︽ᠵᠢᠷᠭᠤᠭᠠᠨ ᠠᠵᠢᠯᠯᠠᠭ᠎ᠠ︾ ᠶᠢᠨ ᠰᠢᠷᠢᠰ ᠮᠡᠳᠡᠭᠡᠯᠡᠯ‖ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2025/3/24
     ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠪᠠᠷ ᠴᠢᠬᠤᠯᠠ ᠭᠠᠷᠳᠠᠴᠠ ᠪᠣᠯᠭᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠤ᠂ ᠲᠤᠬᠠᠢ ᠶᠢᠨ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠦᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠤ᠂ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠤᠢ ᠪᠣᠯᠭᠠᠪᠠ᠃  ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠨᠢ᠂ ᠡᠵᠡᠩᠨᠡᠯᠲᠡ ᠶᠢᠨ ᠭᠤᠤᠯ ᠴᠣᠭᠴᠠ ᠶᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ ᠲᠤᠬᠠᠶᠢᠯᠠᠭᠰᠠᠨ ᠠᠵᠢᠯ ᠢ ᠴᠥᠮ ᠰᠦᠯᠵᠢᠶᠡᠨ ᠳᠡᠭᠡᠷ᠎ᠡ ᠪᠡᠶᠡᠯᠡᠭᠦᠯᠵᠦ᠂ ︽ᠰᠦᠯᠵᠢᠶᠡᠨ ᠳᠡᠭᠡᠷ᠎ᠡ ᠢᠯᠡᠭᠦᠦ ᠠᠵᠢᠯᠯᠠᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃ ᠡᠵᠡᠩᠨᠡᠯᠲᠡ ᠶᠢᠨ ᠭᠤᠤᠯ ᠴᠣᠭᠴᠠ ᠨᠢ ᠵᠥᠪᠬᠡᠨ ᠰᠦᠯᠵᠢᠶᠡᠨ ᠳᠡᠭᠡᠷ᠎ᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠭᠠᠳ ᠬᠢᠨᠠᠨ ᠵᠥᠪᠰᠢᠶᠡᠷᠡᠬᠦ ᠦᠷ᠎ᠡ ᠳ᠋ᠦᠩ ᠢ ᠬᠦᠯᠢᠶᠡᠵᠦ ᠪᠠᠶᠢᠪᠠᠯ ᠪᠣᠯᠴᠢᠬᠠᠨ᠎ᠠ᠂ ᠣᠯᠠᠨ ᠲᠦᠮᠡᠨ ᠤ ᠴᠠᠭ ᠢ ᠶᠡᠭᠡ ᠪᠠᠷ ᠠᠷᠪᠢᠯᠠᠪᠠ᠃
   ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠳᠡᠯᠭᠡᠷᠡᠭᠦᠯᠬᠦ ᠠᠴᠠ ᠭᠠᠳᠠᠨ᠎ᠠ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠰᠢᠯᠢᠳᠡᠭᠵᠢᠭᠦᠯᠬᠦ ᠲᠠᠯ᠎ᠠ ᠪᠠᠷ ᠭᠦᠢᠴᠡᠳ ᠬᠦᠴᠦ ᠣᠷᠣᠭᠤᠯᠵᠠᠶ᠃ ᠡᠯ᠎ᠡ ᠲᠥᠷᠥᠯ ᠤᠨ ᠳᠠᠩᠰᠠᠯᠠᠬᠤ ᠠᠵᠢᠯ ᠢ 0.5 ᠠᠵᠢᠯᠯᠠᠬᠤ ᠡᠳᠦᠷ ᠤᠨ ᠳᠣᠲᠣᠷ᠎ᠠ ᠲᠦᠷᠭᠡᠨ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠨᠢᠭᠡ ᠲᠠᠯ᠎ᠠ ᠪᠠᠷ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠴᠢᠬᠤᠯᠠ ᠪᠤᠰᠤ ᠴᠤᠪᠤᠷᠠᠯ ᠤᠨ ᠵᠠᠩᠭᠢᠯᠠᠭ᠎ᠠ ᠶᠢᠨ ᠴᠡᠭ ᠢ ᠦᠭᠡᠶᠢᠰᠬᠡᠵᠦ᠂ ᠪᠦᠬᠦ ᠲᠠᠯ᠎ᠠ ᠪᠠᠷ ᠠᠵᠢᠯ ᠤᠨ ᠶᠡᠪᠣᠴᠠ ᠶᠢ ᠴᠣᠮᠬᠠᠳᠬᠠᠪᠠ︔ ᠨᠥᠭᠦᠭᠡ ᠲᠠᠯ᠎ᠠ ᠪᠠᠷ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠳᠤ ᠲᠦᠰᠢᠭᠯᠡᠨ᠂ ᠥᠨᠳᠥᠷ ᠪᠦᠲᠦᠮᠵᠢᠲᠡᠶ ᠳᠣᠲᠣᠭᠠᠳᠤ ᠶᠢᠨ ᠬᠠᠮᠵᠢᠯᠴᠠᠬᠤ ᠲᠠᠪᠴᠠᠩ ᠢ ᠪᠠᠶᠢᠭᠤᠯᠵᠤ᠂ ᠠᠵᠢᠯᠲᠠᠳ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠵᠦ᠂ ᠬᠠᠮᠵᠢᠯᠴᠠᠨ ᠠᠵᠢᠯᠯᠠᠬᠤ ᠪᠣᠯᠪᠠ᠃ ᠡᠭᠦᠨ ᠤ ᠬᠠᠮᠲᠤ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠪᠣᠳᠠᠲᠠᠶ ᠠᠵᠢᠯᠯᠠᠭᠠᠨ ᠤ ᠬᠥᠲᠦᠯᠪᠦᠷᠢ ᠶᠢ ᠲᠣᠭᠲᠠᠭᠠᠨ᠂ ᠣᠯᠠᠨ ᠲᠦᠮᠡᠨ ᠤ ᠪᠡᠶ᠎ᠡ ᠪᠠᠨ ᠳᠠᠭᠠᠭᠠᠵᠤ ᠭᠤᠶᠤᠴᠢᠯᠠᠬᠤ ᠳᠤ ᠬᠠᠪᠰᠤᠷᠴᠤ ᠵᠢᠯᠣᠭᠤᠳᠣᠯᠭ᠎ᠠ ᠬᠠᠩᠭᠠᠪᠠ᠃ ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠠᠭ ᠢ ᠶᠡᠭᠡ ᠪᠠᠷ ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号