| 3 ᠰᠠᠷ᠎ᠠ ᠶᠢᠨ 1 ᠤ ᠡᠳᠦᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ | ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ | ᠶᠣᠰᠣᠯᠠᠯ ᠪᠠᠶᠠᠨᠬᠤᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ ᠨᠢᠭᠲᠠᠯᠠᠨ ᠪᠤᠳᠤᠭᠴᠢ ᠾᠧ | ᠵᠢᠶᠦ᠋ᠨ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠪᠠᠯᠠ ᠣᠷᠣᠭᠤᠯᠤᠯᠲᠠ ᠶᠢᠨ ᠬᠡᠯᠲᠡᠰ ᠤᠨ ᠳᠠᠷᠤᠭ᠎ᠠ᠂ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠵᠥᠩ ᠴᠥᠩ ᠾᠦᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ | ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠪᠠᠭᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠠᠯᠲᠠᠨᠴᠢᠯᠠᠭᠤ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | | ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠠᠯᠠᠱᠠ ᠵᠡᠭᠦᠨ ᠬᠤᠰᠢᠭᠤ ᠪᠣᠯᠤᠨ ᠳᠤᠮᠳᠠᠳᠤ ᠤᠯᠤᠰ ᠤᠨ ᠲᠡᠮᠦᠷ | ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠠᠮᠲᠤ ᠪᠠᠷ ᠬᠥᠭᠵᠢᠬᠦ ᠪᠠ ᠣᠷᠳᠣ | ᠬᠤᠭᠤᠴᠠᠭ᠎ᠠ ᠪᠠᠷ ᠬᠠᠮᠲᠤᠷᠠᠯᠴᠠᠬᠤ ᠪᠠᠷ ᠬᠠᠷᠠᠯᠲᠠ ᠪᠣᠯᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠵᠠᠷᠴᠢᠮ ᠶᠣᠰᠣᠭᠠᠷ᠂ ᠣᠯᠠᠨᠪᠤᠯᠠᠭ ᠤᠨ ᠬᠢᠯᠢ ᠳᠠᠭᠠᠤ ᠶᠢᠨ | ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ | ᠲᠤᠬᠠᠶ ᠶᠠᠷᠢᠯᠴᠠᠨ ᠰᠣᠯᠢᠯᠴᠠᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ | ᠵᠥᠪᠯᠡᠯᠴᠡᠭᠡᠷ ᠲᠣᠭᠲᠠᠪᠠ᠃ | ︽ᠬᠡᠯᠡᠯᠴᠡᠭᠡᠷ︾ ᠶᠣᠰᠣᠭᠠᠷ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠯᠠᠨᠪᠤᠯᠠᠭ ᠤᠨ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ | ᠳᠣᠲᠣᠷᠠᠬᠢ ᠬᠡᠰᠡᠭ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠵᠠᠰᠠᠮᠠᠯ ᠵᠠᠮ | ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠢᠴᠢ ᠬᠦᠷᠢᠶᠡᠯᠡᠩ ᠳᠤ ᠣᠷᠣᠬᠤ ᠲᠤᠰᠬᠠᠶ | ᠬᠡᠷᠡᠭᠯᠡᠬᠦ ᠲᠡᠮᠦᠷ ᠵᠠᠮ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ ᠡᠭᠦᠷᠭᠡᠯᠡᠨ᠎ᠡ᠃ | ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ | ᠵᠢᠷᠤᠭᠰᠠᠨ ᠨᠢ ᠠᠯᠠᠱᠠ ᠵᠡᠭᠦᠨ ᠬᠤᠰᠢᠭᠤ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ | ᠲᠣᠪᠴᠢᠶ᠎ᠠ ᠶᠢᠨ ᠪᠦᠯᠦᠭᠯᠡᠯ ᠨᠠᠩ ᠣᠯᠠᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠳᠤ ᠬᠠᠮᠲᠤᠷᠠᠯᠴᠠᠭ᠎ᠠ | ᠥᠷᠨᠢᠭᠦᠯᠵᠦ᠂ ᠠᠯᠠᠱᠠ ᠵᠡᠭᠦᠨ ᠬᠤᠰᠢᠭᠤᠨ ᠤ ᠣᠷᠣᠨ ᠪᠠᠶᠢᠷᠢ᠂ ᠡᠬᠢ ᠪᠠᠶᠠᠯᠢᠭ ᠤᠨ ᠳᠠᠪᠠᠭᠤᠯᠢᠭ ᠵᠢᠴᠢ ᠳᠤᠮᠳᠠᠳᠤ | ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠪᠠᠯᠠ ᠲᠣᠬᠢᠷᠠᠭᠤᠯᠭ᠎ᠠ᠂ ᠮᠡᠷᠭᠡᠵᠢᠯ ᠤᠨ | ᠳᠠᠪᠠᠭᠤᠯᠢᠭ ᠢ ᠤᠯᠠᠮ ᠴᠢᠨᠠᠭᠰᠢᠳᠠ ᠪᠠᠳᠠᠷᠠᠭᠤᠯᠵᠤ᠂ ᠣᠯᠠᠨᠪᠤᠯᠠᠭ ᠬᠢᠯᠢ ᠳᠠᠭᠠᠤ ᠶᠢᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠬᠤ᠂ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠠᠷᠠᠭᠤᠯᠵᠤ ᠪᠠᠶᠢᠨ᠎ᠠ᠃ | | | |