ᠪᠠᠶ ᠬᠠᠶ ᠯᠢᠨ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ ᠪᠣᠯᠤᠨ ᠬᠤᠶᠠᠷᠬᠤᠳᠳᠤᠭ ᠤᠨ ᠬᠦᠳᠡᠭᠡ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/3/24
   2 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ ᠪᠣᠯᠤᠨ ᠬᠤᠶᠠᠷᠬᠤᠳᠳᠤᠭ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠵᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠠᠯᠠᠱᠠ ᠪᠠᠷᠠᠭᠤᠨ ᠬᠤᠰᠢᠭᠤᠨ ᠤ ᠪᠠᠶᠠᠨᠭᠤᠤᠯ ᠰᠤᠮᠤ ᠳᠤ᠂ ᠪᠠᠶ ᠬᠠᠶ ᠯᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠴᠡᠷᠢᠭ ᠢ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ ᠳᠤ ᠰᠠᠭᠤᠷᠢᠯᠠᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠳ᠋ ᠪᠣᠳᠠᠰ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ᠂ ᠤᠬᠠᠭᠤᠯᠵᠤ ᠬᠥᠲᠥᠯᠦᠨ ᠵᠢᠯᠣᠭᠤᠳᠬᠤ ᠵᠡᠷᠭᠡ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ᠂ ᠬᠠᠮᠢᠶ᠎ᠠ ᠪᠥᠬᠦᠶ ᠠᠵᠤ ᠠᠬᠤᠶᠢᠯᠠᠯ ᠪᠠ ᠰᠠᠯᠠᠭ᠎ᠠ ᠮᠥᠴᠢᠷ ᠯᠦᠭᠡ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ᠂ ᠤᠨᠳᠤᠷᠤᠯᠲᠤ ᠪᠠᠯᠭᠠᠰᠤ ᠳᠤ᠂ ᠪᠠᠢ ᠬᠠᠢ ᠯᠢᠨ ᠵᠠᠮ ᠳᠠᠭᠠᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠ ᠥᠪᠥᠷ ᠮᠣᠩᠭᠤᠯ ᠭᠠᠨᠰᠤ ᠶᠢᠨ ᠬᠢᠯᠢ ᠳᠠᠭᠠᠤ ᠤᠢ ᠰᠢᠭᠤᠢ ᠡᠪᠡᠰᠦ ᠪᠡᠯᠴᠢᠭᠡᠷ ᠤᠨ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠵᠡᠷᠭᠡ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠳᠤ ᠭᠦᠢᠴᠡᠳ ᠲᠦᠰᠢᠭᠯᠡᠨ᠂ ᠡᠯᠡᠰᠦ ᠮᠠᠩᠬ᠎ᠠ ᠡᠪᠡᠰᠦ ᠲᠠᠷᠢᠵᠤ ᠣᠶᠢᠵᠢᠭᠤᠯᠬᠤ ᠠᠰᠢᠭᠲᠠᠢ ᠴᠠᠭ ᠲᠣᠬᠢᠶᠠᠯ ᠢ ᠠᠮᠵᠢᠵᠤ᠂ ᠴᠢᠬᠢ ᠮᠣᠳᠣᠨ ᠤ ᠲᠦᠭᠦᠬᠡᠶ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠬᠠᠮᠢᠶᠠᠷᠤᠨ ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠤᠭᠤᠰᠣᠨ ᠣᠷᠣᠨ᠂ ᠲᠠᠰᠤᠯᠳᠠᠯ ᠣᠷᠣᠨ᠂ ᠮᠠᠭᠤᠳᠠᠭᠰᠠᠨ ᠣᠷᠣᠨ ᠢ ᠨᠥᠬᠦᠪᠦᠷᠢᠯᠡᠵᠦ᠂ ᠠᠮᠢ ᠠᠬᠤᠢ ᠶᠢᠨ ᠬᠢᠯᠢ ᠶᠢ ᠬᠠᠭᠠᠵᠤ ᠨᠣᠭᠤᠭᠠᠷᠠᠭᠤᠯᠬᠤ ᠪᠦᠰᠡ ᠶᠢ ᠰᠠᠶᠢᠲᠤᠷ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
   ᠤᠨᠳᠤᠷᠤᠯᠲᠤ ᠪᠠᠯᠭᠠᠰᠤᠨ ᠤ ᠹᠦ᠋ ᠰᠢᠨ ᠬᠤᠷᠰᠢᠶ᠎ᠠ ᠳᠤ ᠣᠷᠣᠬᠤ ᠳᠤ᠂ ᠪᠠᠢ ᠬᠠᠢ ᠯᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠦᠷᠦᠰᠦ ᠶᠢᠨ ᠴᠢᠨᠠᠷ ᠪᠣᠯᠤᠨ ᠤᠰᠤ ᠠᠷᠪᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠬᠥᠳᠡᠭᠡ ᠲᠣᠰᠬᠤᠨ ᠰᠠᠶᠢᠨ ᠰᠠᠶᠢᠬᠠᠨ᠂ ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠰᠢ ᠵᠢᠩ ᠨᠡᠭᠦᠷᠡᠰᠦᠨ ᠠᠭᠤᠷᠬᠠᠢ᠂ ᠴᠢᠩ ᠯᠢᠩ ᠨᠡᠭᠦᠷᠡᠰᠦᠨ ᠠᠭᠤᠷᠬᠠᠢ ᠪᠣᠯᠤᠨ ᠬᠠᠷ᠎ᠠ ᠶᠢᠨ ᠠᠭᠤᠯᠠ ᠨᠡᠭᠦᠷᠡᠰᠦᠨ ᠠᠭᠤᠷᠬᠠᠢ ᠳᠤ᠂ ᠪᠠᠢ ᠬᠠᠢ ᠯᠢᠨ ᠠᠭᠤᠷᠬᠠᠢ ᠶᠢᠨ ᠣᠷᠣᠨ ᠤ ᠣᠳᠣᠬᠢ ᠪᠠᠶᠢᠳᠠᠯ ᠪᠣᠯᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠦᠵᠡᠭᠰᠡᠨ ᠤ ᠲᠠᠷᠠᠭ᠎ᠠ᠂ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠠᠭᠤᠷᠬᠠᠢ ᠶᠢᠨ ᠣᠷᠣᠨ ᠤ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃
  ᠬᠤᠶᠠᠷᠬᠤᠳᠳᠤᠭ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠥᠪᠥᠷ ᠮᠣᠩᠭᠤᠯ ᠨᠢᠩᠰᠢᠶᠠ ᠶᠢᠨ ᠬᠢᠯᠢ ᠳᠤ ᠬᠦᠷᠴᠦ᠂ ᠪᠠᠢ ᠬᠠᠢ ᠯᠢᠨ ᠲᠤᠬᠠᠢ ᠶᠢᠨ ᠲᠠᠯᠠᠪᠠᠢ ᠳᠤ ᠲᠩᠷᠢ ᠡᠯᠡᠰᠦᠨ ᠴᠦᠯ ᠤᠨ   ᠭᠡᠷᠡᠯ ᠢᠶᠠᠷ ᠴᠠᠬᠢᠯᠭᠠᠨ ᠭᠠᠷᠭᠠᠬᠤ ᠬᠠᠪᠳᠠᠰᠣ ᠢᠶᠠᠷ ᠬᠢᠯᠢ ᠶᠢ ᠬᠠᠭᠠᠵᠤ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ᠂ ᠬᠢᠯᠢ ᠶᠢ ᠰᠠᠬᠢᠵᠤ ᠬᠢᠯᠢ ᠶᠢ ᠬᠠᠮᠠᠭᠠᠯᠠᠬᠤ ᠶᠢ ᠨᠢᠭᠡ ᠴᠤᠬᠴᠠᠵᠢᠭᠤᠯᠬᠤ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠴᠡᠪᠡᠷ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠪᠠ ᠬᠢᠯᠢ ᠶᠢ ᠬᠠᠭᠠᠵᠤ ᠡᠯᠡᠰᠦ ᠶᠢ ᠵᠠᠰᠠᠬᠤ ᠰᠢᠰᠲ᠋ᠧᠮ ᠤᠨ ᠵᠠᠰᠠᠯᠲᠠ ᠶᠢ ᠴᠢᠩᠭᠠᠳᠬᠠᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠭᠦᠨᠵᠡᠭᠡᠶᠢᠷᠡᠭᠦᠯᠵᠦ᠂ ᠠᠮᠢ ᠠᠬᠤᠢ ᠶᠢ ᠬᠠᠮᠲᠤᠪᠠᠷ ᠵᠠᠰᠠᠬᠤ᠂ ᠨᠣᠭᠤᠭᠠᠷᠠᠭᠤᠯᠵᠤ ᠪᠠᠶᠠᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号