| | ᠲᠠᠨ ᠤ ᠠᠮᠤᠷ ᠲᠦᠪᠰᠢᠨ ᠪᠠ ᠭᠡᠷ ᠪᠦᠯᠢ ᠶᠢᠨ ᠵᠣᠯ ᠵᠢᠷᠭᠠᠯ ᠢ ᠪᠠᠲᠤᠯᠠᠬᠤ ᠶᠢᠨ ᠲᠥᠯᠥᠭᠡ᠂ ᠳᠣᠣᠷᠠᠬᠢ ᠮᠡᠲᠦ | ᠠᠮᠤᠷ ᠲᠦᠪᠰᠢᠨ ᠤ ᠵᠦᠢᠯᠡᠰ ᠢ ᠠᠩᠬᠠᠷᠤᠭᠠᠷᠠᠢ᠄ | 1. ᠭᠠᠯ ᠤᠨ ᠠᠶᠤᠯ ᠢ ᠰᠡᠷᠭᠡᠶᠢᠯᠡᠬᠦ | ᠴᠠᠭᠢᠯᠭᠠᠨ ᠢ ᠠᠶᠤᠯᠭᠦᠢ ᠬᠡᠷᠡᠭᠯᠡᠬᠦ᠄ ᠰᠢᠯᠵᠢᠮᠡᠯ ᠤᠭᠯᠠᠭᠤᠷᠭ᠎ᠠ ᠤᠭᠰᠠᠷᠠᠵᠤ ᠵᠠᠯᠭᠠᠬᠤ ᠦᠭᠡᠢ᠂ | ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠬᠦ ᠦᠭᠡᠢ᠂ ᠬᠠᠭᠤᠴᠢᠷᠠᠭᠰᠠᠨ ᠲᠥᠬᠦᠭᠡᠷᠦᠮᠵᠢ ᠶᠢ ᠴᠠᠭ ᠲᠤᠬᠠᠢ ᠳᠤᠨᠢ ᠰᠣᠯᠢᠭᠠᠷᠠᠢ᠃ | | ᠴᠠᠭᠢᠯᠭᠠᠨ ᠭᠦᠳᠡᠯᠭᠡᠭᠦᠷᠲᠦ ᠲᠡᠷᠭᠡ ᠶᠢᠨ ᠬᠠᠮᠢᠶᠠᠷᠤᠯᠲᠠ᠄ ᠲᠣᠭᠲᠠᠭᠠᠯ ᠢ ᠵᠥᠷᠢᠴᠡᠨ ᠴᠠᠭᠢᠯᠭᠠᠨ | ᠭᠦᠳᠡᠯᠭᠡᠭᠦᠷᠲᠦ ᠲᠡᠷᠭᠡ ᠶᠢ ᠵᠣᠭᠰᠤᠭᠠᠬᠤ ᠪᠤᠶᠤ ᠴᠠᠭᠢᠯᠭᠠᠨ ᠴᠡᠨᠡᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠲᠦᠷ | ᠴᠠᠭ ᠤᠨ ᠴᠠᠭᠢᠯᠭᠠᠨ ᠡᠭᠦᠰᠬᠡᠭᠴᠢ᠂ ᠤᠭᠯᠠᠭᠤᠷᠭ᠎ᠠ ᠪᠠ ᠨᠡᠭᠡᠭᠡᠯᠭᠡ ᠵᠡᠷᠭᠡ ᠠᠷᠭ᠎ᠠ ᠮᠠᠶ᠋ᠢᠭ ᠢᠶᠠᠷ ᠴᠠᠭᠢᠯᠭᠠᠨ ᠴᠡᠨᠡᠭᠯᠡᠵᠦ | ᠪᠤᠯᠬᠤ ᠦᠭᠡᠢ᠃ | ᠪᠠᠶᠠᠷ ᠳᠤᠷᠠᠰᠬᠠᠯ ᠤᠨ ᠡᠳᠦᠷ ᠤᠨ ᠴᠢᠮᠡᠭᠯᠡᠯ᠄ ᠥᠩᠭᠡᠲᠦ ᠳ᠋ᠧᠩ᠂ ᠬᠤᠸᠠᠷ ᠴᠡᠴᠡᠭ ᠢᠶᠠᠷ | ᠭᠤᠶᠣᠵᠢᠭᠤᠯᠬᠤ ᠳᠠᠭᠠᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠪᠢᠲᠡᠭᠡᠢ ᠬᠠᠯᠬᠠᠯᠠ᠂ ᠭᠠᠯ ᠤᠨᠲᠠᠷᠠᠭᠠᠬᠤ | ᠰᠦᠷᠴᠢᠭᠦᠷ᠂ ᠤᠲᠤᠭ᠎ᠠ ᠶᠢᠨ ᠰᠡᠷᠡᠯ ᠤᠨ ᠬᠠᠶᠢᠭᠤᠷ ᠳᠡᠭᠡᠷ᠎ᠡ ᠡᠯᠭᠦᠵᠦ ᠪᠤᠯᠬᠤ ᠦᠭᠡᠢ᠃ | ᠠᠮᠤᠷ ᠲᠦᠪᠰᠢᠨ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠬᠦ᠄ ᠠᠮᠤᠷ ᠲᠦᠪᠰᠢᠨ ᠭᠠᠷᠬᠤ ᠡᠭᠦᠳᠡ᠂ | ᠲᠠᠷᠬᠠᠭᠠᠬᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡᠨ ᠤ ᠵᠠᠮ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ ᠶᠢ | ᠴᠢᠩᠭ᠎ᠠ ᠴᠠᠭᠠᠵᠠᠯᠠᠵᠤ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠪᠠ ᠭᠠᠯ ᠤᠨᠲᠠᠷᠠᠭᠠᠵᠤ ᠠᠶᠤᠯ ᠠᠴᠠ ᠠᠪᠤᠷᠠᠬᠤ ᠶᠢ | ᠬᠠᠷᠰᠢᠯᠠᠬᠤ ᠰᠠᠭᠠᠳ ᠢ ᠠᠷᠢᠯᠭᠠᠬᠤ ᠬᠡᠷᠡᠭᠲᠡᠢ᠃ | 2 ᠰᠢᠲᠠᠮᠠᠬᠠᠢ ᠬᠡᠢ ᠶᠢ ᠠᠶᠤᠯᠭᠦᠢ ᠬᠡᠷᠡᠭᠯᠡᠬᠦ | ᠰᠢᠲᠠᠮᠠᠬᠠᠢ ᠬᠡᠢ ᠬᠡᠷᠡᠭᠯᠡᠬᠦ ᠦᠶ᠎ᠡ ᠳᠤ ᠡᠭᠦᠳᠡ ᠴᠣᠩᠬᠤ ᠪᠠᠨ ᠨᠡᠭᠡᠭᠡᠨ ᠰᠠᠯᠬᠢ ᠨᠠᠪᠲᠠᠷᠡᠭᠦᠯᠵᠦ᠂ ᠠᠭᠠᠷ ᠤᠨ | ᠰᠣᠯᠢᠯᠴᠠᠭ᠎ᠠ ᠶᠢ ᠪᠠᠲᠤᠯᠠᠬᠤ ᠭᠡᠷᠡᠭᠲᠡᠶ;ᠰᠢᠲᠠᠮᠠᠬᠠᠢ ᠬᠡᠢ ᠶᠢ ᠬᠡᠷᠡᠭᠯᠡᠵᠦ ᠪᠠᠷᠠᠭᠰᠠᠨ ᠤ ᠳᠠᠷᠠᠭ᠎ᠠ᠂ ᠵᠤᠤᠬ᠎ᠠ ᠶᠢᠨ ᠡᠮᠦᠨ᠎ᠡ | ᠲᠠᠯ᠎ᠠ ᠶᠢᠨ ᠨᠡᠭᠡᠯᠡᠭᠡᠢ ᠶᠢ ᠬᠠᠭᠠᠬᠤ ᠬᠡᠷᠡᠭᠲᠡᠢ᠃ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤ ᠬᠡᠪ ᠤᠨ | ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠵᠤ᠂ ᠬᠦᠴᠦᠨ ᠦᠭᠡᠢ ᠪᠣᠯᠤᠭᠰᠠᠨ ᠲᠥᠬᠦᠭᠡᠷᠦᠮᠵᠢ ᠶᠢ ᠴᠠᠭ ᠲᠤᠬᠠᠢ | ᠳᠤᠨᠢ ᠰᠣᠯᠢᠬᠤ ᠬᠡᠷᠡᠭᠲᠡᠢ᠃ | 3. ᠵᠠᠮ ᠬᠠᠷᠢᠯᠴᠠᠭᠠᠨ ᠤ ᠠᠮᠤᠷ ᠲᠦᠪᠰᠢᠨ | ᠠᠷᠢᠬᠢ ᠤᠤᠭᠤᠪᠠᠯ ᠲᠡᠷᠭᠡ ᠵᠢᠯᠤᠭᠤᠳᠬᠤ ᠦᠭᠡᠢ᠂ ᠶᠠᠳᠠᠷᠠᠭᠰᠠᠨ ᠪᠠᠶᠢᠳᠠᠯ ᠳᠤ ᠲᠡᠷᠭᠡ ᠵᠢᠯᠤᠭᠤᠳᠬᠤ ᠦᠭᠡᠢ | ᠪᠠᠶᠢᠭᠠᠷᠠᠢ᠃ ᠲᠡᠷᠭᠡ ᠪᠠᠨ ᠣᠨᠢᠰᠤᠯᠠᠭᠰᠠᠨ ᠤ ᠳᠠᠷᠠᠭ᠎ᠠ ᠡᠭᠦᠳᠡ ᠶᠢ ᠨᠢ ᠲᠠᠲᠠᠵᠤ ᠪᠠᠶᠢᠴᠠᠭᠠᠨ ᠦᠵᠡᠬᠦ ᠳᠠᠳᠬᠠᠯ ᠲᠠᠢ | ᠪᠣᠯᠣᠭᠠᠷᠠᠢ᠃ ᠲᠡᠷᠭᠡᠨ ᠳᠣᠲᠣᠷ᠎ᠠ ᠦᠨᠡᠲᠡᠢ ᠶᠠᠭᠤᠮ᠎ᠠ ᠲᠠᠯᠪᠢᠵᠤ ᠪᠤᠯᠬᠤ ᠦᠭᠡᠢ᠃ | 4. ᠢᠳᠡᠭᠡᠨ ᠤᠮᠳᠠᠭᠠᠨ ᠤ ᠠᠮᠤᠷ ᠲᠦᠪᠰᠢᠨ | ᠢᠳᠡᠭᠡᠨ ᠳᠤ ᠬᠤᠣᠷᠳᠠᠭᠳᠠᠬᠤ ᠠᠴᠠ ᠰᠡᠷᠭᠡᠶᠢᠯᠡᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠵᠦ᠂ ᠰᠫᠢᠷᠲ ᠲᠤ | ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ | 5. ᠡᠳ᠋ ᠪᠣᠳᠠᠰ ᠤᠨ ᠠᠮᠤᠷ ᠲᠦᠪᠰᠢᠨ | ᠡᠯ᠎ᠡ ᠵᠦᠢᠯ ᠤᠨ ᠮᠡᠬᠡᠯᠡᠯ ᠢ ᠰᠡᠷᠭᠡᠶᠢᠯᠡᠵᠦ᠂ ᠡᠳ᠋ ᠬᠤᠭᠰᠢᠯ ᠢᠶᠠᠨ ᠬᠠᠮᠠᠭᠠᠯᠠᠬᠤ ᠶᠢ ᠴᠠᠭ ᠢᠮᠠᠭᠲᠠ | ᠠᠩᠬᠠᠷᠤᠭᠠᠷᠠᠢ᠃ |