᠠᠭᠢᠪᠠᠯ ᠭᠠᠳᠠᠭᠠᠯᠠᠬᠤ ᠳᠠᠭᠠᠨ ᠬᠡᠲᠦᠷᠬᠡᠢ ᠬᠦᠴᠦᠯᠡᠵᠦ ᠪᠤᠯᠬᠤ ᠦᠭᠡᠢ᠂ ᠬᠡᠲᠦᠷᠬᠡᠢ ᠬᠦᠴᠦᠯᠡᠪᠡᠯ ᠭᠡᠨᠡᠳᠲᠡ ᠦᠬᠦᠬᠦ᠂ ᠲᠠᠷᠢᠬᠢᠨ ᠤ ᠴᠢᠰᠤᠨ ᠰᠤᠳᠠᠯ ᠳᠡᠯᠪᠡᠷᠡᠬᠦ ᠵᠡᠷᠭᠡ ᠭᠡᠨᠡᠳᠲᠡ ᠶᠢᠨ ᠡ᠊ᠨᠳᠡᠯ ᠭᠠᠷᠴᠤ ᠮᠡᠳᠡᠨ᠎ᠡ          ᠴᠠᠭ ᠲᠠᠭᠠᠨ ᠥᠷᠯᠥᠭᠡᠨ ᠤ ᠬᠤᠭᠤᠯᠠ ᠪᠠᠨ ᠢᠳᠡᠳᠡᠭ ᠦᠭᠡᠢ          ᠥᠷᠯᠥᠭᠡ ᠬᠤᠭᠤᠯᠠ ᠢᠳᠡᠬᠦ ᠦᠭᠡᠢ ᠪᠤᠶᠤ ᠨᠡᠯᠢᠶᠡᠳ ᠣᠷᠣᠢ ᠥᠷᠯᠥᠭᠡ ᠶᠢᠨ ᠬᠤᠭᠤᠯᠠ ᠪᠠᠨ ᠢᠳᠡᠬᠦ ᠨᠢ ᠬᠤᠳᠣᠭᠤᠳᠤᠨ ᠡᠪᠡᠳᠴᠢᠨ᠂ ᠰᠥᠰᠥᠨ ᠤ ᠴᠢᠯᠠᠭᠤᠰᠢᠷᠠᠯ ᠤᠨ ᠲᠦᠭᠰᠢᠭᠦᠷᠢ ᠶᠢ ᠨᠡᠮᠡᠭᠳᠡᠭᠦᠯᠳᠡᠭ ᠪᠥᠭᠡᠳ ᠪᠠᠰᠠ ᠮᠠᠷᠢᠶᠠᠯᠠᠬᠤ ᠪᠠ ᠲᠠᠨᠢᠨ ᠮᠡᠳᠡᠬᠦᠢ ᠶᠢᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ 9᠄ 00 ᠴᠠᠭ ᠠᠴᠠ ᠰᠡᠭᠦᠯᠡᠷ ᠥᠷᠯᠥᠭᠡ ᠶᠢᠨ ᠬᠤᠭᠤᠯᠠ ᠢᠳᠡᠵᠦ᠂ 21᠄ 00 ᠴᠠᠭ ᠠᠴᠠ ᠰᠡᠭᠦᠯᠡᠷ ᠣᠷᠣᠢ ᠶᠢᠨ ᠬᠤᠭᠤᠯᠠ ᠢᠳᠡᠬᠦ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠡᠩ ᠥᠨᠳᠥᠷ ᠲᠦᠭᠰᠢᠭᠦᠷᠢ ᠶᠢ ᠠᠪᠴᠢᠷᠠᠵᠤ ᠮᠡᠳᠡᠨ᠎ᠡ᠂ 2 ᠭᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠨᠤᠷᠮ᠎ᠠ ᠨᠢ 59%᠎ ᠠᠴᠠ ᠥᠨᠳᠥᠷ ᠪᠠᠶᠢᠳᠠᠭ᠃ ᠰᠠᠨᠠᠭᠤᠯᠤᠮᠵᠢ᠄ ᠥᠷᠯᠥᠭᠡ ᠶᠢᠨ ᠬᠤᠭᠤᠯᠨ ᠪᠠᠨ 7᠄ 00 ᠴᠠᠭ ᠠᠴᠠ 8᠄ 00 ᠴᠠᠭ ᠤᠨ ᠬᠤᠭᠤᠷᠣᠨᠳᠤ ᠢᠳᠡᠪᠡᠯ ᠲᠣᠬᠢᠷᠠᠮᠵᠢᠲᠠᠢ ᠶᠤᠮ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号