| ● ᠬᠤᠩ ᠮᠧᠢ ᠯᠢᠦ ᠴᠢ | | | | 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠬᠠᠮ ᠲᠠᠷᠢᠶᠠᠯᠠᠩ ᠤᠨ | ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠣᠯᠠᠨ ᠠᠷᠭ᠎ᠠ ᠵᠠᠮ ᠢᠶᠠᠷ ᠢᠳᠡᠭᠡᠨ ᠤ ᠢᠷᠡᠯᠲᠡ ᠶᠢ | ᠥᠷᠭᠡᠳᠬᠡᠨ᠎ᠡ︾ ᠭᠡᠵᠦ ᠳᠤᠷᠠᠳᠴᠠᠢ᠃ ᠬᠠᠮ ᠢᠳᠡᠭᠡᠨ ᠤ ᠦᠵᠡᠯᠲᠡ ᠨᠢ ᠢᠳᠡᠭᠡᠨ ᠤ ᠦᠢᠯᠡᠳᠪᠦᠷᠢᠯᠡᠯ ᠤᠨ ᠤᠯᠠᠨ | ᠡᠰᠢᠵᠢᠯᠲᠡ ᠪᠠ ᠢᠳᠡᠭᠡᠨ ᠤ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠶᠢ ᠴᠢᠬᠤᠯᠠᠴᠢᠯᠠᠵᠤ᠂ ᠲᠠᠷᠢᠶᠠᠨ | ᠭᠠᠵᠠᠷ ᠤᠨ ᠡᠬᠢ ᠪᠠᠶᠠᠯᠢᠭ ᠠᠴᠠ ᠪᠦᠭᠦᠶᠢᠯᠡ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠲᠡᠶᠢᠰᠢ | ᠥᠷᠭᠡᠳᠬᠡᠬᠦ᠂ ᠤᠯᠠᠮᠵᠢᠯᠠᠯᠲᠤ ᠲᠠᠷᠢᠮᠠᠯ ᠪᠠ ᠮᠠᠯ ᠵᠢᠭᠦᠷᠲᠡᠨ ᠤ ᠡᠬᠢ ᠪᠠᠶᠠᠯᠢᠭ ᠠᠴᠠ ᠨᠡᠩ ᠡᠯᠪᠡᠭ ᠪᠠᠶᠠᠯᠢᠭ ᠠᠮᠢᠳᠤ | ᠪᠣᠳᠠᠰ ᠤᠨ ᠡᠬᠢ ᠪᠠᠶᠠᠯᠢᠭ ᠲᠡᠶᠢᠰᠢ ᠥᠷᠭᠡᠳᠬᠡᠬᠦ ᠶᠢ ᠰᠠᠨᠠᠭᠠᠴᠢᠯᠠᠵᠠᠢ᠃ ᠡᠨᠡ ᠬᠦ ᠦᠵᠡᠯᠲᠡ ᠶᠢ ᠳᠤᠷᠠᠳᠤᠭᠰᠠᠨ ᠨᠢ | ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠳᠤ ᠰᠢᠨ᠎ᠡ ᠰᠡᠳᠬᠢᠴᠡ ᠪᠠ ᠴᠢᠭᠯᠡᠯ ᠢ ᠬᠠᠩᠭᠠᠪᠠ᠃ | ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠳᠣᠬᠢ ᠪᠠᠶᠢᠳᠠᠯ | ᠥᠪᠥᠷ ᠮᠣᠩᠭᠤᠯ ᠪᠣᠯ ᠳᠤᠮᠳᠠᠳᠤ ᠤᠯᠤᠰ ᠤᠨ ᠮᠠᠯ ᠠᠵᠤ ᠠᠬᠤᠢ ᠲᠠᠷᠢᠶᠠᠯᠠᠩ ᠤᠨ ᠭᠤᠣᠯ ᠣᠷᠣᠨ | ᠪᠤᠯᠬᠤ ᠪᠥᠭᠡᠳ ᠡᠯᠪᠡᠭ ᠳᠡᠯᠪᠡᠭ ᠲᠠᠷᠢᠶᠠᠨ ᠭᠠᠵᠠᠷ ᠪᠣᠯᠣᠨ ᠨᠤᠲᠤᠭ ᠪᠡᠯᠴᠢᠭᠡᠷ ᠤᠨ ᠡᠬᠢ ᠪᠠᠶᠠᠯᠢᠭ ᠲᠠᠢ ᠶᠤᠮ᠃ | ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠲᠠᠪᠤᠨ ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ | ᠳᠡᠭᠡᠭᠰᠢ ᠪᠠᠶᠢᠬᠤ ᠶᠢ ᠪᠠᠲᠤᠯᠠᠵᠠᠢ᠃ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠲᠦᠷᠭᠡᠳᠴᠦ᠂ ᠮᠠᠯ | ᠤᠨ ᠲᠤᠭ᠎ᠠ ᠲᠣᠯᠣᠭᠠᠢ 7000 ᠲᠦᠮᠡ ᠶᠢ ᠳᠠᠪᠠᠵᠤ᠂ ᠬᠤᠨᠢᠨ ᠮᠢᠬ᠎ᠠ᠂ ᠦᠬᠡᠷ ᠤᠨ ᠮᠢᠬ᠎ᠠ᠂ ᠦᠨᠢᠶᠡᠨ ᠰᠦ᠂ | ᠢᠮᠠᠭᠠᠨ ᠨᠣᠣᠯᠣᠭᠤᠷ ᠵᠡᠷᠭᠡ ᠶᠢᠨ ᠭᠠᠷᠤᠯᠲᠠ ᠴᠥᠮ ᠪᠦᠭᠦ ᠤᠯᠤᠰ ᠤᠨ ᠲᠡᠷᠢᠭᠦᠨ ᠳᠤ ᠣᠷᠣᠪᠠ᠃ ᠶᠡᠭᠡ ᠬᠢᠩᠭᠠᠨ | ᠳᠠᠪᠠᠭ᠎ᠠ ᠶᠢᠨ ᠰᠢᠭᠤᠶᠢᠲᠤ ᠣᠷᠣᠨ᠂ ᠪᠣᠷᠣᠳᠣᠬᠤᠢ ᠶᠢᠨ ᠲᠠᠯ᠎ᠠ ᠭᠠᠵᠠᠷ᠂ ᠲᠦᠮᠡᠳ ᠤᠨ ᠲᠠᠯ᠎ᠠ ᠭᠠᠵᠠᠷ ᠵᠡᠷᠭᠡ | ᠭᠠᠵᠠᠷ ᠣᠷᠣᠨ ᠳᠤ ᠮᠠᠰᠢ ᠣᠯᠠᠨ ᠲᠣᠮᠣ ᠭᠡᠯᠪᠡᠷᠢ ᠶᠢᠨ ᠲᠠᠸᠠᠷ ᠤᠨ ᠠᠮᠤ ᠶᠢᠨ ᠦᠢᠯᠡᠳᠪᠦᠷᠢᠯᠡᠯ ᠤᠨ ᠰᠠᠭᠤᠷᠢᠨ ᠢ | ᠪᠠᠶᠢᠭᠤᠯᠪᠠ᠃ | ᠥᠪᠥᠷ ᠮᠣᠩᠭᠤᠯ ᠲᠠᠷᠢᠶᠠᠯᠠᠩ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ | ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ ᠵᠢᠱᠢᠶᠡᠯᠡᠪᠡᠯ ︽ᠥᠪᠥᠷ ᠮᠣᠩᠭᠤᠯ ᠤᠨ | ᠲᠣᠭᠠᠴᠢᠯᠠᠭᠰᠠᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ | ᠲᠥᠯᠦᠪᠵᠢᠭᠦᠯᠭᠡ ︵2023 -2025︶︾ ᠳᠤ ᠲᠣᠭᠠᠴᠢᠯᠠᠭᠰᠠᠨ ᠭᠡᠯᠪᠡᠷᠢ ᠪᠠᠨ ᠬᠤᠪᠢᠷᠠᠭᠤᠯᠬᠤ ᠬᠠᠷᠠᠯᠲᠠ ᠪᠠ | ᠠᠷᠭ᠎ᠠ ᠵᠠᠮ ᠢ ᠲᠣᠳᠣᠷᠬᠠᠶᠢᠯᠠᠪᠠ᠃ ᠣᠶᠤᠨᠲᠤ ᠮᠠᠯ ᠠᠵᠤ ᠠᠬᠤᠢ ᠲᠠᠷᠢᠶᠠᠯᠠᠩ᠂ ᠪᠦᠭᠦ ᠠᠵᠤ ᠦᠢᠯᠡᠰ ᠤᠨ ᠬᠡᠯᠬᠢᠶ᠎ᠡ | ᠶᠢᠨ ᠲᠣᠭᠠᠴᠢᠯᠠᠯᠲᠠ᠂ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠮᠠᠯ ᠠᠵᠤ | ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠦᠢᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠵᠦ ᠪᠠᠶᠢᠨ᠎ᠠ᠃ | ᠥᠪᠥᠷ ᠮᠣᠩᠭᠤᠯ ᠤᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ | ᠰᠢᠯᠢᠳᠡᠭᠵᠢᠵᠦ ᠠᠮᠤ ᠪᠤᠳᠠᠭᠠᠨ ᠤ ᠦᠢᠯᠡᠳᠪᠦᠷᠢᠯᠡᠯ ᠢᠶᠠᠷ ᠰᠠᠭᠤᠷᠢ ᠪᠤᠯᠭᠠᠵᠦ᠂ ᠮᠠᠯ ᠠᠵᠤ ᠠᠬᠤᠢ ᠪᠠᠷ | ᠤᠳᠤᠷᠢᠳᠤᠮᠵᠢ ᠪᠤᠯᠭᠠᠵᠦ᠂ ᠣᠨᠴᠠᠯᠢᠭᠲᠤ ᠲᠠᠷᠢᠶᠠᠯᠠᠩ ᠢᠶᠠᠷ ᠨᠥᠬᠦᠪᠦᠷᠢ ᠪᠤᠯᠭᠠᠬᠰᠠᠨ ᠣᠯᠠᠨ ᠡᠰᠢᠵᠢᠭᠰᠡᠨ | ᠪᠠᠶᠢᠷᠢᠰᠢᠯ ᠢ ᠪᠤᠶ ᠪᠤᠯᠭᠠᠬᠰᠠᠨ ᠪᠠᠶᠢᠨ᠎ᠠ᠃ 2023 ᠣᠨ ᠳᠤ ᠪᠦᠭᠦ ᠣᠷᠣᠨ ᠤ ᠠᠮᠤ ᠪᠤᠳᠠᠭᠠᠨ ᠤ ᠶᠡᠷᠦᠩᠬᠡᠢ | ᠤᠨᠠᠯᠲᠠ 3957.8 ᠳ᠋ᠦᠩᠰᠢᠭᠤᠷ ᠲᠣᠨ ᠳᠤ ᠬᠦᠷᠴᠦ᠂ ᠪᠦᠭᠦ ᠤᠯᠤᠰ ᠲᠤ ᠵᠢᠷᠭᠤᠳᠤᠭᠠᠷ ᠲᠤ ᠵᠢᠬᠰᠠᠭᠠᠬᠳᠠᠪᠠ; | ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 285.4 ᠲᠦᠮᠡᠨ ᠲᠣᠨ ᠳᠤ ᠭᠦᠷᠴᠡᠶ;ᠦᠨᠢᠶᠡᠨ ᠰᠦ | ᠶᠢᠨ ᠭᠠᠷᠤᠯᠲᠠ 792.6 ᠲᠦᠮᠡᠨ ᠲᠣᠨ ᠳᠤ ᠭᠦᠷᠴᠠᠢ;ᠣᠨᠴᠠᠯᠢᠭᠲᠤ ᠲᠠᠷᠢᠶᠠᠯᠠᠩ ᠤᠨ ᠲᠠᠯ᠎ᠠ ᠪᠠᠷ᠂ ᠡᠯᠳᠡᠪ | ᠠᠮᠤ᠂ ᠰᠢᠬᠢᠷ ᠯᠤᠤᠪᠠᠩ᠂ ᠬᠢᠲᠠᠳ ᠡᠮ ᠤᠨ ᠮᠠᠲ᠋ᠧᠷᠢᠶᠠᠯ ᠵᠡᠷᠭᠡ ᠠᠵᠤ ᠦᠢᠯᠡᠰ ᠲᠦᠷᠭᠡᠨ ᠬᠥᠭᠵᠢᠵᠦ ᠪᠠᠶᠢᠨ᠎ᠠ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ | ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠥᠪᠡᠷᠲᠡᠭᠡᠨ ᠵᠠᠰᠠᠬᠤ | ᠣᠷᠣᠨ ᠠᠴᠠ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠤᠨ | ᠨᠡᠭᠡᠭᠡᠯᠲᠡ ᠪᠠ ᠬᠡᠷᠡᠭᠯᠡᠯᠲᠡ ᠶᠢ ᠴᠢᠩᠭᠠᠳᠬᠠᠵᠤ᠂ 8 ᠠᠵᠤ ᠠᠬᠤᠶᠢᠯᠠᠯ ᠤᠯᠤᠰ ᠤᠨ ᠭᠤᠣᠯᠳᠠᠯᠭ᠎ᠠ ᠲᠠᠢ ᠲᠤᠷᠰᠢᠯᠲᠠ | ᠶᠢᠨ ᠲᠠᠰᠤᠭ ᠢ ᠡᠭᠦᠳᠦᠨ ᠪᠠᠶᠢᠭᠤᠯᠵᠤ᠂ 810 ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠪᠠ᠃ ᠡᠭᠦᠨ ᠤ | ᠬᠠᠮᠲᠤ ᠥᠪᠥᠷ ᠮᠣᠩᠭᠤᠯ ᠪᠠᠰᠠ ᠣᠶᠤᠨᠴᠢ ᠬᠢᠨᠠᠨ ᠬᠡᠮᠵᠢᠯᠲᠡ᠂ ᠠᠦ᠋ᠲ᠋ᠣᠴᠢᠯᠠᠭᠰᠠᠨ ᠡᠵᠡᠮᠳᠡᠯ ᠵᠡᠷᠭᠡ ᠣᠲᠣ ᠦᠶ᠎ᠡ | ᠶᠢᠨ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠣᠶᠤᠨᠴᠢᠯᠠᠭᠰᠠᠨ | ᠲᠦᠪᠰᠢᠨ ᠢ ᠳᠡᠭᠡᠭᠰᠢᠯᠡᠭᠦᠯᠵᠦ ᠪᠠᠶᠢᠨ᠎ᠠ᠃ | ᠥᠪᠥᠷ ᠮᠣᠩᠭᠤᠯ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠲᠠᠷᠢᠶᠠᠯᠠᠩ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ ᠪᠤᠶ᠃ 2023 ᠣᠨ ᠳᠤ | ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 91.2% ᠲᠤ ᠬᠦᠷᠴᠦ᠂ ᠮᠠᠯ ᠵᠢᠭᠦᠷᠲᠡᠨ ᠤ | ᠢᠯᠭᠠᠳᠠᠰᠤ ᠶᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 82% ᠲᠤ ᠭᠦᠷᠪᠡ᠃ ᠡᠭᠦᠨ ᠤ ᠬᠠᠮᠲᠤ᠂ ᠥᠪᠥᠷ | ᠮᠣᠩᠭᠤᠯ ᠪᠠᠰᠠ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠤᠨ ᠵᠠᠰᠠᠯᠲᠠ ᠶᠢ ᠴᠢᠩᠭᠠᠳᠬᠠᠵᠤ᠂ ᠪᠣᠷᠳᠣᠭᠤᠷ ᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠵᠡᠷᠭᠡ ᠮᠡᠷᠭᠡᠵᠢᠯ ᠤᠨ | ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ | ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠨ᠎ᠠ᠃ | ᠬᠥᠭᠵᠢᠯᠲᠡ ᠳᠤ ᠲᠤᠯᠭᠠᠷᠠᠵᠤ ᠪᠦᠬᠦᠢ ᠥᠷᠢᠰᠦᠯᠳᠦᠭᠡᠨ | ᠠᠮᠢ ᠠᠬᠤᠢ ᠬᠡᠪᠡᠷᠡᠭ ᠴᠢᠨᠠᠷ ᠲᠠᠢ᠃ ᠭᠠᠵᠠᠷ ᠰᠢᠷᠣᠢ ᠡᠯᠡᠰᠦᠷᠬᠡᠭᠵᠢᠭᠰᠡᠨ ᠵᠢᠴᠢ ᠲᠠᠯ᠎ᠠ ᠨᠤᠲᠤᠭ ᠤᠨ | ᠠᠮᠢ ᠠᠬᠤᠢ ᠮᠠᠭᠤᠳᠠᠭᠰᠠᠨ ᠨᠢ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠢᠶᠠᠷ ᠪᠠᠷᠠᠬᠤ ᠦᠭᠡᠢ ᠪᠠᠰᠠ | ᠭᠠᠵᠠᠷ ᠰᠢᠷᠣᠢ ᠶᠢᠨ ᠦᠢᠯᠡᠳᠪᠦᠷᠢᠯᠡᠯ ᠤᠨ ᠬᠦᠴᠦᠨ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠥᠯᠥᠭᠡᠯᠡᠵᠡᠢ᠃ | ᠣᠳᠣᠬᠠᠨ ᠤ ᠮᠠᠯᠵᠢᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠷᠭᠦᠯᠵᠢᠯᠡᠬᠦ | ᠬᠥᠭᠵᠢᠯᠲᠡ ᠶᠢᠨ ᠱᠠᠭᠠᠷᠳᠠᠯᠭ᠎ᠠ ᠳᠣᠣᠷ᠎ᠠ ᠠᠮᠢ ᠠᠬᠤᠢ ᠶᠢ ᠬᠠᠮᠠᠭᠠᠯᠠᠬᠤ ᠪᠣᠯ ᠬᠤᠷᠢᠭ᠎ᠠ ᠱᠤᠭᠤᠮ ᠮᠥᠨ᠂ ᠡᠨᠡ ᠨᠢ | ᠮᠠᠯᠵᠢᠬᠤ ᠣᠷᠣᠨ ᠤ ᠠᠮᠢ ᠠᠬᠤᠢ ᠶᠢᠨ ᠰᠡᠷᠭᠦᠯᠲᠡ ᠪᠠ ᠪᠦᠲᠦᠭᠡᠨ ᠪᠠᠶᠢᠭᠤᠯᠤᠯᠲᠠ ᠳᠤ ᠶᠡᠭᠡ ᠬᠡᠮᠵᠢᠶᠡᠨ ᠤ ᠪᠡᠯᠡ | ᠮᠥᠩᠭᠦ ᠬᠡᠷᠡᠭᠰᠡᠬᠦ ᠴᠢᠬᠤᠯᠠᠲᠠᠢ᠃ ᠠᠵᠤ ᠠᠬᠤᠢ ᠶᠢᠨ ᠬᠥᠭᠵᠢᠯᠲᠡ ᠳᠤᠮᠳᠠ ᠠᠮᠢ ᠠᠬᠤᠢ ᠶᠢᠨ ᠬᠢᠵᠠᠭᠠᠷ ᠱᠤᠭᠤᠮ ᠢ | ᠲᠣᠳᠣᠷᠬᠠᠢ ᠢᠯᠭᠠᠨ ᠲᠠᠨᠢᠵᠤ᠂ ᠮᠠᠯᠵᠢᠬᠤ ᠣᠷᠣᠨ ᠣᠬᠤᠷ ᠬᠤᠭᠤᠴᠠᠭᠠᠨ ᠳᠤ ᠨᠡᠩ ᠪᠤᠳᠤᠯᠢᠶᠠᠨᠲᠠᠢ ᠰᠢᠰᠲ᠋ᠧᠮᠳᠣ | ᠴᠢᠨᠠᠷᠲᠠᠢ ᠠᠰᠠᠭᠤᠳᠠᠯ ᠳᠤ ᠲᠤᠯᠭᠠᠷᠠᠭᠰᠠᠨ ᠪᠠᠶᠢᠨ᠎ᠠ᠃ | ᠠᠵᠤ ᠦᠢᠯᠡᠰ ᠤᠨ ᠪᠦᠲᠦᠴᠡ ᠳᠠᠩ ᠴᠤᠯᠭᠤᠢ᠂ ᠲᠦᠭᠰᠢᠭᠦᠷᠢ ᠶᠢ ᠳᠠᠭᠠᠭᠠᠬᠤ ᠴᠢᠳᠠᠪᠤᠷᠢ ᠪᠠᠭᠤᠷᠠᠢ᠃ | ᠣᠶᠢᠷ᠎ᠠ ᠶᠢᠨ ᠵᠢᠯ ᠳᠤ ᠥᠪᠥᠷ ᠮᠣᠩᠭᠤᠯ ᠬᠡᠳᠦᠶᠢᠪᠡᠷ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠣᠯᠠᠨ | ᠡᠰᠢᠵᠢᠨ ᠬᠥᠭᠵᠢᠬᠦ ᠶᠢ ᠠᠬᠢᠭᠤᠯᠬᠤ ᠲᠠᠯ᠎ᠠ ᠪᠠᠷ ᠡᠳᠦᠢ ᠲᠡᠳᠦᠢ ᠴᠢᠷᠮᠠᠶᠢᠯᠭ᠎ᠠ ᠭᠠᠷᠭᠠᠭᠰᠠᠨ ᠪᠤᠯᠪᠠᠴᠤ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠬᠥᠭᠵᠢᠯᠲᠡ ᠮᠥᠨ ᠬᠦ ᠬᠦᠷᠦᠯᠴᠡᠬᠦ ᠦᠭᠡᠢ ᠪᠠᠶᠢᠵᠤ᠂ ᠮᠠᠯᠵᠢᠬᠤ ᠲᠠᠷᠢᠶᠠᠯᠠᠬᠤ | ᠣᠷᠣᠨ ᠤ ᠠᠵᠤ ᠠᠬᠤᠢ ᠮᠥᠨ ᠬᠦ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ ᠢᠶᠠᠷ ᠭᠤᠣᠯ ᠪᠤᠯᠭᠠᠵᠤ᠂ ᠠᠵᠤ | ᠦᠢᠯᠡᠰ ᠤᠨ ᠪᠦᠲᠦᠴᠡ ᠨᠡᠯᠢᠶᠡᠳ ᠲᠠᠩ ᠴᠤᠯᠭᠤᠢ ᠪᠠᠶᠢᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ | ᠰᠡᠯᠡᠭᠦᠴᠡᠯ ᠤᠨ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠵᠡᠷᠭᠡ ᠰᠢᠨ᠎ᠡ ᠪᠠᠷ ᠪᠤᠶ | ᠪᠣᠯᠤᠭᠰᠠᠨ ᠠᠵᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ | ᠠᠬᠤᠢ ᠶᠢ ᠳᠠᠶᠢᠴᠢᠯᠠᠬᠤ ᠦᠢᠯᠡᠳᠦᠯ ᠨᠢ ᠬᠢᠵᠠᠭᠠᠷ ᠲᠠᠢ ᠪᠠᠶᠢᠨ᠎ᠠ᠃ ᠡᠨᠡ ᠬᠦ ᠳᠠᠩ ᠭᠠᠭᠴᠠ ᠠᠵᠤ ᠦᠢᠯᠡᠰ ᠤᠨ | ᠪᠦᠲᠦᠴᠡ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢ ᠵᠠᠬ᠎ᠠ ᠳᠡᠯᠭᠡᠭᠦᠷ ᠤᠨ | ᠬᠡᠯᠪᠡᠯᠵᠡᠯ᠂ ᠪᠠᠶᠢᠭᠠᠯᠢ ᠶᠢᠨ ᠭᠠᠮᠰᠢᠭ ᠵᠡᠷᠭᠡ ᠬᠦᠴᠦᠨ ᠵᠦᠢᠯ ᠳᠤ ᠭᠢᠯᠪᠠᠷᠬᠠᠨ ᠨᠥᠯᠥᠭᠡᠯᠡᠭᠳᠡᠬᠦ ᠪᠤᠯᠭᠠᠵᠦ᠂ | ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠡᠯᠢᠶᠡᠳ ᠪᠠᠭᠤᠷᠠᠢ ᠪᠣᠯᠭᠠᠪᠠ᠃ | ᠴᠢᠳᠠᠪᠤᠷᠢᠲᠠᠨ ᠳᠤᠲᠠᠮᠠᠭ᠃ ᠥᠪᠥᠷ ᠮᠣᠩᠭᠤᠯ ᠤᠨ ᠲᠠᠷᠢᠶᠠᠯᠠᠩ ᠳᠤ ᠳᠠᠷᠢᠬᠤ ᠲᠡᠵᠢᠭᠡᠨ ᠦᠷᠡᠵᠢᠭᠦᠯᠬᠦ | ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠤ ᠨᠠᠰᠤ ᠨᠢ ᠨᠡᠯᠢᠶᠡᠳ ᠶᠡᠭᠡ᠂ ᠰᠤᠷᠭᠠᠨ ᠬᠥᠮᠦᠵᠢᠯ ᠭᠥᠷᠳᠡᠭᠰᠡᠨ | ᠬᠡᠮᠵᠢᠶ᠎ᠡ ᠨᠢ ᠳᠣᠣᠷ᠎ᠠ᠂ ᠦᠵᠡᠯᠲᠡ ᠪᠠ ᠲᠤᠷᠰᠢᠯᠭ᠎ᠠ ᠨᠢ ᠬᠠᠭᠤᠴᠢᠷᠠᠵᠤ᠂ ᠰᠢᠨ᠎ᠡ ᠮᠡᠷᠭᠡᠵᠢᠯ ᠢ ᠭᠥᠯᠢᠶᠡᠨ ᠠᠪᠬᠤ | ᠴᠢᠳᠠᠪᠤᠷᠢ ᠨᠢ ᠬᠢᠵᠠᠭᠠᠷ ᠲᠠᠢ ᠪᠠᠶᠢᠳᠠᠭ᠃ ᠥᠪᠥᠷ ᠮᠣᠩᠭᠤᠯ ᠤᠨ ᠬᠥᠳᠡᠭᠡ ᠲᠣᠰᠬᠤᠨ ᠳᠤ ᠬᠦᠨᠳᠦ ᠨᠣᠴᠢᠲᠠᠢ | ᠲᠤᠲᠠᠭᠳᠠᠵᠤ ᠪᠠᠶᠢᠭ᠎ᠠ ᠴᠢᠳᠠᠪᠤᠷᠢᠲᠠᠨ ᠤ ᠡᠬᠢ ᠪᠠᠶᠠᠯᠢᠭ ᠭᠡᠪᠡᠯ᠂ ᠨᠢᠭᠡ ᠳᠤ᠂ ᠮᠠᠯ ᠠᠵᠤ ᠠᠬᠤᠢ ᠲᠠᠷᠢᠶᠠᠯᠠᠩ ᠤᠨ | ᠡᠭᠦᠯᠳᠡᠷ ᠢ ᠰᠠᠶᠢᠵᠢᠷᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠪᠡᠰᠦ ᠪᠣᠷᠳᠣᠭᠠᠨ ᠤ ᠭᠠᠵᠠᠷ ᠤᠨ | ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠤᠨ ᠮᠠᠰᠢᠨᠴᠢᠯᠠᠯᠲᠠ ᠵᠡᠷᠭᠡ ᠠᠵᠤ ᠦᠢᠯᠡᠰ ᠤᠨ | ᠮᠡᠷᠭᠡᠵᠢᠯ ᠤᠨ ᠴᠢᠳᠠᠪᠤᠷᠢᠲᠠᠨ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠢ | ᠡᠳ᠋ᠰᠢᠭᠦᠯᠬᠦ ᠵᠡᠷᠭᠡ ᠬᠦᠷᠢᠶᠡᠨ ᠳᠠᠬᠢ ᠴᠢᠳᠠᠪᠤᠷᠢᠲᠠᠨ ᠲᠤᠲᠠᠭᠳᠠᠵᠤ ᠪᠠᠶᠢᠨ᠎ᠠ᠃ ᠬᠤᠶᠠᠷ ᠲᠤ᠂ ᠡᠵᠡᠩᠨᠡᠯᠲᠡ | ᠬᠠᠮᠢᠶᠠᠷᠤᠯᠲᠠ ᠶᠢᠨ ᠴᠢᠳᠠᠪᠤᠷᠢᠲᠠᠨ᠂ ᠬᠥᠳᠡᠭᠡ ᠲᠣᠰᠬᠤᠨ ᠢ ᠬᠠᠶᠢᠷᠠᠯᠠᠬᠤ᠂ ᠡᠵᠡᠩᠨᠡᠯᠲᠡ ᠳᠡᠭᠡᠨ ᠴᠢᠳᠠᠮᠠᠭᠠᠢ᠂ | ᠬᠠᠮᠢᠶᠠᠷᠤᠯᠲᠠ ᠶᠢ ᠮᠡᠳᠡᠬᠦ ᠡᠵᠡᠩᠨᠡᠯᠲᠡ ᠶᠢᠨ ᠴᠢᠳᠠᠪᠤᠷᠢᠲᠠᠨ ᠪᠣᠯᠣᠨ ᠳᠠᠭᠠᠭᠤᠯᠤᠭᠴᠢ ᠬᠦᠷᠦᠯᠴᠡᠬᠦ ᠦᠭᠡᠢ ᠪᠠᠶᠢᠨ᠎ᠠ᠃ | ᠭᠤᠷᠪᠠ ᠳᠤ᠂ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠂ ᠮᠠᠯᠵᠢᠬᠤ ᠲᠠᠷᠢᠶᠠᠯᠠᠬᠤ ᠣᠷᠣᠨ ᠳᠤ ᠶᠡᠭᠡ ᠬᠡᠮᠵᠢᠶᠡᠨ ᠤ | ᠡᠵᠡᠩᠨᠡᠨ ᠪᠣᠷᠣᠯᠠᠭᠤᠯᠬᠤ ᠴᠢᠳᠠᠪᠤᠷᠢᠲᠠᠨ ᠪᠠ ᠢᠨᠲ᠋ᠧᠷ ᠰᠦᠯᠵᠢᠶᠡᠨ ᠤ ᠠᠬᠤᠢ ᠪᠠᠶᠢᠳᠠᠯ ᠳᠣᠣᠷᠠᠬᠢ ᠡᠯᠧᠺᠲᠷᠣᠨ | ᠬᠤᠳᠠᠯᠳᠤᠭᠠᠨ ᠤ ᠴᠢᠳᠠᠪᠤᠷᠢᠲᠠᠨ ᠱᠠᠭᠠᠷᠳᠠᠭᠳᠠᠵᠤ ᠪᠠᠶᠢᠨ᠎ᠠ᠃ ᠳᠥᠷᠪᠡ ᠳᠤ᠂ ᠴᠢᠳᠠᠪᠤᠷᠢᠲᠠᠨ ᠤ ᠵᠠᠰᠠᠯᠲᠠ᠂ | ᠮᠠᠯᠵᠢᠬᠤ ᠲᠠᠷᠢᠶᠠᠯᠠᠬᠤ ᠣᠷᠣᠨ ᠢ ᠵᠠᠰᠠᠬᠤ ᠳᠤ ᠺᠠᠳ᠋ᠷ ᠤᠨ ᠡᠩᠨᠡᠭᠡᠨ ᠤ ᠲᠦᠷᠦᠭᠦᠯᠡᠬᠦ ᠪᠠ ᠬᠥᠲᠥᠯᠥᠨ | ᠳᠠᠭᠠᠭᠤᠯᠬᠤ ᠶᠢ ᠱᠠᠭᠠᠷᠳᠠᠵᠤ ᠪᠤᠢ᠃ | ᠬᠠᠮ ᠲᠠᠷᠢᠶᠠᠯᠠᠩ ᠬᠠᠮ ᠢᠳᠡᠭᠡᠨ ᠤ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ ᠥᠪᠥᠷ | ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠷᠭ᠎ᠠ ᠪᠣᠳᠣᠯᠭ᠎ᠠ ᠰᠠᠨᠠᠭᠤᠯᠭ᠎ᠠ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ | ᠪᠤᠵᠠᠭᠠᠶᠢᠷᠠᠭᠤᠯᠤᠨ᠎ᠠ᠃ᠮᠢᠬᠠᠨ ᠤ ᠦᠬᠡᠷ᠂ ᠮᠢᠬᠠᠨ ᠤ ᠬᠤᠨᠢ᠂ ᠲᠥᠮᠥᠰᠥ᠂ ᠡᠷᠳᠡᠨᠢ ᠰᠢᠰᠢ ᠵᠡᠷᠭᠡ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠶᠢᠨ ᠬᠠᠮᠲᠤ ᠡᠭᠦᠯᠳᠡᠷ ᠰᠠᠶᠢᠵᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠭᠦ ᠪᠠ ᠲᠥᠷᠥᠯ ᠲᠡᠮᠳᠡᠭ ᠢ ᠡᠭᠦᠳᠬᠦ ᠪᠠᠷ ᠳᠠᠮᠵᠢᠭᠤᠯᠤᠨ ᠨᠡᠮᠡᠯᠲᠡ ᠥᠷᠲᠡᠭ ᠢ | ᠨᠡᠮᠡᠭᠳᠡᠭᠦᠯᠦᠨ᠎ᠡ᠃ ᠨᠠᠩ ᠣᠯᠠᠨ ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠠᠬᠢᠭᠤᠯᠵᠤ᠂ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ | ᠵᠠᠭᠪᠤᠷ ᠢ ᠪᠦᠷᠢᠯᠳᠦᠭᠦᠯᠵᠦ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ᠥᠨᠳᠥᠷ ᠬᠡᠪ ᠪᠣᠯᠪᠠᠰᠤᠷᠠᠯ ᠲᠠᠢ ᠮᠠᠯ ᠠᠵᠤ ᠠᠬᠤᠢ ᠲᠠᠷᠢᠶᠠᠯᠠᠩ ᠤᠨ ᠴᠢᠳᠠᠪᠤᠷᠢᠲᠠᠨ ᠤ ᠡᠩᠨᠡᠭᠡ ᠶᠢ | ᠬᠥᠮᠥᠵᠢᠭᠦᠯᠦᠨ᠎ᠡ᠃ᠮᠠᠯ ᠠᠵᠤ ᠠᠬᠤᠢ ᠲᠠᠷᠢᠶᠠᠯᠠᠩ ᠤᠨ ᠴᠢᠳᠠᠪᠤᠷᠢᠲᠠᠨ ᠢ ᠬᠥᠮᠥᠵᠢᠭᠦᠯᠬᠦ ᠪᠠ ᠲᠠᠳᠠᠨ ᠠᠪᠴᠢᠷᠠᠬᠤ | ᠡᠷᠴᠢᠮ ᠢᠶᠠᠨ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠪᠣᠯᠪᠠᠰᠤᠷᠠᠯ ᠪᠠ ᠰᠤᠷᠤᠯᠭ᠎ᠠ ᠶᠢᠨ ᠨᠠᠮᠲᠠᠷ ᠤᠨ ᠳᠠᠪᠲᠠᠨ ᠪᠣᠯᠪᠠᠰᠤᠷᠠᠯ ᠵᠡᠷᠭᠡ ᠣᠯᠠᠨ ᠵᠦᠢᠯ ᠤᠨ ᠭᠡᠯᠪᠡᠷᠢ ᠪᠠᠷ | ᠳᠠᠮᠵᠢᠭᠤᠯᠤᠨ ᠮᠠᠯᠴᠢᠨ ᠲᠠᠷᠢᠶᠠᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ | ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠠᠶᠢᠨ ᠬᠠᠷᠠᠭᠠᠯᠵᠠᠯ ᠪᠠ ᠬᠥᠭᠵᠢᠯᠲᠡ ᠶᠢᠨ ᠲᠠᠪᠴᠠᠩ ᠬᠠᠩᠭᠠᠵᠤ᠂ | ᠰᠢᠯᠢᠳᠡᠭ ᠴᠢᠳᠠᠪᠤᠷᠢᠲᠠᠨ ᠢ ᠲᠠᠲᠠᠬᠤ ᠪᠠ ᠦᠯᠡᠳᠡᠭᠡᠵᠦ᠂ ᠣᠶᠤᠲᠠᠳ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠨᠤᠲᠤᠭ ᠲᠠᠭᠠᠨ ᠪᠤᠴᠠᠵᠤ ᠠᠵᠢᠯ ᠦᠢᠯᠡᠰ ᠪᠣᠰᠬᠠᠬᠤ ᠶᠢ ᠵᠣᠷᠢᠭᠵᠢᠭᠤᠯᠤᠨ᠂ ᠬᠥᠳᠡᠭᠡ | ᠲᠣᠰᠬᠤᠨ ᠳᠤ ᠰᠢᠨ᠎ᠡ ᠬᠦᠴᠦᠨ ᠨᠡᠮᠡᠷᠢᠯᠡᠵᠦ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ | ᠠᠵᠠ ᠲᠣᠭᠢᠶᠠᠯ ᠢ ᠠᠮᠵᠢᠨ ᠳᠠᠪᠠᠭᠤᠯᠢᠭ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠢ ᠬᠠᠩᠭᠠᠨ᠎ᠠ᠃ᠥᠪᠡᠷ ᠤᠨ ᠢᠶᠠᠨ ᠳᠠᠪᠠᠭᠤᠯᠢᠭ ᠤᠨ ᠲᠣᠭᠤᠷᠢᠨ ᠳᠤ | ᠂ ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠰᠢᠯᠤᠭᠤᠳᠬᠠᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠪᠠᠶᠢᠭᠠᠯᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠪᠣᠯ ᠲᠥᠷᠥ ᠶᠢᠨ ᠪᠣᠳᠣᠯᠭ᠎ᠠ ᠶᠢᠨ ᠵᠢᠷᠤᠭ ᠲᠥᠯᠥᠪᠯᠡᠭᠡ ᠶᠢᠨ ᠵᠠᠩᠭᠢᠯᠠᠭ᠎ᠠ ᠪᠣᠯᠣᠨ᠎ᠠ᠃ | ᠢᠯᠠᠩᠭᠤᠶ᠎ᠠ ᠮᠠᠨ ᠤ ᠣᠷᠣᠨ ᠤ ᠪᠣᠬᠢᠷᠳᠤᠯ ᠦᠭᠡᠢ ᠠᠮᠢ ᠠᠬᠤᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠤᠨᠤᠯ ᠤᠨ ᠰᠤᠳᠤᠯᠭᠠᠨ ᠪᠣᠯᠣᠨ ᠦᠢᠯᠡᠳᠦᠯᠭᠡ ᠶᠢᠨ ᠰᠦᠪᠡᠭᠴᠢᠯᠡᠯᠲᠡ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠶᠢᠳᠠᠪᠤᠷᠢᠵᠢᠭᠤᠯᠬᠤ ᠡᠨᠡ ᠬᠦ ᠭᠤᠣᠯᠳᠠᠯᠭ᠎ᠠ ᠲᠠᠢ | ᠰᠡᠳᠦᠪ ᠢ ᠪᠡᠶᠡᠯᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠵᠠᠩᠭᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠨ᠎ᠡ᠃ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠡᠯᠡ ᠮᠥᠩᠭᠦ ᠳᠤᠲᠠᠭᠳᠠᠬᠤ | ᠠᠰᠠᠭᠤᠳᠠᠯ ᠶᠡᠷᠦ ᠠᠴᠠ ᠣᠷᠣᠰᠢᠭᠰᠠᠭᠠᠷ ᠢᠷᠡᠵᠡᠢ᠃ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠭᠦ ᠡᠷᠴᠢᠮ ᠢ ᠨᠡᠮᠡᠭᠳᠡᠭᠦᠯᠵᠦ᠂ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠤᠨ ᠮᠠᠯ ᠠᠵᠤ | ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠥᠮᠥᠵᠢᠭᠦᠯᠬᠦ ᠵᠡᠷᠭᠡ ᠬᠦᠷᠢᠶᠡᠨ ᠳᠤ ᠬᠡᠷᠡᠭᠯᠡᠬᠦ ᠬᠡᠷᠡᠭᠲᠡᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠬᠦ ᠶᠢ ᠠᠬᠢᠭᠤᠯᠵᠤ᠂ | ᠮᠠᠯᠴᠢᠨ ᠲᠠᠷᠢᠶᠠᠴᠢᠨ ᠳᠤ ᠲᠣᠬᠢᠷᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ | ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠤᠯᠠᠮ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠭᠠᠵᠠᠷ ᠰᠢᠷᠣᠢ ᠶᠢᠨ ᠡᠷᠬᠡ ᠠᠰᠢᠭ ᠢ | ᠪᠠᠲᠤᠯᠠᠵᠤ᠂ ᠭᠠᠵᠠᠷ ᠰᠢᠷᠣᠢ ᠶᠢ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠪᠠ ᠡᠷᠴᠢᠮᠵᠢᠭᠦᠯᠦᠨ | ᠡᠵᠡᠩᠨᠡᠬᠦ ᠶᠢ ᠠᠬᠢᠭᠤᠯᠬᠤ ᠬᠡᠷᠡᠭᠲᠡᠢ᠃ ᠲᠣᠮᠣ ᠭᠡᠯᠪᠡᠷᠢ ᠶᠢᠨ ᠠᠵᠤ ᠠᠬᠤᠶᠢᠯᠠᠯ ᠪᠠ ᠰᠢᠨ᠎ᠡ ᠭᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠭᠠᠵᠠᠷ ᠰᠢᠷᠣᠢ ᠶᠢᠨ ᠡᠷᠭᠢᠯᠲᠡ ᠳᠤ ᠣᠷᠤᠯᠴᠠᠬᠤ ᠶᠢ ᠵᠣᠷᠢᠭᠵᠢᠭᠤᠯᠵᠤ᠂ | ᠬᠡᠪᠴᠢᠶᠡᠵᠢᠭᠦᠯᠦᠨ ᠳᠠᠷᠢᠬᠤ ᠪᠠ ᠡᠷᠴᠢᠮᠵᠢᠭᠦᠯᠦᠨ ᠬᠠᠮᠢᠶᠠᠷᠬᠤ ᠪᠠᠷ ᠳᠠᠮᠵᠢᠭᠤᠯᠤᠨ ᠭᠠᠵᠠᠷ ᠰᠢᠷᠣᠢ ᠶᠢᠨ ᠭᠠᠷᠤᠯᠲᠠ | ᠶᠢᠨ ᠨᠣᠷᠮ᠎ᠠ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ︵ᠵᠣᠬᠢᠶᠠᠭᠴᠢ ᠶᠢᠨ ᠬᠠᠶ᠋ᠢᠭ᠄ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ | ᠰᠤᠷᠭᠠᠭᠤᠯᠢ ᠶᠢᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ︶ |