ᠨᠠᠮ ᠤᠨ ᠬᠤᠷᠢᠶ᠎ᠠ
ᠨᠡᠶᠢᠲᠡᠯᠡᠭᠰᠡᠨ ᠴᠠᠭ᠄
2025/3/24
       ᠠᠯᠠᠱᠠ ᠬᠤᠰᠢᠭᠤ ᠨᠠᠶᠢᠷᠠᠮᠳᠠᠯ ᠢᠶᠠᠷ ᠴᠢᠯᠤᠭᠡᠯᠡᠭᠳᠡᠭᠰᠡᠨ ᠤ ᠳᠠᠷᠠᠭ᠎ᠠ᠂ 1949 ᠤᠨ ᠤ 12 ᠰᠠᠷ᠎ᠠ ᠳᠤ ᠬᠠᠮᠤᠭ ᠠᠩᠬᠠᠨ ᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠬᠦᠷ ᠪᠠᠶᠢᠭᠤᠯᠤᠭᠳᠠᠵᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠢᠩᠰᠢᠶᠠ ᠮᠤᠵᠢ ᠶᠢᠨ ᠬᠤᠷᠢᠶ᠎ᠠ ᠳᠤ ᠬᠠᠷᠢᠶᠠᠯᠠᠭᠳᠠᠵᠤ᠂ 9 ᠨᠠᠮ ᠤᠨ ᠭᠡᠰᠢᠬᠦᠨ  ᠲᠠᠢ ᠪᠠᠶᠢᠭᠰᠠᠨ ᠪᠠᠶᠢᠨ᠎ᠠ᠃ 1950 ᠤᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠬᠤᠰᠢᠭᠤᠨ ᠤ ᠠᠵᠢᠯ ᠤᠨ ᠵᠦᠪᠯᠠᠯ ᠪᠠᠶᠢᠭᠤᠯᠤᠭᠳᠠᠵᠤ᠂ ᠪᠠᠷᠠᠭᠤᠨ ᠬᠤᠶᠢᠳᠤ ᠶᠢᠨ ᠴᠡᠷᠢᠭ ᠵᠠᠰᠠᠭ ᠤᠨ ᠵᠦᠪᠯᠠᠯ ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠢᠩᠰᠢᠶᠠ ᠮᠤᠵᠢ ᠶᠢᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ ᠠᠵᠢᠯ ᠢᠶᠠᠨ ᠦᠷᠨᠢᠬᠦᠯᠵᠤ᠂ 1953 ᠤᠨ ᠪᠤᠯᠬᠤ ᠳᠤ ᠪᠦᠬᠦ ᠬᠤᠰᠢᠭᠤᠨ ᠳᠤ 73 ᠨᠠᠮ ᠤᠨ ᠭᠡᠰᠢᠬᠦᠨ  ᠲᠠᠢ᠂ 9 ᠨᠠᠮ ᠤᠨ ᠡᠬᠦᠷ ᠲᠠᠢ ᠪᠤᠯᠵᠡᠢ᠃ 1956 ᠤᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠬᠤᠰᠢᠭᠤᠨ ᠤ ᠠᠵᠢᠯ ᠤᠨ ᠵᠦᠪᠯᠠᠯ ᠠᠴᠠ ᠮᠠᠯᠵᠢᠬᠤ ᠤᠷᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠠᠵᠢᠯ ᠢ ᠠᠳᠬᠤᠵᠤ ᠨᠠᠶᠢᠳᠠᠪᠤᠷᠢᠵᠢᠭᠤᠯᠤᠭᠰᠠᠨ ᠢᠶᠠᠷ ᠵᠢᠯ ᠤᠨ ᠡᠴᠤᠰ ᠪᠤᠯᠬᠤ ᠳᠤ ᠰᠢᠨ᠎ᠡ ᠪᠠᠷ 119 ᠨᠠᠮ ᠤᠨ ᠭᠡᠰᠢᠬᠦᠨ ᠡᠯᠰᠡᠵᠤ᠂ ᠡᠬᠦᠨ ᠤ ᠳᠤᠳᠤᠷ᠎ᠠ ᠮᠠᠯᠴᠢᠨ ᠨᠠᠮ ᠤᠨ ᠭᠡᠰᠢᠬᠦᠨ 37 ᠪᠠᠶᠢᠪᠠ᠃ 1957 ᠤᠨ ᠤ 5 ᠰᠠᠷ᠎ᠠ ᠪᠤᠯᠬᠤ ᠳᠤ ᠪᠦᠬᠦ ᠬᠤᠰᠢᠭᠤᠨ ᠳᠤ 27  ᠨᠠᠮ ᠤᠨ ᠬᠤᠷᠢᠶ᠎ᠠ᠂ 1 ᠨᠠᠮ ᠤᠨ ᠶᠡᠷᠤᠩᠭᠡᠢ ᠡᠬᠦᠷ᠂ 36 ᠨᠠᠮ ᠤᠨ ᠡᠬᠦᠷ ᠲᠠᠢ ᠪᠤᠯᠵᠤ᠂ 470 ᠨᠠᠮ ᠤᠨ ᠭᠡᠰᠢᠬᠦᠨ ᠪᠠᠶᠢᠵᠤ᠂ ᠪᠦᠬᠦ ᠬᠤᠰᠢᠭᠤᠨ ᠳᠤ ᠨᠠᠮ ᠤᠨ ᠵᠤᠭᠢᠶᠠᠨ ᠪᠠᠶᠢᠭᠤᠯᠤᠯᠳᠠ ᠶᠢᠨ ᠳᠤᠤᠷ ᠰᠦᠯᠵᠢᠶ᠎ᠡ ᠶᠢ ᠪᠦᠷᠢᠯᠳᠤᠬᠦᠯᠤᠭ᠍ᠰᠡᠨ ᠪᠠᠶᠢᠨ᠎ᠠ᠃         1961ᠤᠨ ᠤ 4 ᠰᠠᠷ᠎ᠠ ᠳᠤ ᠠᠯᠠᠱᠠ ᠬᠤᠰᠢᠭᠤ ᠶᠢ ᠵᠡᠬᠦᠨ᠂ ᠪᠠᠷᠠᠭᠤᠨ ᠬᠤᠶᠠᠷ ᠬᠤᠰᠢᠭᠤ ᠪᠤᠯᠭᠠᠨ ᠬᠤᠪᠢᠶᠠᠭᠰᠠᠨ ᠤ ᠳᠠᠷᠠᠭ᠎ᠠ᠂ ᠠᠯᠠᠱᠠ ᠵᠡᠬᠦᠨ ᠬᠤᠰᠢᠭᠤᠨ ᠳᠤ ᠨᠠᠮ ᠤᠨ ᠭᠡᠰᠢᠬᠦᠨ 1068 ᠨᠡᠷ᠎ᠡ᠂ ᠨᠠᠮ ᠤᠨ ᠡᠬᠦᠷ 115᠂ ᠨᠠᠮ ᠤᠨ ᠶᠡᠷᠤᠩᠭᠡᠢ ᠡᠬᠦᠷ 1᠂ ᠨᠠᠮ ᠤᠨ ᠬᠤᠷᠢᠶ᠎ᠠ 11 ᠪᠠᠶᠢᠵᠡᠢ᠃ 1964 ᠤᠨ ᠤ ᠡᠴᠤᠰ ᠪᠤᠯᠬᠤ ᠳᠤ ᠪᠦᠬᠦ ᠬᠤᠰᠢᠭᠤᠨ ᠳᠤ ᠦᠨᠳᠤᠰᠤᠨ ᠱᠠᠳᠤᠨ ᠤ ᠨᠠᠮ ᠤᠨ ᠬᠤᠷᠢᠶ᠎ᠠ 25᠂ ᠨᠠᠮ ᠤᠨ ᠡᠬᠦᠷ 160 ᠪᠤᠯᠵᠤ᠂ ᠨᠠᠮ ᠤᠨ ᠭᠡᠰᠢᠬᠦᠨ 1351 ᠪᠤᠯᠤᠨ ᠬᠦᠭᠵᠢᠵᠡᠢ᠃ ︽ᠰᠤᠶᠤᠯ ᠤᠨ ᠶᠡᠭᠡ ᠬᠤᠪᠢᠰᠬᠠᠯ︾ ᠤᠨ ᠳᠤᠮᠳᠠ ᠬᠤᠪᠢᠰᠬᠠᠯ ᠤᠨ ᠵᠦᠪᠯᠠᠯ ᠢᠶᠠᠷ ᠨᠠᠮ ᠤᠨ ᠬᠤᠷᠢᠶ᠎ᠠ ᠶᠢ ᠤᠷᠤᠯᠠᠭᠤᠯᠤᠭᠰᠠᠨ ᠢᠶᠠᠷ ᠡᠯ᠎ᠡ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠠᠵᠢᠯ ᠵᠤᠭᠰᠤᠩᠭᠤᠶᠢᠷᠠᠭᠰᠠᠨ ᠪᠠᠶᠢᠨ᠎ᠠ᠃     1972 ᠤᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠢ ᠰᠡᠷᠬᠦᠭᠡᠭᠰᠡᠨ ᠢᠶᠠᠷ ᠪᠦᠬᠦ ᠬᠤᠰᠢᠭᠤᠨ ᠤ ᠦᠨᠳᠤᠰᠤᠨ ᠱᠠᠳᠤᠨ ᠤ ᠨᠠᠮ ᠤᠨ ᠬᠤᠷᠢᠶ᠎ᠠ 32᠂ ᠨᠠᠮ ᠤᠨ ᠶᠡᠷᠤᠩᠭᠡᠢ ᠡᠬᠦᠷ 4᠂ ᠨᠠᠮ ᠤᠨ ᠡᠬᠦᠷ 150 ᠪᠠᠶᠢᠵᠤ᠂ ᠨᠠᠮ ᠤᠨ ᠭᠡᠰᠢᠬᠦᠨ 2250 ᠨᠡᠷ᠎ᠡ ᠪᠠᠶᠢᠵᠡᠢ᠃ 1978 ᠤᠨ ᠪᠤᠯᠬᠤ ᠳᠤ ᠪᠦᠬᠦ ᠬᠤᠰᠢᠭᠤᠨ ᠳᠤ 3351 ᠨᠠᠮ ᠭᠡᠰᠢᠬᠦᠨ ᠲᠠᠢ ᠪᠤᠯᠵᠤ᠂ 1984 ᠤᠨ ᠪᠤᠯᠬᠤ ᠳᠤ ᠪᠦᠬᠦ ᠬᠤᠰᠢᠭᠤᠨ ᠳᠤ 3269 ᠨᠡᠷ᠎ᠡ ᠨᠠᠮ ᠤᠨ ᠭᠡᠰᠢᠬᠦᠨ ᠲᠠᠢ ᠪᠤᠯᠵᠤ᠂ ᠡᠬᠦᠨ ᠳᠤ ᠳᠡᠭᠡᠳᠤ ᠳᠤᠮᠳᠠᠳᠤ ᠶᠢᠨ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 425 ᠨᠡᠷ᠎ᠡ ᠪᠠᠶᠢᠵᠤ᠂ 13% ᠶᠢ ᠡᠵᠡᠯᠡᠵᠤ᠂ ᠶᠡᠭᠡ ᠰᠤᠷᠭᠠᠭᠤᠯᠢ ᠶᠢᠨ ᠳᠤᠰᠬᠠᠢ ᠮᠡᠷᠭᠡᠵᠢᠯ ᠠᠴᠠ ᠳᠡᠭᠡᠭᠰᠢᠭᠢ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 189 ᠨᠡᠷ᠎ᠡ ᠪᠠᠶᠢᠵᠤ᠂ 5% ᠡᠵᠡᠯᠡᠨ᠎ᠡ᠃ 1990 ᠤᠨ ᠳᠤ ᠪᠦᠬᠦ ᠬᠤᠰᠢᠭᠤᠨ ᠤ ᠨᠠᠮ ᠤᠨ ᠭᠡᠰᠢᠬᠦᠨ 3835 ᠪᠠᠶᠢᠵᠤ ᠂ ᠡᠬᠦᠨ ᠳᠤ ᠠᠩᠬ᠎ᠠ ᠳᠤᠮᠳᠠᠳᠤ ᠳᠡᠭᠡᠳᠤ ᠳᠤᠮᠳᠠᠳᠤ ᠶᠢᠨ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 1309 ᠨᠡᠷ᠎ᠡ ᠪᠠᠶᠢᠵᠤ᠂ 34% ᠶᠢ ᠡᠵᠡᠯᠡᠵᠤ᠂ ᠶᠡᠭᠡ ᠰᠤᠷᠭᠠᠭᠤᠯᠢ ᠶᠢᠨ ᠳᠤᠰᠬᠠᠢ ᠮᠡᠷᠭᠡᠵᠢᠯ ᠠᠴᠠ ᠳᠡᠭᠡᠭᠰᠢᠭᠢ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 940 ᠨᠡᠷ᠎ᠡ ᠪᠠᠶᠢᠵᠤ᠂ 24.5% ᠶᠢ ᠡᠵᠡᠯᠡᠵᠤ᠂ ᠡᠮᠡᠭᠳᠡᠢ ᠨᠠᠮ ᠤᠨ ᠭᠡᠰᠢᠬᠦᠨ 747 ᠨᠡᠷ᠎ᠡ ᠪᠠᠶᠢᠵᠤ᠂ 19.5% ᠶᠢ ᠡᠵᠡᠯᠡᠵᠤ᠂ ᠴᠦᠭᠡᠨ ᠳᠤᠭᠠᠳᠤ ᠦᠨᠳᠤᠰᠤᠳᠡᠨ ᠤ ᠨᠠᠮ ᠤᠨ ᠭᠡᠰᠢᠬᠦᠨ 1520 ᠨᠡᠷ᠎ᠡ ᠪᠠᠶᠢᠵᠤ᠂ 40% ᠶᠢ ᠡᠵᠡᠯᠡᠨ᠎ᠡ᠃ 1999 ᠤᠨ ᠤ ᠡᠴᠤᠰ ᠪᠤᠯᠬᠤ ᠳᠤ ᠨᠠᠮ ᠤᠨ ᠬᠤᠷᠢᠶ᠎ᠠ 33᠂ ᠨᠠᠮ ᠤᠨ ᠶᠡᠷᠤᠩᠭᠡᠢ ᠡᠬᠦᠷ 14᠂ ᠨᠠᠮ ᠤᠨ ᠡᠬᠦᠷ 478 ᠪᠠᠶᠢᠵᠤ᠂ ᠨᠠᠮ ᠤᠨ ᠭᠡᠰᠢᠬᠦᠨ 6050 ᠨᠡᠷ᠎ᠡ ᠪᠤᠯᠵᠤ᠂ ᠡᠬᠦᠨ ᠳᠤ ᠶᠡᠭᠡ ᠰᠤᠷᠭᠠᠭᠤᠯᠢ ᠶᠢᠨ ᠳᠤᠰᠬᠠᠢ ᠮᠡᠷᠭᠡᠵᠢᠯ ᠠᠴᠠ ᠳᠡᠭᠡᠭᠰᠢᠭᠢ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 1150 ᠨᠡᠷ᠎ᠡ ᠪᠠᠶᠢᠵᠤ᠂ 19% ᠶᠢ ᠡᠵᠡᠯᠡᠵᠤ᠂ ᠡᠮᠡᠭᠳᠡᠢ ᠨᠠᠮ ᠤᠨ ᠭᠡᠰᠢᠬᠦᠨ 555 ᠨᠡᠷ᠎ᠡ ᠪᠠᠶᠢᠵᠤ᠂ 26% ᠶᠢ ᠡᠵᠡᠯᠡᠵᠤ᠂ ᠴᠦᠭᠡᠨ ᠳᠤᠭᠠᠳᠤ ᠦᠨᠳᠤᠰᠤᠳᠡᠨ ᠤ ᠨᠠᠮ ᠤᠨ ᠭᠡᠰᠢᠬᠦᠨ 2272 ᠨᠡᠷ᠎ᠡ ᠪᠠᠶᠢᠵᠤ᠂ 38% ᠶᠢ ᠡᠵᠡᠯᠡᠨ᠎ᠡ᠃ 2012 ᠤᠨ ᠪᠣᠯᠬᠤ ᠳᠤ 8497 ᠨᠡᠷ᠎ᠡ ᠨᠠᠮ ᠤᠨ ᠭᠡᠰᠢᠬᠦᠨ ᠲᠠᠢ ᠪᠤᠯᠵᠤ᠂ ᠡᠬᠦᠨ ᠳᠤ ᠡᠮᠡᠭᠳᠡᠢ ᠨᠠᠮ ᠤᠨ ᠭᠡᠰᠢᠬᠦᠨ 2772 ᠨᠡᠷ᠎ᠡ᠂ ᠴᠦᠭᠡᠨ ᠳᠤᠭᠠᠳᠤ ᠦᠨᠳᠤᠰᠤᠳᠡᠨ ᠤ ᠨᠠᠮ ᠤᠨ ᠭᠡᠰᠢᠬᠦᠨ 3171 ᠨᠡᠷ᠎ᠡ᠂ ᠠᠩᠬ᠎ᠠ ᠳᠤᠮᠳᠠᠳᠤ ᠪᠤᠶᠤ ᠳᠡᠬᠦᠨ ᠠᠴᠠ ᠳᠤᠷᠤᠭᠰᠢ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ᠂ 2540 ᠨᠡᠷ᠎ᠡ᠂ ᠶᠡᠭᠡ ᠰᠤᠷᠭᠠᠭᠤᠯᠢ ᠶᠢᠨ ᠳᠤᠰᠬᠠᠢ ᠮᠡᠷᠭᠡᠵᠢᠯ ᠠᠴᠠ ᠳᠡᠭᠡᠭᠰᠢᠭᠢ ᠰᠤᠶᠤᠯ ᠤᠨ ᠭᠡᠮᠵᠢᠶ᠎ᠠ ᠲᠠᠢ ᠨᠠᠮ ᠤᠨ ᠭᠡᠰᠢᠬᠦᠨ 3993 ᠨᠡᠷ᠎ᠡ᠂ ᠮᠠᠯᠴᠢᠨ ᠳᠠᠷᠢᠶᠠᠴᠢᠨ ᠨᠠᠮ ᠤᠨ ᠭᠡᠰᠢᠬᠦᠨ 2246 ᠨᠡᠷ᠎ᠡ ᠪᠤᠢ᠃       1958 ᠤᠨ ᠤ 5 ᠰᠠᠷ᠎ᠠ ᠶᠢᠨ 27 ᠤ ᠡᠳᠤᠷ ᠠᠴᠠ 30 ᠤ ᠡᠳᠤᠷ ᠪᠤᠯᠳᠠᠯ᠎ᠠ ᠠᠩᠬᠠᠳᠤᠭᠠᠷ ᠤᠳᠠᠭᠠᠨ ᠤ ᠨᠠᠮ ᠤᠨ ᠭᠡᠰᠢᠬᠦᠨ ᠤ ᠳᠦᠯᠤᠭᠡᠯᠡᠭᠴᠢᠳ ᠤᠨ ᠶᠡᠭᠡ ᠬᠤᠷᠠᠯ ᠢ ᠭᠢᠭᠰᠡᠨ ᠠᠴᠠ ᠨᠠᠰᠢ ᠡᠳᠤᠭᠡ ᠪᠤᠯᠳᠠᠯ᠎ᠠ ᠠᠷᠪᠠᠨ ᠬᠤᠶᠠᠷ ᠤᠳᠠᠭᠠᠨ ᠤ ᠨᠠᠮ ᠤᠨ ᠳᠦᠯᠤᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ 1950 ᠤᠨ ᠳᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠬᠤᠰᠢᠭᠤᠨ ᠤ ᠠᠵᠢᠯ ᠤᠨ ᠵᠦᠪᠯᠠᠯ ᠪᠠᠶᠢᠭᠤᠯᠤᠭᠳᠠᠭᠰᠠᠨ ᠠᠴᠠ ᠡᠳᠤᠭᠡ ᠪᠤᠯᠳᠠᠯᠠᠭᠢ ᠳᠡᠤᠭᠡᠨ ᠶᠠᠪᠤᠴᠠ ᠳᠤ ᠼᠤᠤ ᠳ᠋ᠦᠩ ᡁᠢ ︵ᠭᠢᠳᠡᠳ︶᠂ ᠯᠢ ᠵᠢᠶᠠᠨ ︵ᠭᠢᠳᠡᠳ︶᠂ ᠷᠠᠰᠢᠰᠠᠩᠪᠤ ︵ᠮᠤᠩᠭᠤᠯ︶᠂ ᠹᠦᠵᠤᠷᠠᠢ ︵ᠮᠤᠩᠭᠤᠯ︶᠂ ᠴᠢᠶᠤᠤ ᠬᠦᠢ ᠵᠠᠩ ︵ᠭᠢᠳᠡᠳ︶᠂ ᠰᠤᠳᠪᠠᠵᠠᠮᠰᠤ ︵ᠮᠤᠩᠭᠤᠯ︶᠂ ᠯᠾᠠᠮᠤᠰᠦ᠋ᠷᠤᠩ ︵ᠮᠤᠩᠭᠤᠯ︶᠂ ᠸᠠᠩ ᠮᠢᠩ ᠯᠢᠶᠠᠩ ︵ᠭᠢᠳᠡᠳ︶᠂ ᠳᠦᠪ ︵ᠮᠤᠩᠭᠤᠯ︶᠂ ᠰᠢᠯᠢᠨ ︵ᠮᠤᠩᠭᠤᠯ︶᠂ ᠤᠯᠠᠮᠰᠡᠶᠢᠨ ︵ᠮᠤᠩᠭᠤᠯ︶᠂ ᠶᠠᠩ ᠴᠢᠩ ᠬᠦᠢ ︵ᠭᠢᠳᠡᠳ︶᠂ ᠳᠠᠯᠠᠢ ︵ᠮᠤᠩᠭᠤᠯ︶᠂ ᠸᠠᠩ ᠳ᠋ᠧᠩ ᠱᠠᠨ ︵ᠬᠤᠳᠤᠩ︶᠂ ᠯᠢᠤ ᠸᠧᠨ ︵ᠭᠢᠳᠡᠳ︶᠂ ᠱᠦᠢ ᠢᠤᠢ ᠵᠢᠶᠠᠩ ︵ᠭᠢᠳᠡᠳ︶᠂ ᠯᠦᠸᠧ ᡁᠢ ᠬᠤ᠋ ︵ᠮᠤᠩᠭᠤᠯ︶᠂ ᠵᠠᠩ ᠺᠤᠸᠠᠨ ᡁᠢ ︵ᠭᠢᠳᠡᠳ︶᠂ ᠴᠠᠰᠤᠳᠠᠢ ︵ᠮᠤᠩᠭᠤᠯ︶᠂ ᠫᠧᠩ ᠵᠢᠶᠠ ᠵᠦᠩ ︵ᠭᠢᠳᠡᠳ︶᠂ ᠡᠤ ᠵᠦᠩ ᠶᠡᠨ ︵ᠭᠢᠳᠡᠳ︶᠂ ᠶᠤᠤ ᠽᠧ ᠶᠤᠸᠠᠨ ︵ᠭᠢᠳᠡᠳ︶᠂ ᠸᠠᠩ ᠸᠠᠩ ᠱᠧᠩ ︵ᠮᠤᠩᠭᠤᠯ︶ ᠵᠡᠷᠭᠡ ᠬᠦᠮᠤᠰ ᠤᠷᠢᠳ ᠬᠤᠵᠢᠳ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠵᠡᠬᠦᠨ ᠬᠤᠰᠢᠭᠤᠨ ᠤ ᠬᠤᠷᠢᠶ᠎ᠠ ︵ᠠᠵᠢᠯ ᠤᠨ ᠵᠦᠪᠯᠠᠯ︶ ᠶᠢᠨ ᠱᠦᠵᠢ ᠶᠢᠨ ᠳᠤᠰᠢᠶᠠᠯ ᠢ ᠡᠬᠦᠷᠭᠡᠯᠡᠭᠰᠡᠨ ᠪᠤᠶᠤ ᠡᠬᠦᠷᠭᠡᠯᠡᠵᠤ ᠪᠠᠶᠢᠨ᠎ᠠ᠃        ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶ᠎ᠠ ᠳᠤ ᠠᠩᠬ᠎ᠠ ᠨᠠᠷᠢᠨ ᠪᠢᠴᠢᠭᠡᠴᠢ ᠶᠢᠨ ᠳᠠᠰᠤᠭ᠂ ᠵᠤᠭᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠳᠡᠰ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ ᠬᠤᠯᠪᠤᠭ᠎ᠠ᠂ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠤᠮᠵᠢ ᠲᠠᠢ ᠪᠠᠶᠢᠭᠰᠠᠨ ᠪᠤᠯ᠂ 2012 ᠤᠨ ᠤ ᠡᠴᠤᠰ ᠲᠤ ᠠᠯᠪᠠᠨ ᠭᠡᠷ ︵ᠨᠢᠭᠤᠴᠠ ᠶᠢ ᠬᠠᠮᠠᠭᠠᠯᠠᠬᠤ ᠳᠤᠪᠴᠢᠶ᠎ᠠ᠂  ᠳᠠᠩᠰᠠ ᠡᠪᠭᠡᠮᠡᠯ ᠳᠡᠤᠭᠡ ᠦᠢᠯᠠᠯᠭ᠎ᠠ ᠶᠢᠨ ᠳᠤᠪᠴᠢᠶ᠎ᠠ᠂ ᠬᠦᠯᠢᠶᠡᠨ ᠵᠤᠴᠢᠯᠠᠬᠤ ᠠᠯᠪᠠᠨ ᠭᠡᠷ ᠪᠠᠭᠳᠠᠨ᠎ᠠ︶᠂ ᠵᠤᠭᠢᠶᠠᠨ ᠪᠠᠶᠢᠭᠤᠯᠬᠤ ᠭᠡᠯᠳᠡᠰ ︵ᠠᠬᠠᠮᠠᠳ ᠺᠠᠳ᠋ᠷᠴᠤᠳ ᠤᠨ ᠳᠤᠪᠴᠢᠶ᠎ᠠ ᠪᠠᠭᠳᠠᠨ᠎ᠠ︶᠂ ᠤᠬᠠᠭᠤᠯᠬᠤ ᠭᠡᠯᠳᠡᠰ᠂ ᠨᠢᠭᠡᠳᠤᠮᠠᠯ ᠹᠷᠤᠨᠲ ᠤᠨ ᠭᠡᠯᠳᠡᠰ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶ᠎ᠠ᠂ ᠪᠠᠶᠢᠭᠤᠯᠤᠮᠵᠢ ᠶᠢᠨ ᠤᠷᠤᠨ ᠳᠤᠭ᠎ᠠ ᠶᠢᠨ ᠵᠦᠪᠯᠠᠯ ᠤᠨ ᠠᠯᠪᠠᠨ ᠭᠡᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠵᠡᠬᠦᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠦᠳᠡᠭᠡ ᠳᠤᠰᠬᠤᠨ ᠮᠠᠯᠵᠢᠬᠤ ᠤᠷᠤᠨ ᠤ ᠠᠵᠢᠯ ᠤᠨ ᠭᠡᠯᠳᠡᠰ ᠵᠡᠷᠭᠡ ᠠᠵᠢᠯ ᠤᠨ ᠪᠠᠶᠢᠭᠤᠯᠤᠮᠵᠢ ᠲᠠᠢ ᠪᠤᠯᠵᠡᠢ᠃
 
ᠢᠷᠡᠯᠲᠡ᠄ ᠠᠯᠠᠱᠠ ᠵᠡᠬᠦᠨ ᠬᠤᠰᠢᠭᠤᠨ ᠤ ᠳᠡᠤᠭᠡ ᠰᠤᠶᠤᠯ ᠤᠨ ᠳᠦᠢᠮᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号