ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠶᠢᠨ ᠠᠷᠠᠳ ᠶᠢᠨ ᠵᠠᠰᠠᠭ ᠤᠨ ᠣᠷᠳᠣᠨ ᠶᠢᠨ 2024 ᠣᠨ ᠤ ᠵᠠᠰᠠᠭ ᠤᠨ ᠣᠷᠳᠣᠨ ᠤ ᠮᠡᠳᠡᠭᠡᠯᠡᠯ ᠢ ᠢᠯᠡ ᠨᠡᠶᠢᠲᠡᠯᠡᠬᠦ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2025/3/24
      2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠲᠤᠬᠠᠢ ᠮᠡᠳᠡᠭᠦᠯᠦᠯᠲᠡ       ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ︵2011︶ 30 201130ᠳ᠋ᠤᠭᠠᠷ ᠲᠣᠭᠠᠲᠤ︶  ᠶᠢ ᠦᠨᠳᠦᠰᠦᠯᠡᠨ ᠵᠣᠬᠢᠶᠠᠵᠤ᠂ ᠡᠳᠦᠭᠡ ᠣᠯᠠᠨᠪᠤᠯᠠᠠᠪᠤᠯᠠᠭ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠨᠡᠶᠢᠭᠡᠮ ᠨᠡᠶᠢᠲᠡ ᠳᠤ ᠨᠡᠶᠢᠲᠡᠯᠡᠪᠡ᠃ ᠲᠤᠰ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠲᠡᠯ᠎ᠡ᠂ ᠮᠡᠳᠡᠭᠦᠯᠦᠯᠲᠡ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠠᠶᠢᠲ ᠲᠤ ᠲᠠᠲᠠᠵᠤ ᠠᠪᠬᠤ ᠪᠣᠯᠣᠮᠵᠢ ᠲᠠᠢ ︵http : / / www . alszq . gov . cn︶᠃ ᠲᠤᠰ ᠮᠡᠳᠡᠭᠦᠯᠦᠯᠲᠡ ᠳᠤ ᠶᠠᠮᠠᠷ ᠨᠢᠭᠡᠨ ᠮᠠᠳᠠᠭ ᠲᠠᠢ ᠪᠠᠶᠢᠪᠠᠯ᠂ ᠣᠯᠠᠨᠪᠤᠯᠠᠭ ᠪᠠᠯᠭᠠᠰᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠠᠢ ᠬᠠᠷᠢᠯᠴᠠᠭᠠᠷᠠᠢ᠃ ︵ᠬᠠᠶᠠᠭ᠄ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ︔ ᠤᠲᠠᠰᠤ᠄ 0483 - 8825011︶       ᠨᠢᠭᠡ᠂ ᠲᠣᠶᠢᠮᠣ ᠪᠠᠶᠢᠳᠠᠯ       ᠣᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠡᠳᠦᠷ ᠳᠣᠳᠣᠮ ᠤᠨ ᠴᠢᠬᠤᠯᠠ ᠵᠥᠪᠯᠡᠬᠦ ᠵᠦᠢᠯ ᠳᠡᠭᠡᠨ ᠢᠮᠠᠭᠲᠠ ᠣᠷᠣᠭᠤᠯᠵᠤ᠂ ᠡᠯ᠎ᠡ ᠢᠯᠠ ᠲᠣᠳᠣ ᠪᠣᠯᠭᠠᠬᠤ ᠪᠤᠯᠤᠩ ᠤᠨ ᠮᠡᠳᠡᠭᠡᠯᠡᠯ ᠢ ᠵᠢᠷᠤᠮᠯᠠᠬᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠪᠠ ᠥᠨᠳᠥᠷ ᠦᠷ᠎ᠡ ᠪᠦᠲᠦᠮᠵᠢᠲᠡᠢ ᠠᠵᠢᠯᠯᠠᠬᠤ ᠶᠢ ᠬᠦᠴᠦᠲᠡᠢ ᠪᠠᠲᠤᠯᠠᠵᠠᠢ᠃       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ       ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠢᠯᠠ ᠲᠣᠳᠣ ᠪᠣᠯᠭᠠᠬᠰᠠᠨ ᠮᠡᠳᠡᠭᠡᠯᠡᠯ ᠢ ᠴᠠᠭ ᠲᠤᠬᠠᠢ ᠳᠤᠨᠢ ᠨᠡᠶᠢᠲᠡᠯᠡᠬᠦ ᠪᠠ ᠰᠢᠨᠡᠳᠬᠡᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠢᠯᠠ ᠲᠣᠳᠣ ᠪᠣᠯᠭᠠᠬᠤ ᠴᠢᠨᠠᠷ ᠴᠢᠨᠰᠠᠭ᠎ᠠ ᠪᠠ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠵᠣᠷᠢᠯᠭ᠎ᠠ ᠲᠠᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       ᠵᠠᠰᠠᠭ ᠤᠨ ᠣᠷᠳᠣᠨ ᠤ ᠮᠡᠳᠡᠭᠡᠯᠡᠯ ᠢ ᠡᠷᠭᠦᠳᠡᠯ ᠤᠨ ᠳᠠᠭᠠᠤ ᠢᠯᠡ ᠪᠠᠶᠢᠯᠭᠠᠬᠤ ᠠᠵᠢᠯ ᠤᠨ ᠱᠠᠭᠠᠷᠳᠠᠯᠭ᠎ᠠ ᠪᠠ ᠠᠵᠢᠯ ᠤᠨ ᠴᠤᠪᠤᠷᠠᠯ ᠢ ᠴᠢᠩᠭ᠎ᠠ ᠵᠢᠷᠤᠮᠯᠠᠨ᠂ ᠡᠷᠭᠦᠳᠡᠯ ᠶᠣᠰᠣᠭᠠᠷ ᠵᠠᠰᠠᠭ ᠤᠨ ᠣᠷᠳᠣᠨ ᠤ ᠮᠡᠳᠡᠭᠡᠯᠡᠯ ᠢ ᠢᠯᠡ ᠪᠠᠶᠢᠯᠭᠠᠬᠤ ᠠᠵᠢᠯ ᠢ ᠭᠥᠯᠢᠶᠡᠨ ᠠᠪᠴᠤ ᠰᠢᠢᠳᠪᠦᠷᠢᠯᠡᠨ᠂ ᠭᠤᠶᠤᠴᠢᠯᠠᠭᠰᠠᠨ ᠪᠠᠶᠢᠳᠠᠯ ᠪᠠ ᠭᠦᠢᠴᠡᠳᠬᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠲᠡᠯᠡᠪᠡ᠃ 2024 ᠣᠨ ᠳᠤ ᠬᠠᠤᠯᠢ ᠶᠣᠰᠣᠭᠠᠷ ᠢᠯᠡ ᠡᠷᠭᠦᠳᠡᠯ ᠢ ᠣᠯᠣᠭᠰᠠᠨ ᠦᠭᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       ᠵᠠᠰᠠᠭ ᠤᠨ ᠣᠷᠳᠣᠨ ᠤ ᠮᠡᠳᠡᠭᠡᠯᠡᠯ ᠨᠡᠶᠢᠲᠡᠯᠡᠬᠦ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠠᠵᠢᠯ ᠤᠨ ᠶᠠᠪᠤᠴᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠦᠭᠯᠡᠭᠦᠷ ᠢ ᠴᠢᠩᠭ᠎ᠠ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ᠂ ᠡᠷᠭᠦᠳᠡᠯ ᠶᠣᠰᠣᠭᠠᠷ ᠢᠯᠠ ᠲᠣᠳᠣ ᠪᠣᠯᠭᠠᠬᠤ ᠪᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠦᠭᠡᠢ ᠪᠠᠶᠢᠬᠤ ᠶᠢ ᠲᠣᠳᠣᠷᠬᠠᠢ ᠵᠠᠭᠠᠭᠯᠠᠨ ᠲᠣᠭᠲᠠᠭᠠᠵᠤ᠂ ᠲᠤᠭ᠎ᠠ ᠪᠠᠷᠢᠮᠲᠠ ᠶᠢ ᠢᠯᠠ ᠲᠣᠳᠣ ᠪᠣᠯᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠮᠡᠳᠡᠭᠡᠯᠡᠯ ᠢ ᠬᠢᠨᠠᠨ ᠬᠠᠷᠭᠤᠭᠤᠯᠵᠤ ᠨᠡᠶᠢᠲᠡᠯᠡᠬᠦ ᠲᠣᠭᠲᠠᠴᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠵᠠᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠴᠢᠶᠠᠯᠠᠪᠤᠷᠢ ᠪᠤᠯᠭᠠᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠭᠤᠯᠭ᠎ᠠ ᠶᠢᠨ ᠪᠠᠶᠢᠭᠤᠯᠤᠯᠲᠠ ᠪᠠ ᠮᠡᠳᠡᠭᠡᠯᠡᠯ ᠨᠡᠶᠢᠲᠡᠯᠡᠬᠦ ᠶᠢᠨ ᠬᠢᠨᠠᠨ ᠬᠠᠷᠭᠤᠭᠤᠯᠬᠤ ᠶᠢ ᠦᠨᠡᠨᠬᠦ ᠴᠢᠩᠭᠠᠳᠬᠠᠨ᠂ ᠰᠦᠯᠵᠢᠶᠡᠨ ᠥᠷᠲᠡᠭᠡ ᠶᠢᠨ ᠠᠭᠤᠯᠭ᠎ᠠ ᠶᠢᠨ ᠣᠨᠣᠪᠴᠢᠲᠠᠢ᠂ ᠨᠡᠶᠢᠲᠡᠯᠡᠬᠦ ᠵᠢᠷᠤᠮᠵᠢᠯ᠂ ᠰᠢᠨᠡᠳᠬᠡᠬᠦ ᠪᠠ ᠴᠠᠭ ᠲᠤᠬᠠᠢ ᠳᠤᠨᠢ ᠪᠠᠶᠢᠯᠭᠠᠬᠤ ᠶᠢ ᠦᠨᠡᠨᠬᠦ ᠪᠠᠲᠤᠯᠠᠵᠠᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠬᠦᠴᠦᠨ ᠢ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠬᠤᠷᠳᠤᠴᠠ ᠲᠦᠷᠭᠡᠨ᠂ ᠣᠯᠠᠨ ᠲᠦᠮᠡᠨ ᠤ ᠬᠦᠯᠢᠶᠡᠬᠦ ᠬᠦᠷᠢᠶ᠎ᠡ ᠥᠷᠭᠡᠨ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠤᠯᠲᠠᠯ᠎ᠠ᠂ ︽ᠣᠯᠠᠨᠪᠤᠯᠠᠭ ᠨᠡᠶᠢᠲᠡᠯᠡᠯ︾ 5866 ᠭᠠᠷᠤᠢ ᠬᠥᠮᠥᠨ ᠳᠤ ᠠᠩᠬᠠᠷᠤᠯ ᠢᠶᠠᠨ ᠬᠠᠨᠳᠤᠭᠤᠯᠵᠤ᠂ ᠤᠭ ᠡᠭᠦᠳᠦᠯᠲᠡ ᠶᠢᠨ ᠮᠡᠳᠡᠭᠡ ᠵᠠᠩᠭᠢ 652 ᠵᠤᠷᠪᠤᠰ ᠨᠡᠶᠢᠲᠡᠯᠡᠵᠦ᠂ 15 ᠲᠦᠮᠡ ᠭᠠᠷᠤᠢ ᠤᠳᠠᠭ᠎ᠠ ᠬᠤᠪᠢᠶᠠᠨ ᠭᠠᠷᠭᠠᠪᠠ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠬᠢᠨᠠᠯᠲᠠ ᠲᠠᠯᠪᠢᠵᠤ ᠪᠠᠲᠤᠯᠠᠬᠤ ᠪᠠᠨ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠬᠢᠨᠠᠬᠤ ᠪᠣᠭᠤᠮᠲᠠ ᠶᠢ ᠴᠢᠩᠭ᠎ᠠ ᠠᠳᠬᠤᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠦᠢᠯᠡᠴᠢᠯᠡᠭᠡᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠪᠠᠶᠢᠳᠠᠯ ᠢ ᠪᠦᠭᠦ ᠲᠠᠯ᠎ᠠ ᠪᠠᠷ ᠡᠮᠬᠢᠯᠡᠵᠦ᠂ ᠵᠠᠰᠠᠭ ᠤᠨ ᠣᠷᠳᠣᠨ ᠤ ᠮᠡᠳᠡᠭᠡᠯᠡᠯ ᠨᠡᠶᠢᠲᠡᠯᠡᠬᠦ ᠭᠤᠷᠪᠠᠨ ᠱᠠᠲᠤᠨ ᠤ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠣᠨ ᠤ ᠮᠡᠳᠡᠭᠦᠯᠦᠯᠲᠡ᠂ ᠨᠢᠭᠤᠴᠠ ᠶᠢᠨ ᠪᠠᠲᠤᠯᠠᠭ᠎ᠠ ᠵᠡᠷᠭᠡ ᠲᠠᠯ᠎ᠠ ᠳᠤ ᠴᠢᠭᠯᠡᠭᠦᠯᠦᠨ᠂ ᠦᠰᠦᠭ ᠠᠯᠳᠠᠰᠢ᠂ ᠰᠡᠷᠭᠡᠭ ᠮᠡᠳᠡᠭᠡᠯᠡᠯ᠂ ᠰᠦᠯᠵᠢᠶᠡᠨ ᠥᠷᠲᠡᠭᠡ ᠶᠢᠨ ᠱᠣᠰᠢᠭ᠎ᠠ᠂ ᠬᠦᠴᠦᠨ ᠦᠭᠡᠢ ᠬᠤᠯᠪᠣᠯᠳᠤᠬᠤ ᠵᠡᠷᠭᠡ ᠳᠤ ᠴᠢᠭᠯᠡᠭᠦᠯᠦᠨ᠂ ᠮᠡᠳᠡᠭᠡᠯᠡᠯ ᠨᠡᠶᠢᠲᠡᠯᠡᠬᠦ ᠨᠢ ᠣᠨᠣᠪᠴᠢᠲᠠᠢ᠂ ᠠᠮᠤᠷ ᠲᠦᠪᠰᠢᠨ᠂ ᠪᠦᠭᠦ ᠲᠠᠯ᠎ᠠ ᠪᠠᠷ᠂ ᠲᠤᠭ᠎ᠠ ᠪᠠᠷᠢᠮᠲᠠ ᠶᠢᠨ ᠮᠡᠳᠡᠭᠡᠯᠡᠯ ᠤᠨ ᠦᠨᠡᠨ ᠪᠣᠳᠠᠲᠠᠢ᠂ ᠣᠨᠣᠪᠴᠢᠲᠠᠢ᠂ ᠬᠦᠴᠦᠨ ᠲᠡᠭᠦᠯᠳᠡᠷ ᠪᠠᠶᠢᠬᠤ ᠶᠢ ᠦᠨᠡᠨᠬᠦ ᠪᠠᠲᠤᠯᠠᠪᠠ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ             ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       2024 ᠣᠨ ᠳᠤ ᠣᠯᠠᠨᠪᠤᠯᠠᠭ ᠪᠠᠯᠭᠠᠰᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠦᠷ᠎ᠡ ᠪᠦᠲᠦᠮᠵᠢ ᠨᠢ ᠨᠡᠯᠢᠶᠡᠳ ᠰᠠᠶᠢᠨ᠂ ᠭᠡᠪᠡᠴᠦ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠄ ᠨᠢᠭᠡ ᠳᠤ ᠠᠵᠢᠯ ᠤᠨ ᠰᠠᠨᠠᠭᠠᠴᠢᠯᠠᠭᠠᠲᠤ ᠴᠢᠨᠠᠷ ᠨᠢ ᠬᠦᠷᠦᠯᠴᠡᠬᠦ ᠦᠭᠡᠢ ᠪᠠᠶᠢᠵᠤ᠂ ᠭᠤᠣᠯᠳᠠᠯᠭ᠎ᠠ ᠲᠠᠢ ᠠᠵᠢᠯ ᠳᠤᠮᠳᠠᠬᠢ ᠠᠬᠢᠴᠠ ᠶᠢᠨ ᠪᠠᠶᠢᠳᠠᠯ᠂ ᠣᠯᠠᠨ ᠲᠦᠮᠡᠨ ᠤ ᠠᠩᠬᠠᠷᠴᠤ ᠪᠠᠶᠢᠭ᠎ᠠ ᠵᠦᠢᠯᠡᠰ ᠢ ᠢᠯᠠ ᠲᠣᠳᠣ ᠪᠣᠯᠭᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ ᠬᠤᠶᠠᠷ ᠲᠤ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠬᠡᠰᠡᠭ ᠮᠡᠳᠡᠭᠡᠯᠡᠯ ᠤᠨ ᠠᠭᠤᠯᠭ᠎ᠠ ᠨᠢ ᠪᠠᠰᠠ ᠲᠡᠭᠦᠯᠳᠡᠷᠵᠢᠭᠡᠳᠦᠢ ᠪᠠᠶᠢᠵᠤ᠂ ᠴᠠᠭ ᠲᠤᠬᠠᠢ ᠳᠤᠨᠢ ᠨᠡᠶᠢᠲᠡᠯᠡᠬᠦ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠭᠪᠤᠷ ᠢ ᠤᠯᠠᠮ ᠵᠢᠷᠤᠮᠵᠢᠭᠤᠯᠬᠤ ᠴᠢᠬᠤᠯᠠᠲᠠᠢ ᠪᠠᠶᠢᠨ᠎ᠠ᠃       ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠳᠠᠷᠠᠭᠠᠴᠢ ᠶᠢᠨ ᠠᠯᠬᠤᠮ ᠳᠤ ᠮᠠᠨ ᠤ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠵᠡᠢ᠃ ᠨᠢᠭᠡ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠢᠯᠠ ᠲᠣᠳᠣ ᠪᠣᠯᠭᠠᠬᠤ ᠪᠠᠷ ᠵᠠᠷᠴᠢᠮ ᠪᠣᠯᠭᠠᠨ᠂ ᠢᠯᠠ ᠲᠣᠳᠣ ᠪᠣᠯᠭᠠᠬᠤ ᠦᠭᠡᠢ ᠪᠣᠯ ᠠᠰᠲᠠᠭᠠᠨ︾ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠵᠡᠷᠭᠡ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠳᠦᠷᠢᠮ ᠤᠨ ᠲᠣᠭᠲᠠᠭᠠᠯ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡᠯᠡᠯ ᠢ ᠴᠠᠭ ᠲᠤᠬᠠᠢ ᠳᠤᠨᠢ ᠢᠯᠠ ᠲᠣᠳᠣ ᠪᠣᠯᠭᠠᠵᠤ᠂ ᠠᠭᠤᠯᠭ᠎ᠠ ᠨᠢ ᠦᠨᠡᠨ ᠪᠣᠳᠠᠲᠠᠢ᠂ ᠪᠣᠳᠠᠲᠠᠢ᠂ ᠪᠦᠭᠦ ᠲᠠᠯ᠎ᠠ ᠶᠢᠨ ᠪᠠᠶᠢᠬᠤ ᠶᠢ ᠪᠡᠶᠡᠯᠡᠭᠦᠯᠵᠡᠢ᠃ ᠬᠤᠶᠠᠷ ᠲᠤ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠪᠠ ᠮᠡᠳᠡᠭᠡᠯᠡᠯ ᠨᠡᠶᠢᠲᠡᠯᠡᠬᠦ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠢᠯᠠ ᠲᠣᠳᠣ ᠪᠣᠯᠭᠠᠬᠤ ᠠᠭᠤᠯᠭ᠎ᠠ ᠲᠠᠬᠢ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠬᠤᠪᠢ ᠬᠥᠮᠥᠨ ᠤ ᠨᠢᠭᠤᠴᠠ ᠶᠢ ᠴᠠᠭ ᠲᠤᠬᠠᠢ ᠳᠤᠨᠢ ᠬᠦᠴᠦᠨ ᠦᠭᠡᠢ ᠪᠣᠯᠭᠠᠨ ᠰᠢᠢᠳᠪᠦᠷᠢᠯᠡᠵᠦ᠂ ᠰᠦᠯᠵᠢᠶᠡᠨ ᠤ ᠥᠷᠲᠡᠭᠡ ᠶᠢᠨ ᠠᠭᠤᠯᠭ᠎ᠠ ᠶᠢᠨ ᠵᠥᠪ ᠣᠨᠣᠪᠴᠢᠲᠠᠢ᠂ ᠨᠡᠶᠢᠲᠡᠯᠡᠨ ᠵᠢᠷᠤᠮᠵᠢᠯ ᠲᠠᠢ᠂ ᠰᠢᠨᠡᠳᠬᠡᠨ ᠴᠠᠭ ᠲᠤᠬᠠᠢ ᠳᠤᠨᠢ ᠪᠠᠶᠢᠯᠭᠠᠬᠤ ᠶᠢ ᠦᠨᠡᠨᠬᠦ ᠪᠠᠲᠤᠯᠠᠪᠠ᠃ ᠭᠤᠷᠪᠠ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠮᠡᠳᠡᠭᠡᠯᠡᠯ ᠢ ᠴᠠᠭ ᠲᠤᠬᠠᠢ ᠳᠤᠨᠢ ᠡᠮᠬᠢᠳᠬᠡᠨ ᠢᠯᠡ ᠨᠡᠶᠢᠲᠡᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠣᠷᠣᠨ ᠰᠠᠭᠤᠴᠠ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠨᠠᠰᠤᠵᠢᠯ ᠵᠡᠷᠭᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠵᠡᠩᠨᠡᠯᠲᠡ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠠᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       ᠰᠦᠢᠳᠬᠡᠯ ᠬᠤᠷᠢᠶᠠᠵᠤ ᠪᠠᠶᠢᠭ᠎ᠠ ᠪᠠᠶᠢᠳᠠᠯ᠄ ᠲᠤᠰ ᠵᠢᠯ ᠳᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号