ᠨᠠᠷᠠᠨ᠎ᠠ᠂ ᠡᠷᠳᠡᠨᠢᠬᠦᠦ | | ᠠᠯᠠᠱᠠ ᠵᠡᠭᠦᠨ ᠬᠤᠰᠢᠭᠤᠨ ᠤ ᠵᠡᠭᠦᠨ ᠪᠠᠯ ᠪᠠᠯᠭᠠᠰᠤᠨ ᠤ ᠮᠠᠩᠯᠠᠢ ᠭᠠᠴᠠᠭ᠎ᠠ ᠶᠢᠨ ᠨᠠᠮ ᠤᠨ ᠡᠭᠦᠷ ᠤᠨ | ᠱᠦᠵᠢ᠂ ᠭᠠᠴᠠᠭ᠎ᠠ ᠶᠢᠨ ᠡᠷᠭᠢᠯᠡᠭᠴᠢ ᠸᠠᠩ ᠵᠦᠩ ᠨᠢᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠭᠠᠴᠠᠭ᠎ᠠ ᠶᠢᠨ ᠢᠶᠠᠨ ︽ᠬᠤᠶᠠᠷ ᠵᠥᠪᠯᠡᠯ︾ ᠤᠨ | ᠭᠡᠰᠢᠭᠦᠳ ᠢᠶᠠᠨ ᠳᠠᠭᠠᠭᠤᠯᠤᠨ ︽ᠡᠯᠡᠰᠦ ᠠᠴᠠ ᠠᠯᠳᠠ ᠱᠦᠭᠦᠵᠦ᠂ ᠠᠵᠤ ᠦᠢᠯᠡᠰ ᠢᠶᠠᠨ ᠬᠥᠭᠵᠢᠭᠦᠯᠬᠦ︾ | ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ ᠪᠠᠶᠢᠨ᠎ᠠ᠃ | ᠬᠠᠬᠢᠷ ᠡᠪᠦᠯ ᠤᠨ ᠤᠯᠠᠷᠢᠯ ᠢᠶᠠᠷ᠂ ᠮᠠᠩᠯᠠᠢ ᠭᠠᠴᠠᠭ᠎ᠠ ᠳᠤ ᠭᠦᠷᠪᠠᠯ᠂ ᠵᠠᠯᠭᠠᠯᠳᠤᠨ ᠦᠷᠭᠦᠯᠵᠢᠯᠡᠭᠰᠡᠠ | ᠵᠠᠭ᠂ ᠳᠠᠯᠠᠠ ᠬᠠᠯᠢᠰᠤ᠂ ᠪᠥᠭᠡᠷᠡᠭ ᠵᠡᠷᠭᠡ ᠤᠷᠭᠤᠮᠠᠯ ᠭᠤᠪᠢ ᠪᠠ ᠡᠯᠡᠰᠦ ᠮᠠᠩᠬ᠎ᠠ ᠶᠢ ᠪᠦᠷᠬᠦᠵᠦ᠂ ᠰᠠᠯᠬᠢ | ᠰᠢᠭᠤᠷᠭᠠᠨ ᠢ ᠰᠥᠷᠦᠨ ᠨᠠᠶᠢᠭᠤᠨ ᠭᠠᠩᠬᠤᠵᠤ᠂ ᠢᠷᠡᠬᠦ ᠬᠠᠪᠤᠷ ᠤᠨ ᠠᠮᠢᠵᠢᠷᠠᠯ ᠢᠶᠠᠨ ᠬᠦᠯᠢᠶᠡᠵᠦ ᠪᠠᠶᠢᠭ᠎ᠠ ᠮᠡᠲᠦ | ᠪᠠᠶᠢᠯ᠎ᠠ᠃ | ᠤᠯᠠᠠ ᠵᠢᠯ ᠤᠨ ᠡᠮᠦᠨ᠎ᠡ᠂ ᠡ᠊ᠨᠳᠠᠭᠢ ᠶᠢᠨ ᠠᠮᠢ ᠠᠬᠤᠢ ᠶᠢᠨ ᠣᠷᠴᠢᠨ ᠲᠣᠭᠤᠷᠢᠨ ᠳᠤᠩ ᠮᠠᠭᠤ᠂ | ᠤᠯᠠᠭᠠᠨᠪᠤᠬ᠎ᠠ ᠡᠯᠡᠰᠦ ᠳᠠᠰᠤᠷᠠᠯᠳᠠ ᠦᠭᠡᠢ ᠨᠤᠲᠤᠭ ᠪᠡᠯᠴᠢᠭᠡᠷ ᠢ ︽ᠵᠠᠯᠭᠢᠵᠤ︾᠂ ᠤᠯᠠᠠ ᠲᠦᠮᠡᠨ ᠤ ᠠᠮᠢᠳᠤᠷᠠᠯ ︽ | ᠡᠯᠡᠰᠦ ᠠᠴᠠ ᠪᠣᠯᠵᠤ ᠶᠠᠳᠠᠭᠤᠷᠠᠵᠤ︾᠂ ᠠᠵᠤ ᠠᠬᠤᠢ ᠶᠢᠨ ᠬᠥᠭᠵᠢᠯᠲᠡ ︽ᠡᠯᠡᠰᠦ ᠮᠠᠩᠬ᠎ᠠ ᠳᠤ ᠬᠦᠯᠢᠶᠡᠰᠦᠯᠡᠭᠳᠡᠵᠦ | ︾ ᠪᠠᠶᠢᠵᠠᠢ᠃ ᠠᠯᠠᠱᠠ ᠵᠡᠭᠦᠨ ᠬᠤᠰᠢᠭᠤᠨ ᠤ ᠠᠷᠪᠠᠨ ᠲᠠᠪᠤᠳᠤᠭᠠᠷ᠂ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠢᠩᠭᠤ ᠶᠢᠨ ᠬᠤᠷᠢᠶ᠎ᠠ ᠶᠢᠨ ᠭᠡᠰᠢᠭᠦᠨ | ᠪᠣᠯᠤᠭᠰᠠᠨ ᠤ ᠬᠤᠪᠢ ᠳᠤ᠂ ᠸᠠᠩ ᠵᠦᠡᠭ ᠨᠢᠩ ᠤᠯᠠᠠ ᠤᠳᠠᠭ᠎ᠠ ︽ᠡᠯᠡᠰᠦᠷᠬᠡᠭᠵᠢᠯ ᠢ ᠰᠡᠷᠭᠡᠶᠢᠯᠡᠨ ᠵᠠᠰᠠᠬᠤ︾ | ᠰᠠᠨᠠᠯ ᠰᠠᠨᠠᠭᠤᠯᠭ᠎ᠠ ᠪᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ᠂ | ᠳᠡᠭᠡᠳᠦ ᠱᠠᠲᠤᠨ ᠤ ᠴᠢᠬᠤᠯᠠᠴᠢᠯᠠᠯ ᠢ ᠣᠯᠣᠭᠰᠠᠨ ᠪᠠᠶᠢᠨ᠎ᠠ᠃ | 2012 ᠣᠨ ᠳᠤ᠂ ᠠᠯᠠᠱᠠ ᠵᠡᠭᠦᠨ ᠬᠤᠰᠢᠭᠤᠨ ᠤ ᠵᠠᠭᠤᠨ ᠲᠦᠮᠡᠨ ᠮᠦ ᠵᠠᠭ ᠤᠨ ᠤᠢ ᠶᠢᠨ ᠳᠦᠷᠦᠯ | ᠵᠦᠢᠯ ᠡᠬᠢᠯᠡᠬᠦ ᠶᠢ ᠳᠠᠭᠠᠯᠳᠤᠨ᠂ ᠳᠡᠭᠡᠳᠦ ᠱᠠᠲᠤᠨ ᠤ ᠪᠡᠯᠡ ᠮᠥᠩᠭᠦ ᠪᠠ ᠳᠦᠷᠦᠯ ᠵᠦᠢᠯ ᠤᠨ ᠳᠡᠮᠵᠢᠯᠭᠡ ᠳᠣᠣᠷ᠎ᠠ᠂ | ᠸᠠᠩ ᠵᠦᠡᠭ ᠨᠢᠩ ᠭᠠᠴᠠᠭᠠᠨ ᠤ ᠨᠠᠮ ᠤᠨ ᠭᠡᠰᠢᠭᠦᠨ ᠤᠯᠠᠠ ᠲᠦᠮᠡᠨ ᠢᠶᠠᠨ ᠳᠠᠭᠠᠭᠤᠯᠤᠨ ᠡᠯᠡᠰᠦ ᠮᠠᠩᠬ᠎ᠠ ᠥᠭᠡᠳᠡ | ︽ᠳᠠᠶᠢᠠ ᠵᠠᠷᠯᠠᠬᠤ︾ ᠬᠠᠲᠠᠭᠤᠵᠢᠯᠲᠠᠢ ᠳᠠᠶᠢᠯᠠᠯᠳᠤᠭᠠᠨ ᠢᠶᠠᠨ ᠡᠬᠢᠯᠡᠭᠦᠯᠵᠡᠢ᠃ ᠨᠢᠭᠡ ᠵᠢᠯ᠂ ᠬᠤᠶᠠᠷ ᠵᠢᠯ ᠁ | ᠠᠷᠪᠠᠨ ᠬᠡᠳᠦᠨ ᠵᠢᠯ ᠪᠣᠯᠣᠯ᠎ᠠ᠂ ᠵᠠᠭ ᠳᠠᠷᠢᠪᠠᠯ ᠨᠥᠬᠦᠪᠦᠷᠢ ᠣᠯᠣᠨ᠎ᠠ᠂ ᠵᠠᠭ ᠤᠨ ᠦᠨᠳᠦᠰᠦᠨ ᠳᠤ ᠴᠠᠭᠠᠨ ᠭᠤᠶᠣᠣ | ᠳᠠᠷᠢᠵᠤ ᠤᠷᠤᠯᠭ᠎ᠠ ᠪᠠᠨ ᠨᠡᠮᠡᠭᠳᠡᠭᠦᠯᠦᠨ᠎ᠡ᠂ ᠮᠠᠯᠴᠢᠳ ᠤᠢ ᠶᠢᠨ ᠬᠠᠮᠠᠭᠠᠯᠠᠭᠴᠢ ᠪᠣᠯᠣᠯ᠎ᠠ᠂ ᠥᠩᠭᠡᠷᠡᠭᠰᠡᠨ ᠤ ︽ | ᠮᠣᠳᠣ ᠳᠠᠷᠢᠭᠤᠯᠬᠤ︾ ᠨᠢ ᠤᠳᠤ ᠶᠢᠨ ︽ᠪᠢ ᠮᠣᠳᠣ ᠳᠠᠷᠢᠬᠤ︾ ᠪᠣᠯᠣᠨ ᠬᠤᠪᠢᠷᠠᠵᠤ᠂ ᠭᠠᠳᠠᠭᠰᠢ ᠭᠠᠷᠴᠤ | ᠬᠥᠯᠥᠰᠦᠨ ᠠᠵᠢᠯ ᠬᠢᠵᠦ ᠪᠠᠶᠢᠭᠰᠠᠨ ᠭᠠᠴᠠᠭᠠᠨ ᠤ ᠮᠠᠯᠴᠢᠨ ᠲᠠᠷᠢᠶᠠᠴᠢᠨ ᠴᠦ ᠳᠠᠰᠤᠷᠠᠯᠳᠠ ᠦᠭᠡᠢ ᠨᠤᠲᠤᠭ ᠲᠠᠭᠠᠨ | ᠬᠠᠷᠢᠵᠤ ᠦᠢᠯᠡᠰ ᠪᠣᠰᠬᠠᠬᠤ ᠪᠣᠯᠵᠠᠢ᠃ | ︽ᠠᠷᠪᠠᠨ ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠠ᠂ ᠮᠠᠨ ᠤ ᠭᠠᠴᠠᠭ᠎ᠠ 43 ᠲᠦᠮᠡᠨ ᠮᠦ | ᠵᠠᠭ ᠤᠨ ᠤᠢ ᠶᠢᠨ ᠰᠠᠭᠤᠷᠢᠨ ᠲᠠᠢ ᠪᠣᠯᠵᠤ᠂ ᠵᠡᠭᠦᠨᠰᠢ ᠪᠠᠷᠠᠭᠤᠨᠰᠢ 37 ᠺᠢᠯᠣᠮᠧᠲᠷ᠂ ᠡᠮᠦᠨᠡᠰᠢ ᠤᠮᠠᠷᠠᠰᠢ 23 | ᠺᠢᠯᠣᠮᠧᠲᠷ ᠨᠣᠭᠤᠭᠠᠨ ᠪᠦᠰᠡ ᠶᠢ ᠪᠦᠷᠢᠯᠳᠦᠭᠦᠯᠵᠦ᠂ ᠳᠠᠰᠤᠷᠠᠯᠳᠠ ᠦᠭᠡᠢ ᠡᠮᠦᠨᠡᠰᠢ ᠨᠡᠭᠦᠳᠡᠯᠯᠡᠵᠦ ᠪᠠᠶᠢᠭ᠎ᠠ | ᠡᠯᠡᠰᠦ ᠶᠢ ᠬᠤᠷᠢᠭᠯᠠᠵᠤ ᠴᠢᠳᠠᠪᠠ︾ ᠭᠡᠵᠦ ᠸᠠᠩ ᠵᠦᠡᠭ ᠨᠢᠩ ᠶᠠᠷᠢᠵᠤ ᠪᠠᠶᠢᠯ᠎ᠠ᠃ | ᠭᠠᠴᠠᠭᠠᠨ ᠤ ᠠᠮᠢ ᠠᠬᠤᠢ ᠰᠠᠶᠢᠵᠢᠷᠠᠯ᠎ᠠ᠂ ᠶᠠᠭᠠᠬᠢᠵᠤ ᠤᠯᠠᠠ ᠲᠦᠮᠡᠨ ᠤ ᠤᠷᠤᠯᠭ᠎ᠠ ᠶᠢ ᠨᠡᠮᠡᠭᠳᠡᠭᠦᠯᠬᠦ | ᠪᠤᠢ︖ ᠸᠠᠩ ᠵᠦᠡᠭ ᠨᠢᠩ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ ᠲᠠᠢ ᠪᠠᠨ ᠮᠠᠯᠴᠢᠨ | ᠲᠠᠷᠢᠶᠠᠴᠢᠳ ᠤᠨ ᠰᠠᠨᠠᠯ ᠰᠠᠨᠠᠭᠤᠯᠭ᠎ᠠ ᠶᠢ ᠰᠠᠶᠢᠲᠤᠷ ᠰᠣᠨᠣᠰᠤᠭᠰᠠᠨ ᠰᠠᠭᠤᠷᠢᠨ ᠳᠡᠭᠡᠷ᠎ᠡ ︽ᠨᠠᠮ ᠤᠨ ᠡᠭᠦᠷ+ ᠠᠵᠤ | ᠠᠬᠤᠶᠢᠯᠠᠯ + ᠬᠤᠷᠰᠢᠶᠠᠵᠢᠯ + ᠮᠠᠯᠴᠢᠨ︾ ᠵᠠᠭᠪᠤᠷ ᠢ ᠰᠦᠪᠡᠭᠴᠢᠯᠡᠨ ᠲᠣᠭᠲᠠᠭᠠᠵᠤ᠂ ᠪᠣᠬᠢᠷᠳᠤᠯ ᠦᠭᠡᠢ ᠠᠵᠤ | ᠦᠢᠯᠡᠰ ᠪᠠ ᠮᠢᠬᠠᠨ ᠤ ᠦᠬᠡᠷ ᠢ ᠲᠡᠵᠢᠭᠡᠨ ᠦᠷᠡᠵᠢᠭᠦᠯᠬᠦ ᠳᠦᠷᠦᠯ ᠵᠦᠢᠯ ᠢ ᠶᠡᠬᠡᠪᠡᠷ ᠬᠥᠭᠵᠢᠭᠦᠯᠪᠡ᠃ ᠤᠳᠤ | ᠪᠤᠯᠬᠤ ᠳᠤ᠂ ᠮᠠᠩᠯᠠᠢ ᠭᠠᠴᠠᠭ᠎ᠠ ᠨᠠᠶᠢᠳᠠ5.8 ᠲᠦᠮᠡᠨ ᠮᠦ ᠵᠠᠭ ᠤᠨ ᠤᠢ ᠳᠤ ᠴᠠᠭᠠᠨ ᠭᠤᠶᠣᠣ ᠵᠠᠯᠭᠠᠨ ᠳᠠᠷᠢᠬᠤ ᠶᠢ | ᠪᠡᠶᠡᠯᠡᠭᠦᠯᠦᠨ᠂ 25 ᠳᠤᠠ ᠴᠠᠭᠠᠨ ᠭᠤᠶᠣᠣ ᠬᠤᠷᠢᠶᠠᠨ᠂10 ᠡᠷᠦᠭᠡ ᠮᠠᠯᠴᠢᠨ ᠲᠠᠷᠢᠶᠠᠴᠢᠨ ᠢ ᠳᠠᠶᠢᠴᠢᠯᠠᠠ᠂ | ᠡᠷᠦᠭᠡ ᠪᠦᠷᠢ ᠶᠢᠨ ᠤᠷᠤᠯᠭ᠎ᠠ 7 ᠲᠦᠮᠡᠨ ᠲᠥᠭᠦᠷᠢᠭ ᠲᠤ ᠬᠦᠷᠴᠡᠢ᠃ ᠮᠢᠬᠠᠨ ᠤ ᠦᠬᠡᠷ ᠢ ᠪᠠᠷᠢᠮᠵᠢᠶᠠᠵᠢᠭᠤᠯᠤᠨ | ᠬᠠᠰᠢᠶᠠᠯᠠᠨ ᠲᠡᠵᠢᠭᠡᠬᠦ ᠳᠦᠷᠦᠯ ᠵᠦᠢᠯ ᠢᠶᠠᠷ700 ᠰᠢᠬᠠᠮ ᠰᠢᠮᠧᠨ᠋ᠲᠷ ᠦᠬᠡᠷ ᠢ ᠣᠷᠣᠭᠤᠯᠤᠨ ᠠᠪᠴᠢᠷᠠᠵᠤ᠂ ᠳᠤᠰ | ᠳᠦᠷᠦᠯ ᠵᠦᠢᠯ ᠢᠶᠠᠷ ᠪᠠᠷᠤᠭ 20 ᠭᠠᠷᠤᠢ ᠡᠷᠦᠭᠡ ᠶᠢ ᠳᠠᠶᠢᠴᠢᠯᠠᠠ ᠡᠷᠦᠭᠡ ᠪᠦᠷᠢ ᠶᠢᠨ ᠤᠷᠤᠯᠭ᠎ᠠ ᠶᠢ 1 ᠲᠦᠮᠡᠨ | ᠲᠥᠭᠦᠷᠢᠭ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠴᠤ 30 ᠲᠦᠮᠡᠨ ᠲᠥᠭᠦᠷᠢᠭ | ᠨᠡᠮᠡᠭᠳᠡᠭᠦᠯᠬᠦ ᠪᠣᠯᠣᠨ᠎ᠠ᠃ | ︽ᠭᠠᠴᠠᠭᠠᠨ ᠤ ᠪᠠᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ | ᠰᠠᠭᠤᠷᠢ ᠳᠤ ᠲᠦᠰᠢᠭᠯᠡᠨ᠂ ᠣᠨᠴᠠᠯᠢᠭᠲᠤ ᠠᠵᠤ ᠦᠢᠯᠡᠰ ᠢ ᠴᠣᠭᠴᠠᠯᠠᠵᠤ᠂ ᠭᠠᠴᠠᠭ᠎ᠠ ᠶᠢᠨ ᠬᠠᠮᠲᠤ ᠶᠢᠨ ᠠᠵᠤ | ᠠᠬᠤᠢ ᠭᠡᠬᠦ ᠡᠨᠡ ᠬᠦ ︿ᠳᠣᠲᠣᠭᠠᠳᠤ ᠬᠥᠳᠡᠯᠭᠡᠬᠦ ᠬᠦᠴᠦᠨ﹀ ᠢ ᠳᠠᠰᠤᠷᠠᠯᠳᠠ ᠦᠭᠡᠢ ᠴᠢᠩᠭᠠᠷᠠᠭᠤᠯᠵᠤ᠂ ᠤᠯᠠᠠ | ᠲᠦᠮᠡᠨ ᠤ ᠤᠷᠤᠯᠭ᠎ᠠ ᠶᠢ ᠨᠡᠮᠡᠭᠳᠡᠭᠦᠯᠦᠨ᠂ ᠬᠥᠳᠡᠭᠡ ᠳᠤᠰᠬᠤᠠ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ | ᠶᠡᠭᠡ ᠬᠠᠮᠲᠤᠷᠠᠯ ᠬᠦᠴᠦᠨ ᠢ ᠪᠤᠢ ᠪᠣᠯᠭᠠᠨ᠎ᠠ︾ ᠭᠡᠵᠦ ᠸᠠᠩ ᠵᠦᠡᠭ ᠨᠢᠩ ᠢᠲᠡᠭᠡᠯ ᠲᠡᠭᠦᠯᠳᠡᠷ ᠶᠠᠷᠢᠵᠤ ᠪᠠᠶᠢᠯ᠎ᠠ᠃ | |