| | ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠪᠠ ᠡᠷᠡᠭᠦᠯ | ᠴᠢᠭᠢᠷᠠᠭ ᠢᠳᠡᠭᠡᠨ ᠤᠮᠳᠠᠭᠠᠨ ᠤ ᠣᠶᠢᠯᠠᠭᠠᠭᠳᠠᠬᠤᠨ ᠤ ᠲᠦᠭᠡᠮᠡᠯᠵᠢᠯ ᠢ ᠳᠠᠭᠠᠯᠳᠤᠨ᠂ ᠦᠬᠡᠷ ᠤᠨ ᠮᠢᠬ᠎ᠠ ᠨᠢ ᠴᠢᠨᠠᠷ | ᠰᠠᠶᠢᠲᠠᠢ ᠤᠭᠤᠷᠠᠭ ᠤᠨ ᠢᠷᠡᠯᠲᠡ ᠪᠣᠯᠤᠭᠰᠠᠨ ᠤ ᠬᠤᠪᠢ ᠳᠤ᠂ ᠲᠡᠭᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ | ᠬᠡᠪᠴᠢᠶ᠎ᠡ ᠨᠢ ᠦᠷᠭᠦᠯᠵᠢᠯᠡᠨ ᠥᠷᠭᠡᠵᠢᠪᠡ᠃ 2024 ᠣᠨ ᠳᠤ ᠮᠠᠨ ᠤ ᠤᠯᠤᠰ ᠤᠨ ᠦᠬᠡᠷ ᠤᠨ ᠮᠢᠬ᠎ᠠ ᠶᠢᠨ | ᠬᠡᠷᠡᠭᠯᠡᠭᠡᠨ ᠤ ᠬᠡᠮᠵᠢᠶ᠎ᠡ 1070 ᠲᠦᠮᠡᠨ ᠲᠤᠨ ᠳᠤ ᠬᠦᠷᠴᠦ᠂ 2020 ᠣᠨ ᠠᠴᠠ ᠨᠠᠰᠢ᠂ 5 ᠵᠢᠯ ᠳᠠᠷᠠᠭᠠᠯᠠᠨ | ᠨᠡᠮᠡᠭᠳᠡᠵᠦ᠂ 3 ᠵᠢᠯ ᠳᠠᠷᠠᠭᠠᠯᠠᠨ 1000 ᠲᠦᠮᠡᠨ ᠲᠤᠨ ᠢ ᠳᠠᠪᠠᠪᠠ᠃ | ᠭᠡᠪᠡᠴᠦ ᠬᠡᠷᠡᠭᠴᠡᠭᠡ ᠨᠢ ᠨᠡᠮᠡᠭᠳᠡᠬᠦ ᠠᠴᠠ ᠪᠢᠰᠢ ᠦᠬᠡᠷ ᠤᠨ ᠮᠢᠬᠠᠨ ᠤ ᠦᠨ᠎ᠡ ᠥᠰᠬᠦ ᠦᠭᠡᠢ᠂ ᠬᠠᠷᠢᠨ | ᠭᠡᠳᠡᠷᠭᠦ ᠪᠠᠨ ᠡᠷᠭᠢᠭᠡᠳ ᠳᠣᠷᠣᠭᠰᠢᠯᠠᠳᠠᠭ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ | ᠪᠠᠷᠢᠮᠲᠠ ᠶᠢ ᠦᠨᠳᠦᠰᠦᠯᠡᠪᠡᠯ᠂ 2024 ᠣᠨ ᠳᠤ ᠪᠦᠭᠦ ᠤᠯᠤᠰ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ | ᠦᠬᠡᠷ ᠤᠨ ᠮᠢᠬ᠎ᠠ ︵ᠶᠠᠰᠤ ᠶᠢ ᠨᠢ ᠱᠤᠯᠤᠭᠰᠠᠨ ᠮᠢᠬ᠎ᠠ︶ ᠪᠣᠯᠣᠨ ᠠᠮᠢᠳᠤ ᠦᠬᠡᠷ ᠤᠨ ᠰᠠᠷ᠎ᠠ ᠶᠢᠨ ᠳᠤᠮᠳᠠᠴᠢ | ᠦᠨ᠎ᠡ ᠲᠣᠰᠪᠤᠷᠢ 69.83 ᠲᠥᠭᠦᠷᠢᠭ / ᠺᠢᠯᠣᠭ᠍ᠷᠠᠮ᠂ 27.76 ᠲᠥᠭᠦᠷᠢᠭ / ᠺᠢᠯᠦᠭᠷᠡᠮ ᠪᠣᠯᠵᠤ᠂ ᠳᠡᠭᠡᠷ᠎ᠡ | ᠵᠢᠯ ᠤᠨ ᠬᠢ ᠠᠴᠠ ᠲᠤᠰ ᠲᠤᠰ 15 %᠂ 20 % ᠪᠠᠷ ᠪᠠᠭᠤᠷᠠᠵᠤ᠂ ᠠᠮᠢᠳᠤ ᠦᠬᠡᠷ ᠤᠨ ᠦᠨ᠎ᠡ ᠨᠢᠭᠡᠨᠲᠡ | ᠣᠶᠢᠷ᠎ᠠ ᠶᠢᠨ 10 ᠵᠢᠯ ᠤᠨ ᠬᠠᠮᠤᠭ ᠳᠣᠣᠷ᠎ᠠ ᠬᠡᠮᠵᠢᠶᠡᠨ ᠳᠤ ᠬᠦᠷᠴᠡᠢ᠃ ᠨᠢᠳᠤᠨᠤᠨ ᠤ ᠵᠢᠯ ᠤᠨ ᠡᠴᠦᠰ ᠲᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠨᠡᠶᠢᠲᠡᠯᠡᠭᠰᠡᠨ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ | ᠦᠵᠡᠪᠡᠯ᠂ ᠮᠠᠨ ᠤ ᠤᠯᠤᠰ ᠤᠨ ᠦᠬᠡᠷ ᠤᠨ ᠮᠢᠬᠠᠨ ᠤ ᠦᠨ᠎ᠡ ᠵᠠᠯᠭ᠎ᠠ ᠪᠠᠷ 12 ᠳ᠋ᠤᠭᠠᠷ ᠰᠠᠷ᠎ᠠ ᠪᠠᠭᠤᠷᠠᠵᠤ᠂ | ᠮᠢᠬᠠᠨ ᠤ ᠦᠬᠡᠷ ᠤᠨ ᠪᠥᠭᠡᠮ ᠢᠶᠠᠷ ᠬᠤᠳᠠᠯᠳᠤᠬᠤ ᠦᠨ᠎ᠡ ᠴᠦ ᠣᠬᠤᠷ ᠬᠠᠭᠠᠰ ᠵᠢᠯ ᠤᠨ ᠳᠣᠲᠣᠷ᠎ᠠ 24 ᠪᠠᠷ | ᠪᠠᠭᠤᠷᠠᠵᠤ᠂ ᠲᠠᠪᠤᠨ ᠵᠢᠯ ᠤᠨ ᠲᠤᠷᠰᠢᠬᠢ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ | ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠲᠤᠭ᠎ᠠ ᠪᠠᠷᠢᠮᠲᠠ ᠠᠴᠠ ᠦᠵᠡᠪᠡᠯ᠂ | 2024 ᠣᠨ ᠤ 11ᠳ᠋ᠦ᠋ᠭᠡᠷ ᠰᠠᠷ᠎ᠠ ᠳᠤ ᠨᠢᠭᠡ ᠲᠣᠯᠣᠭᠠᠢ ᠠᠯᠠᠰᠢᠨ ᠦᠬᠡᠷ ᠢ ᠳᠤᠮᠳᠠᠴᠢ ᠪᠠᠷ 1600 | ᠲᠥᠭᠦᠷᠢᠭ ᠠᠴᠠ ᠳᠡᠭᠡᠭᠰᠢ ᠬᠤᠷᠣᠭᠳᠠᠭᠤᠯᠵᠤ᠂ 8 ᠳ᠋ᠤᠭᠠᠷ ᠰᠠᠷ᠎ᠠ ᠳᠠᠷᠠᠭᠠᠯᠠᠨ ᠠᠯᠳᠠᠭᠳᠠᠯ ᠨᠢ 1000 | ᠲᠥᠭᠦᠷᠢᠭ ᠢ ᠳᠠᠪᠠᠵᠤ᠂ 65 % ᠠᠴᠠ ᠳᠡᠭᠡᠭᠰᠢᠬᠢ ᠲᠡᠵᠢᠭᠡᠨ ᠦᠷᠡᠵᠢᠭᠦᠯᠬᠦ ᠲᠠᠯᠠᠪᠠᠢ ᠡᠷᠦᠭᠡ ᠠᠯᠳᠠᠭᠳᠠᠯ ᠲᠠᠢ | ᠪᠠᠶᠢᠳᠠᠯ ᠳᠤ ᠣᠷᠣᠵᠠᠢ᠃ | ᠬᠠᠷᠢᠨ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬᠠᠨ ᠤ ᠵᠠᠬ᠎ᠠ ᠵᠡᠭᠡᠯᠢ ᠶᠢᠨ ᠢᠯᠡᠷᠡᠯ ᠨᠢ | ᠢᠳᠡᠪᠬᠢ ᠲᠠᠢ ᠰᠠᠶᠢᠨ ᠪᠠᠶᠢᠨ᠎ᠠ᠃ 2024 ᠣᠨ ᠳᠤ ᠮᠠᠨ ᠤ ᠤᠯᠤᠰ ᠤᠨ ᠦᠬᠡᠷ ᠤᠨ ᠮᠢᠬ᠎ᠠ ᠭᠠᠳᠠᠭᠠᠳᠤ ᠠᠴᠠ | ᠣᠷᠣᠭᠤᠯᠬᠤ ᠬᠡᠮᠵᠢᠶ᠎ᠡ 287.5 ᠲᠦᠮᠡᠨ ᠲᠤᠨ ᠳᠤ ᠬᠦᠷᠴᠦ᠂ ᠤᠯᠤᠰ ᠤᠨ ᠦᠬᠡᠷ ᠤᠨ ᠮᠢᠬᠠᠨ ᠤ 37 % ᠶᠢ | ᠡᠵᠡᠯᠡᠨ᠂ ᠦᠬᠡᠷ ᠤᠨ ᠮᠢᠬ᠎ᠠ ᠭᠠᠳᠠᠭᠠᠳᠤ ᠠᠴᠠ ᠣᠷᠣᠭᠤᠯᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.8 | % ᠪᠠᠷ ᠨᠡᠮᠡᠭᠳᠡᠪᠡ᠃ ᠡᠳᠡᠭᠡᠷ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬ᠎ᠠ ᠨᠢ ᠭᠤᠣᠯᠳᠠᠭᠤ ᠪᠷᠠᠽᠢᠯ᠂ | ᠠᠷᠭᠧᠨ᠋ᠲ᠋ᠢᠨ ᠪᠣᠯᠣᠨ ᠦᠷᠦᠶᠢᠭᠤᠧᠠᠢ ᠪᠣᠯᠣᠨ᠎ᠠ᠃ | ᠡᠮᠦᠨᠡᠲᠦ ᠠᠮᠧᠷᠢᠺᠠ ᠶᠢᠨ ᠦᠬᠡᠷ ᠤᠨ ᠮᠢᠬ᠎ᠠ ᠪᠣᠯᠣᠨ ᠮᠠᠨ ᠤ ᠤᠯᠤᠰ ᠤᠨ ᠨᠤᠲᠤᠭ ᠳᠡᠪᠢᠰᠬᠡᠷᠲᠦ | ᠤᠯᠤᠰ ᠤᠨ ᠲᠠᠯ᠎ᠠ ᠨᠤᠲᠤᠭ ᠤᠨ ᠰᠢᠷ᠎ᠠ ᠦᠬᠡᠷ ᠨᠢ ᠬᠠᠩᠭᠠᠯᠭ᠎ᠠ ᠶᠢᠨ ᠬᠡᠯᠬᠢᠶᠡᠰᠦ ᠶᠢᠨ ᠥᠷᠢᠰᠦᠯᠳᠦᠭᠡᠨ ᠲᠠᠢ᠃ | ᠮᠠᠨ ᠤ ᠤᠯᠤᠰ ᠤᠨ ᠦᠬᠡᠷ ᠤᠨ ᠮᠢᠬᠠᠨ ᠤ ᠥᠷᠢᠰᠦᠯᠳᠦᠬᠦ ᠬᠦᠴᠦᠨ ᠢ ᠬᠡᠷᠬᠢᠨ ᠳᠡᠭᠡᠭᠰᠢᠯᠡᠭᠦᠯᠵᠦ᠂ | ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬᠠᠨ ᠤ ᠳᠠᠭᠠᠷᠢᠯᠲᠠ ᠶᠢ ᠪᠦᠲᠦᠮᠵᠢᠲᠡᠢ ᠬᠤᠷᠢᠭᠯᠠᠵᠤ᠂ ᠠᠵᠢᠯ | ᠲᠥᠷᠥᠯ ᠤᠨ ᠬᠢᠨ ᠤ ᠠᠩᠬᠠᠷᠤᠯ ᠤᠨ ᠲᠥᠪ ᠪᠣᠯᠵᠠᠢ᠃ | ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠬᠤ ᠨᠥᠯᠥᠭᠡᠯᠡᠯ ᠪᠠᠭᠤᠷᠠᠢ | ︽ᠮᠠᠨ ᠤ ᠤᠯᠤᠰ ᠤᠨ ᠦᠬᠡᠷ ᠤᠨ ᠮᠢᠬᠠᠨ ᠤ ᠠᠵᠤ ᠦᠢᠯᠡᠰ ᠤᠨ ᠬᠡᠯᠬᠢᠶᠡᠵᠢᠯ ᠨᠢ ᠬᠡᠳᠦᠶᠢᠪᠡᠷ | ᠡᠭᠦᠯᠳᠡᠷ ᠤᠨ ᠦᠬᠡᠷ ᠢ ᠪᠣᠶᠢᠵᠢᠭᠤᠯᠬᠤ᠂ ᠨᠢᠲᠤᠯᠬᠤ᠂ ᠡᠳ᠋ᠰᠢᠭᠦᠯᠬᠦ ᠠᠴᠠ ᠦᠵᠦᠭᠦᠷ ᠤᠨ ᠪᠣᠷᠣᠯᠠᠭᠤᠯᠤᠨ | ᠬᠤᠳᠠᠯᠳᠤᠬᠤ ᠪᠦᠭᠦ ᠲᠠᠯ᠎ᠠ ᠶᠢ ᠬᠠᠮᠤᠷᠳᠠᠭ ᠪᠤᠯᠪᠠᠴᠤ᠂ ᠣᠯᠠᠨ ᠭᠠᠵᠠᠷ ᠲᠤ ᠲᠠᠰᠤᠯᠬᠤ᠂ ᠬᠠᠮᠵᠢᠯᠴᠠᠬᠤ | ᠦᠢᠯᠡᠳᠦᠯ ᠢᠶᠠᠷ ᠰᠤᠯᠠ ᠵᠡᠷᠭᠡ ᠠᠰᠠᠭᠤᠳᠠᠯ ᠣᠷᠣᠰᠢᠵᠤ ᠪᠠᠶᠢᠳᠠᠭ᠃ 3 ᠳ᠋ᠤᠭᠠᠷ ᠰᠠᠷ᠎ᠠ ᠶᠢᠨ 3 ᠤ ᠡᠳᠦᠷ᠂ | ᠳᠤᠮᠳᠠᠳᠤ ᠶᠢᠨ ᠪᠣᠳᠠᠰ ᠤᠨ ᠬᠤᠯᠪᠣᠭᠠᠨ ᠤ ᠢᠳᠡᠭᠡᠨ ᠤ ᠵᠦᠢᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠤᠪᠢᠶᠠᠷᠢ | ᠨᠡᠶᠢᠭᠡᠮᠯᠢᠭ ᠤᠨ ᠭᠦᠢᠴᠡᠳᠬᠡᠬᠦ ᠳᠡᠳ᠋ ᠳᠠᠷᠤᠭ᠎ᠠ ᠴᠢᠨ ᠢᠦᠢ ᠮᠢᠩ ︽ᠳᠤᠮᠳᠠᠳᠤ ᠤᠯᠤᠰ ᠤᠨ ᠪᠣᠳᠠᠰ ᠤᠨ ᠭᠦᠢᠯᠭᠡᠭᠡ | ᠬᠢᠭᠡᠳ ᠬᠤᠳᠠᠯᠳᠤᠨ ᠠᠪᠬᠤ︾ ᠰᠡᠳᠬᠦᠯ ᠤᠨ ᠰᠤᠷᠪᠤᠯᠵᠢᠯᠠᠬᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ | ᠮᠠᠨ ᠤ ᠤᠯᠤᠰ ᠤᠨ ᠦᠬᠡᠷ ᠤᠨ ᠮᠢᠬᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢ ᠱᠠᠲᠤᠨ ᠳᠤ ᠮᠠᠰᠢ ᠣᠯᠠᠨ | ᠥᠷᠢᠰᠦᠯᠳᠦᠭᠡᠨ ᠣᠷᠣᠰᠢᠵᠤ ᠪᠠᠶᠢᠨ᠎ᠠ᠃ | ᠡᠭᠦᠯᠳᠡᠷ ᠤᠨ ᠦᠬᠡᠷ ᠢ ᠪᠣᠶᠢᠵᠢᠭᠤᠯᠬᠤ ᠶᠠᠪᠤᠴᠠ ᠳᠤ᠂ ᠭᠠᠳᠠᠭᠠᠳᠤ ᠶᠢᠨ ᠰᠢᠯᠢᠳᠡᠭ ᠡᠭᠦᠯᠳᠡᠷ ᠤᠨ ᠮᠠᠯ ᠢ | ᠲᠦᠰᠢᠭᠯᠡᠬᠦ ᠬᠡᠮᠵᠢᠶ᠎ᠡ ᠨᠢ ᠥᠨᠳᠥᠷ ᠪᠣᠯᠬᠤᠷ᠂ ᠡᠭᠦᠯᠳᠡᠷ ᠤᠨ ᠦᠬᠡᠷ ᠢ ᠣᠷᠣᠭᠤᠯᠵᠤ ᠢᠷᠡᠬᠦ ᠥᠪᠡᠷ ᠤᠨ ᠥᠷᠲᠡᠭ | ᠨᠢ ᠥᠨᠳᠥᠷ᠂ ᠡᠭᠦᠯᠳᠡᠷ ᠢ ᠰᠠᠶᠢᠵᠢᠷᠠᠭᠤᠯᠬᠤ ᠪᠠ ᠰᠢᠯᠢᠳᠡᠭᠵᠢᠭᠦᠯᠬᠦ ᠶᠠᠪᠤᠳᠠᠯ ᠨᠢ ᠬᠢᠵᠠᠭᠠᠷᠯᠠᠭᠳᠠᠵᠤ ᠪᠤᠢ᠃ ᠲᠡᠵᠢᠭᠡᠯ | ᠪᠣᠷᠳᠤᠭ᠎ᠠ ᠬᠠᠩᠭᠠᠬᠤ ᠶᠠᠪᠤᠴᠠ ᠳᠤ᠂ ᠤᠯᠠᠷᠢᠯ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠨᠥᠯᠥᠭᠡ ᠶᠢ | ᠢᠯᠡᠳᠲᠡ ᠬᠦᠷᠲᠡᠵᠦ᠂ ᠦᠨ᠎ᠡ ᠬᠠᠩᠰᠢ ᠶᠢᠨ ᠬᠡᠯᠪᠡᠯᠵᠡᠯᠲᠡ ᠳᠤᠮᠳᠠ ᠵᠡᠷᠭᠡ ᠪᠠᠶᠢᠳᠠᠭ᠃ ᠲᠡᠵᠢᠭᠡᠨ ᠦᠷᠡᠵᠢᠭᠦᠯᠵᠦ | ᠪᠣᠷᠳᠣᠬᠤ ᠲᠠᠯ᠎ᠠ ᠪᠠᠷ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠠᠬ᠎ᠠ ᠳᠡᠯᠭᠡᠭᠦᠷ ᠤᠨ ᠲᠥᠪᠯᠡᠷᠡᠯ ᠤᠨ ᠬᠡᠮᠵᠢᠶ᠎ᠡ ᠨᠢ | ᠨᠡᠯᠢᠶᠡᠳ ᠳᠣᠣᠷ᠎ᠠ᠂ ᠲᠠᠷᠠᠬᠠᠢ ᠡᠷᠦᠭᠡ ᠡᠵᠡᠯᠡᠵᠦ ᠪᠠᠶᠢᠭ᠎ᠠ ᠨᠢ ᠨᠡᠯᠢᠶᠡᠳ ᠥᠨᠳᠥᠷ᠂ ᠠᠵᠤ ᠦᠢᠯᠡᠰ ᠤᠨ | ᠪᠠᠷᠢᠮᠵᠢᠶᠠᠵᠢᠯᠲᠠ ᠶᠢᠨ ᠬᠡᠮᠵᠢᠶ᠎ᠡ ᠨᠢ ᠨᠡᠯᠢᠶᠡᠳ ᠳᠣᠣᠷ᠎ᠠ ᠪᠠᠶᠢᠳᠠᠭ᠃ ᠨᠢᠲᠤᠯᠵᠤ ᠪᠤᠯᠪᠠᠰᠤᠷᠠᠭᠤᠯᠬᠤ ᠲᠠᠯ᠎ᠠ ᠪᠠᠷ᠂ | ᠦᠬᠡᠷ ᠤᠨ ᠮᠢᠬᠠᠨ ᠤ ᠣᠬᠲᠣᠯᠤᠯᠲᠠ ᠶᠢᠨ ᠪᠠᠷᠢᠮᠵᠢᠶ᠎ᠠ ᠶᠢᠨ ᠬᠡᠮᠵᠢᠶ᠎ᠡ ᠨᠢ ᠨᠡᠯᠢᠶᠡᠳ ᠳᠣᠣᠷ᠎ᠠ ᠭᠠᠳᠠᠭᠠᠳᠤ ᠠᠴᠠ | ᠣᠷᠣᠭᠤᠯᠤᠭᠰᠠᠨ ᠦᠬᠡᠷ ᠤᠨ ᠮᠢᠬᠠᠨ ᠤ ᠦᠨ᠎ᠡ ᠨᠡᠯᠢᠶᠡᠳ ᠳᠣᠣᠷ᠎ᠠ ᠪᠠᠶᠢᠵᠤ᠂ ᠪᠦᠲᠦᠭᠡᠭᠳᠡᠬᠦᠨ ᠤ ᠭᠦᠢᠯᠭᠡᠭᠡᠨ ᠤ | ᠦᠷ᠎ᠡ ᠪᠦᠲᠦᠮᠵᠢ ᠶᠢ ᠨᠥᠯᠥᠭᠡᠯᠡᠳᠡᠭ᠃ ᠢᠳᠡᠭᠡᠨ ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠶᠢᠨ | ᠭᠤᠭᠴᠤᠭ᠎ᠠ ᠳᠤ᠂ ᠪᠤᠶᠢᠳᠠ ᠪᠥᠭᠯᠡᠭᠦᠦ ᠭᠠᠵᠠᠷ ᠣᠷᠣᠨ ᠤ ᠰᠣᠷᠭᠤᠭ ᠢᠶᠠᠷ ᠨᠢ ᠬᠠᠳᠠᠭᠠᠯᠠᠬᠤ ᠡᠳ᠋ ᠪᠠᠷᠠᠭᠠᠨ ᠤ | ᠭᠦᠢᠯᠭᠡᠭᠡᠨ ᠤ ᠪᠦᠷᠬᠦᠴᠡ ᠶᠢᠨ ᠬᠡᠪᠴᠢᠶ᠎ᠡ ᠨᠢ ᠬᠢᠵᠠᠭᠠᠷ ᠲᠠᠢ᠃ ᠪᠣᠷᠤᠯᠠᠭᠤᠯᠭ᠎ᠠ ᠶᠢᠨ ᠦᠵᠦᠭᠦᠷ ᠲᠠᠬᠢ ᠨᠡᠷᠡᠲᠦ | ᠲᠡᠮᠳᠡᠭᠲᠦ ᠶᠢᠨ ᠪᠠᠶᠢᠭᠤᠯᠤᠯᠲᠠ ᠪᠠᠭᠤᠷᠠᠢ᠂ ᠥᠪᠡᠷ ᠤᠨ ᠥᠷᠲᠡᠭ ᠠᠨᠠᠢ ᠪᠣᠯᠬᠤᠷ ᠮᠠᠨ ᠤ ᠤᠯᠤᠰ ᠤᠨ ᠦᠬᠡᠷ ᠤᠨ | ᠮᠢᠬᠠᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠲᠠᠨᠢᠯᠲᠠ ᠶᠢᠨ ᠬᠡᠮᠵᠢᠶ᠎ᠡ ᠪᠣᠯᠣᠨ ᠥᠷᠢᠰᠦᠯᠳᠦᠬᠦ ᠬᠦᠴᠦᠨ | ᠬᠦᠷᠦᠯᠴᠡᠬᠦ ᠦᠭᠡᠢ᠃ | ︽ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠪᠣᠯ ᠵᠠᠩᠭᠢᠯᠠᠭ᠎ᠠ | ᠪᠣᠯᠣᠨ᠎ᠠ᠃ ᠣᠶᠢᠷ᠎ᠠ ᠳᠤ᠂ ᠾᠧᠩ ᠳ᠋ᠦ᠋ ᠲᠠᠷᠢᠶᠠᠯᠠᠩ ᠤᠨ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠵᠦ ᠭᠠᠩ | ᠴᠢᠤᠸᠠᠨ ᠰᠤᠷᠪᠤᠯᠵᠢᠯᠠᠬᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠮᠠᠨ ᠤ ᠤᠯᠤᠰ ᠤᠨ ᠦᠬᠡᠷ ᠤᠨ ᠮᠢᠬ᠎ᠠ | ᠬᠠᠩᠭᠠᠬᠤ ᠭᠢᠨᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠨᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ | ᠪᠠ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠡᠭᠡᠷ᠎ᠡ ᠢᠯᠡᠷᠡᠵᠦ ᠪᠤᠢ᠃ ᠲᠡᠵᠢᠭᠡᠵᠦ ᠦᠷᠡᠵᠢᠭᠦᠯᠬᠦ | ᠭᠤᠭᠴᠤᠭ᠎ᠠ ᠳᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠨᠢ ᠠᠷᠠᠯᠵᠢᠶᠠᠨ ᠤ ᠳᠣᠣᠷᠠᠳᠤ ᠤᠷᠤᠰᠬᠠᠯ ᠤᠨ ᠪᠠ | ᠪᠤᠯᠪᠠᠰᠤᠷᠠᠭᠤᠯᠬᠤ ᠠᠵᠤ ᠠᠬᠤᠶᠢᠯᠠᠯ ᠳᠤ ᠦᠬᠡᠷ ᠤᠨ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ᠂ ᠥᠰᠦᠯᠲᠡ ᠶᠢᠨ | ᠣᠨᠴᠠᠯᠢᠭ᠂ ᠪᠣᠷᠣᠯᠠᠭᠤᠯᠬᠤ ᠴᠠᠭ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠩᠭᠠᠵᠤ᠂ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠠ ᠪᠣᠷᠣᠯᠠᠭᠤᠯᠬᠤ | ᠲᠥᠯᠥᠪᠯᠡᠭᠡ ᠪᠠᠨ ᠨᠡᠩ ᠰᠠᠶᠢᠲᠤᠷ ᠵᠣᠬᠢᠴᠠᠭᠤᠯᠬᠤ ᠳᠤ ᠳᠥᠭᠦᠮ ᠦᠵᠡᠭᠦᠯᠭᠦ ᠬᠡᠷᠡᠭᠲᠡᠢ᠃ ᠡᠭᠦᠨ ᠤ ᠬᠠᠮᠲᠤ | ᠠᠷᠠᠯᠵᠢᠶᠠᠨ ᠤ ᠬᠤᠳᠠᠯᠳᠤᠭᠠᠴᠢᠨ ᠪᠣᠯᠣᠨ ᠪᠤᠯᠪᠠᠰᠤᠷᠠᠭᠤᠯᠬᠤ ᠠᠵᠤ ᠠᠬᠤᠶᠢᠯᠠᠯ ᠪᠠᠰᠠ ᠲᠡᠵᠢᠭᠡᠨ ᠦᠷᠡᠵᠢᠭᠦᠯᠬᠦ | ᠠᠵᠤ ᠠᠬᠤᠶᠢᠯᠠᠯ ᠳᠤ ᠵᠠᠬ᠎ᠠ ᠳᠡᠯᠭᠡᠭᠦᠷ ᠤᠨ ᠬᠡᠷᠡᠭᠴᠡᠭᠡ᠂ ᠦᠨ᠎ᠡ ᠬᠠᠩᠰᠢ ᠶᠢᠨ ᠬᠠᠨᠳᠤᠰᠢ ᠵᠡᠷᠭᠡ ᠮᠡᠳᠡᠭᠡ ᠵᠠᠩᠭᠢ ᠶᠢ | ᠬᠠᠷᠢᠭᠤ ᠲᠤᠰᠬᠠᠵᠤ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠬᠠᠪᠰᠤᠷᠤᠨ ᠲᠡᠵᠢᠭᠡᠨ ᠦᠷᠡᠵᠢᠭᠦᠯᠬᠦ ᠪᠦᠲᠦᠴᠡ | ᠪᠣᠯᠣᠨ ᠬᠡᠪᠴᠢᠶ᠎ᠡ ᠪᠠᠨ ᠲᠣᠬᠢᠷᠠᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡᠨ ᠤ ᠬᠤᠪᠢᠷᠠᠯᠲᠠ ᠳᠤ ᠵᠣᠬᠢᠴᠠᠭᠤᠯᠬᠤ | ᠬᠡᠷᠡᠭᠲᠡᠢ᠃ | ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠲᠠᠯ᠎ᠠ ᠪᠠᠷ ᠵᠦ ᠭᠠᠩ ᠴᠢᠤᠸᠠᠨ᠂ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠪᠣᠯᠣᠨ ᠳᠣᠣᠷ᠎ᠠ ᠤᠷᠤᠰᠬᠠᠯ ᠤᠨ ᠠᠵᠤ ᠠᠬᠤᠶᠢᠯᠠᠯ ᠴᠢᠨᠠᠷ ᠴᠢᠨᠰᠠᠭ᠎ᠠ ᠶᠢᠨ | ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠳᠤ ᠬᠠᠮᠲᠤᠪᠠᠷ ᠣᠷᠤᠯᠴᠠᠬᠤ ᠬᠡᠷᠡᠭᠲᠡᠢ᠃ ᠴᠢᠨᠠᠷ ᠴᠢᠨᠰᠠᠭ᠎ᠠ ᠶᠢᠨ | ᠨᠢᠭᠡᠳᠦᠯᠲᠡᠢ ᠪᠠᠷᠢᠮᠵᠢᠶ᠎ᠠ ᠲᠣᠭᠲᠠᠭᠠᠬᠤ ᠪᠠᠷ ᠳᠠᠮᠵᠢᠨ᠂ ᠪᠣᠷᠣᠯᠠᠭᠤᠯᠬᠤ ᠦᠬᠡᠷ ᠤᠨ ᠮᠢᠬ᠎ᠠ ᠨᠢ ᠵᠠᠬ᠎ᠠ ᠳᠡᠯᠭᠡᠭᠦᠷ ᠤᠨ | ᠬᠡᠷᠡᠭᠴᠡᠭᠡ ᠪᠣᠯᠣᠨ ᠢᠳᠡᠭᠡᠨ ᠤ ᠠᠶᠦᠯᠭᠦᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠦᠢᠯᠡᠳᠬᠦᠨ ᠤ | ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠪᠣᠯᠣᠨ᠎ᠠ᠃ ᠡᠭᠦᠨ ᠤ ᠬᠠᠮᠲᠤ᠂ ᠴᠢᠨᠠᠷ | ᠴᠢᠨᠰᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠨᠢ ᠪᠠᠰᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠣᠨ ᠦᠢᠯᠡᠳᠬᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷ | ᠴᠢᠨᠰᠠᠭ᠎ᠠ ᠶᠢᠨ ᠠᠰᠠᠭᠤᠳᠠᠯ ᠠᠴᠠ ᠪᠣᠯᠤᠭᠰᠠᠨ ᠠᠵᠤ ᠠᠬᠤᠢ ᠶᠢᠨ ᠬᠤᠬᠢᠷᠠᠯ ᠢ ᠪᠠᠭᠠᠰᠬᠠᠬᠤ ᠳᠤ ᠠᠰᠢᠭᠲᠠᠢ ᠶᠤᠮ | ᠭᠡᠵᠡᠢ᠃ | ︽ᠤᠷᠲᠤ ᠬᠤᠭᠤᠴᠠᠭᠠᠨ ᠤ ᠬᠠᠮᠲᠤᠷᠠᠯᠴᠠᠭ᠎ᠠ ᠪᠠ ᠲᠣᠭᠲᠠᠭᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ | ᠪᠣᠯ ᠮᠠᠨ ᠤ ᠤᠯᠤᠰ ᠤᠨ ᠦᠬᠡᠷ ᠤᠨ ᠮᠢᠬᠠᠨ ᠤ ᠠᠵᠤ ᠦᠢᠯᠡᠰ ᠤᠨ ᠬᠡᠯᠬᠢᠶᠡᠵᠢᠯ ᠤᠨ ᠬᠠᠩᠭᠠᠯᠭ᠎ᠠ ᠶᠢᠨ ᠬᠡᠯᠬᠢᠶ᠎ᠡ ᠶᠢᠨ | ᠬᠠᠮᠵᠢᠯᠴᠠᠭᠰᠠᠨ ᠤ ᠴᠢᠬᠤᠯᠠ ᠲᠠᠯ᠎ᠠ ᠪᠣᠯᠣᠨ᠎ᠠ᠃ ᠴᠢᠨ ᠢᠦᠢ ᠮᠢᠩ ᠤᠨ ᠦᠵᠡᠬᠦ ᠪᠠᠷ᠂ ᠳᠣᠣᠷ᠎ᠠ ᠤᠷᠤᠰᠬᠠᠯ ᠤᠨ | ᠠᠵᠤ ᠠᠬᠤᠶᠢᠯᠠᠯ ᠲᠠᠢ ᠤᠷᠲᠤ ᠬᠤᠭᠤᠴᠠᠭᠠᠨ ᠤ ᠲᠣᠭᠲᠠᠪᠤᠷᠢᠲᠠᠢ ᠬᠠᠮᠲᠤᠷᠠᠨ ᠠᠵᠢᠯᠯᠠᠬᠤ ᠬᠠᠷᠢᠴᠠᠭ᠎ᠠ | ᠪᠠᠶᠢᠭᠤᠯᠬᠤ ᠪᠠᠷ ᠳᠠᠮᠵᠢᠨ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠨᠢ ᠪᠣᠷᠣᠯᠠᠭᠤᠯᠬᠤ ᠠᠷᠭ᠎ᠠ ᠵᠠᠮ ᠤᠨ ᠰᠠᠭᠠᠳ | ᠦᠭᠡᠢ ᠨᠡᠪᠲᠡᠷᠡᠬᠦ ᠪᠠ ᠲᠣᠭᠲᠠᠭᠤᠨ ᠪᠠᠶᠢᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠠᠭᠤᠷᠠᠭᠤᠯᠵᠤ | ᠪᠣᠯᠣᠨ᠎ᠠ᠃ ᠡᠭᠦᠨ ᠤ ᠬᠠᠮᠲᠤ᠂ ᠳᠣᠣᠷᠠᠳᠤ ᠤᠷᠤᠰᠬᠠᠯ ᠤᠨ ᠠᠵᠤ ᠠᠬᠤᠶᠢᠯᠠᠯ ᠪᠠᠰᠠ ᠲᠣᠭᠲᠠᠪᠤᠷᠢᠲᠠᠢ ᠲᠦᠭᠦᠬᠡᠢ | ᠡᠳ᠋ ᠤᠨ ᠬᠠᠩᠭᠠᠯᠭ᠎ᠠ ᠣᠯᠵᠤ᠂ ᠦᠢᠯᠡᠳᠪᠦᠷᠢᠯᠡᠯ ᠪᠠ ᠪᠣᠷᠣᠯᠠᠭᠤᠯᠤᠯᠲᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ | ᠪᠣᠯᠣᠨ᠎ᠠ᠃ | ᠬᠠᠩᠭᠠᠯᠭ᠎ᠠ ᠬᠡᠷᠡᠭᠴᠡᠭᠡ ᠶᠢᠨ ᠲᠣᠭᠲᠠᠭᠤᠨ ᠬᠠᠷᠢᠴᠠᠭ᠎ᠠ ᠶᠢ ᠬᠠᠮᠠᠭᠠᠯᠠᠬᠤ ᠶᠢᠨ ᠲᠥᠯᠥᠭᠡ᠂ ᠴᠢᠨ ᠢᠦᠢ | ᠮᠢᠩ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠣᠨ ᠤ | ᠦᠢᠯᠡᠳᠪᠦᠷᠢᠯᠡᠯ ᠤᠨ ᠲᠥᠯᠥᠪᠯᠡᠭᠡ ᠪᠠ ᠪᠣᠷᠣᠯᠠᠭᠤᠯᠬᠤ ᠲᠥᠯᠥᠪᠯᠡᠭᠡ ᠲᠣᠭᠲᠠᠭᠠᠵᠤ᠂ ᠬᠤᠶᠠᠷ ᠲᠠᠯ᠎ᠠ ᠶᠢᠨ ᠡᠷᠬᠡ ᠪᠠ | ᠡᠭᠦᠷᠭᠡ ᠪᠠᠨ ᠲᠣᠳᠣᠷᠬᠠᠶᠢᠯᠠᠵᠤ ᠪᠣᠯᠣᠨ᠎ᠠ ᠭᠡᠵᠦ ᠰᠠᠨᠠᠭᠤᠯᠵᠠᠢ᠃ ᠡᠭᠦᠨ ᠠᠴᠠ ᠭᠠᠳᠠᠨ᠎ᠠ᠂ ᠪᠠᠰᠠ ᠤᠷᠲᠤ | ᠬᠤᠭᠤᠴᠠᠭᠠᠨ ᠤ ᠭᠡᠷ᠎ᠡ ᠲᠣᠭᠲᠠᠭᠠᠬᠤ᠂ ᠦᠨ᠎ᠡ ᠬᠠᠩᠰᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠪᠠᠶᠢᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠲᠣᠭᠲᠠᠭᠤᠨ ᠴᠢᠨᠠᠷ ᠪᠠ | ᠦᠷᠭᠦᠯᠵᠢᠯᠡᠬᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ᠬᠦᠢᠲᠡᠨ ᠢᠶᠠᠷ ᠬᠡᠯᠬᠢᠶᠡᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ ᠦᠬᠡᠷ ᠤᠨ ᠮᠢᠬᠠᠨ ᠤ ᠬᠤᠷᠣᠭᠳᠠᠯ ᠢ | ᠪᠠᠭᠠᠰᠬᠠᠶ᠎ᠠ | ᠮᠠᠯ ᠤᠨ ᠠᠰᠢᠭ ᠰᠢᠮ᠎ᠡ ᠶᠢᠨ ᠪᠣᠳᠠᠰ ᠤᠨ ᠭᠦᠢᠯᠭᠡᠭᠡ ᠪᠣᠯ ᠠᠮᠢᠲᠠᠨ ᠲᠡᠵᠢᠭᠡᠬᠦ ᠲᠠᠯᠠᠪᠠᠢ ᠠᠴᠠ | ᠬᠡᠷᠡᠭᠯᠡᠭᠴᠢᠳ ᠤᠨ ᠬᠤᠭᠤᠯᠠᠨ ᠰᠢᠷᠡᠭᠡ ᠬᠦᠷᠲᠡᠯᠡᠬᠢ ᠪᠦᠭᠦ ᠶᠠᠪᠤᠴᠠ ᠪᠣᠯᠣᠨ᠎ᠠ᠂ ᠰᠢᠨ᠎ᠡ ᠰᠣᠷᠭᠤᠭ ᠢ ᠬᠠᠮᠠᠭᠠᠯᠠᠬᠤ | ᠠᠰᠠᠭᠤᠳᠠᠯ ᠪᠣᠯ ᠮᠠᠯ ᠤᠨ ᠠᠰᠢᠭ ᠰᠢᠮ᠎ᠡ ᠶᠢᠨ ᠪᠣᠳᠠᠰ ᠤᠨ ᠭᠦᠢᠯᠭᠡᠭᠡᠨ ᠤ ᠶᠠᠪᠤᠴᠠ ᠳᠠᠬᠢ ᠨᠢᠭᠡᠨ ᠲᠣᠮᠣ ᠬᠦᠴᠢᠷ | ᠠᠰᠠᠭᠤᠳᠠᠯ ᠪᠣᠯᠣᠨ᠎ᠠ᠃ | ︽ᠲᠡᠭᠡᠭᠡᠪᠦᠷᠢᠯᠡᠬᠦ ᠠᠷᠭ᠎ᠠ ᠮᠠᠶ᠋ᠢᠭ ᠪᠠ ᠱᠤᠭᠤᠮ ᠢ ᠰᠢᠯᠢᠳᠡᠭᠵᠢᠭᠦᠯᠬᠦ ᠪᠣᠯ ᠤᠯᠤᠰ ᠠᠴᠠ | ᠦᠢᠯᠡᠳᠪᠦᠷᠢᠯᠡᠭᠰᠡᠨ ᠦᠬᠡᠷ ᠤᠨ ᠮᠢᠬᠠᠨ ᠤ ᠴᠢᠨᠠᠷ ᠪᠠ ᠬᠤᠷᠣᠭᠳᠠᠯ ᠢ ᠪᠠᠭᠤᠷᠠᠭᠤᠯᠬᠤ ᠴᠢᠬᠤᠯᠠ ᠵᠠᠩᠭᠢᠯᠠᠭ᠎ᠠ | ᠪᠣᠯᠣᠨ᠎ᠠ᠃ ᠲᠡᠷᠡ ᠵᠢᠭᠠᠵᠤ ᠭᠠᠷᠭᠠᠭᠰᠠᠨ ᠨᠢ᠂ ᠲᠣᠬᠢᠷᠠᠮᠵᠢᠲᠠᠢ ᠲᠡᠭᠡᠭᠡᠪᠦᠷᠢ ᠶᠢᠨ ᠠᠷᠭ᠎ᠠ ᠮᠠᠶ᠋ᠢᠭ ᠢ ᠰᠣᠩᠭᠤᠬᠤ | ᠦᠶ᠎ᠡ ᠳᠤ᠂ ᠡᠷᠬᠡᠪᠰᠢ ᠰᠢᠨ᠎ᠡ ᠰᠣᠷᠭᠤᠭ ᠴᠢᠨᠠᠷ ᠢ ᠪᠠᠲᠤᠯᠠᠬᠤ ᠬᠤᠭᠤᠴᠠᠭ᠎ᠠ᠂ ᠳᠤᠯᠠᠭᠠᠨ ᠤ ᠳᠣᠯᠭᠢᠶᠠᠯᠠᠯ ᠳᠤ | ᠰᠣᠷᠭᠤᠭ ᠪᠠᠶᠢᠬᠤ ᠬᠡᠮᠵᠢᠶ᠎ᠡ ᠵᠢᠴᠢ ᠵᠥᠭᠡᠭᠡᠪᠦᠷᠢ ᠶᠢᠨ ᠵᠠᠢ᠂ ᠵᠠᠮ ᠳᠠᠭᠠᠤ ᠣᠷᠴᠢᠨ ᠨᠥᠬᠦᠴᠡᠯ ᠤᠨ ᠨᠥᠬᠦᠴᠡᠯ ᠵᠡᠷᠭᠡ | ᠣᠯᠠᠨ ᠲᠠᠯ᠎ᠠ ᠶᠢᠨ ᠡᠯᠧᠮᠧᠨ᠋ᠲ ᠢ ᠨᠠᠷᠢᠨ ᠨᠢᠮᠪᠠᠢ ᠪᠣᠳᠣᠯᠬᠢᠯᠠᠬᠤ ᠬᠡᠷᠡᠭᠲᠡᠢ᠃ ᠨᠡᠯᠢᠶᠡᠳ ᠬᠤᠯᠠ ᠵᠠᠢ ᠪᠠ ᠤᠷᠲᠤ | ᠬᠤᠭᠤᠴᠠᠭ᠎ᠠ ᠪᠠᠷ ᠵᠥᠭᠡᠭᠡᠪᠦᠷᠢᠯᠡᠬᠦ ᠴᠢᠬᠤᠯᠠᠲᠠᠢ ᠦᠬᠡᠷ ᠤᠨ ᠮᠢᠬᠠᠨ ᠤ ᠪᠦᠲᠦᠭᠡᠭᠳᠡᠬᠦᠨ ᠢ᠂ ᠢᠳᠡᠭᠡᠨ ᠤᠮᠳᠠᠭᠠᠨ ᠢ | ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠶᠢᠨ ᠲᠡᠷᠭᠡ ᠪᠤᠶᠤ ᠲᠡᠮᠦᠷ ᠵᠠᠮ ᠤᠨ ᠢᠳᠡᠭᠡᠨ ᠤᠮᠳᠠᠭᠠᠨ ᠢ | ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠶᠢᠨ ᠲᠡᠭᠦᠨ ᠤ ᠲᠣᠭᠲᠠᠭᠤᠨ ᠪᠥᠭᠡᠳ ᠦᠷᠭᠦᠯᠵᠢᠯᠡᠨ ᠳᠤᠯᠠᠭᠠᠨ ᠤ | ᠬᠡᠮᠵᠢᠶ᠎ᠡ ᠶᠢ ᠬᠢᠵᠠᠭᠠᠷᠯᠠᠬᠤ ᠴᠢᠳᠠᠪᠤᠷᠢ ᠶᠢᠨ ᠲᠡᠷᠢᠭᠦᠨ ᠰᠣᠩᠭᠤᠯᠲᠠ ᠪᠣᠯᠵᠤ᠂ ᠲᠡᠳᠡᠭᠡᠷ ᠨᠢ ᠦᠢᠯᠡᠳᠬᠦᠨ ᠤ ᠵᠠᠮ | ᠳᠤᠮᠳᠠᠬᠢ ᠳᠤᠯᠠᠭᠠᠨ ᠤ ᠬᠡᠮᠵᠢᠶ᠎ᠡ ᠶᠢ ᠲᠣᠭᠲᠠᠪᠤᠷᠢᠲᠠᠢ ᠪᠠᠶᠢᠯᠭᠠᠬᠤ ᠶᠢ ᠪᠦᠲᠦᠮᠵᠢᠲᠡᠢ ᠪᠠᠷ ᠪᠠᠲᠤᠯᠠᠵᠤ᠂ ᠴᠢᠨᠠᠷ | ᠴᠢᠨᠰᠠᠭ᠎ᠠ ᠶᠢᠨ ᠲᠣᠭᠲᠠᠭᠤᠨ ᠪᠠᠶᠢᠬᠤ ᠪᠠ ᠰᠢᠨ᠎ᠡ ᠰᠣᠷᠭᠤᠭ ᠪᠠᠶᠢᠬᠤ ᠶᠢ ᠪᠠᠲᠤᠯᠠᠵᠤ ᠴᠢᠳᠠᠨ᠎ᠠ᠃ ᠣᠶᠢᠷ᠎ᠠ ᠪᠤᠶᠤ | ᠬᠤᠲᠠ ᠳᠤ ᠲᠣᠬᠢᠷᠠᠭᠤᠯᠤᠨ ᠬᠦᠷᠭᠡᠬᠦ ᠪᠠᠶᠢᠳᠠᠯ ᠳᠤ᠂ ᠬᠦᠢᠲᠡᠨ ᠬᠠᠳᠠᠭᠠᠯᠠᠬᠤ ᠲᠡᠷᠭᠡ ᠪᠤᠶᠤ ᠥᠨᠳᠥᠷ ᠪᠦᠲᠦᠮᠵᠢᠲᠡᠢ | ᠳᠤᠯᠠᠭᠠᠨ ᠢ ᠬᠠᠮᠠᠭᠠᠯᠠᠬᠤ ᠴᠢᠳᠠᠪᠬᠢ ᠲᠠᠢ ᠬᠠᠶᠢᠷᠴᠠᠭ ᠤᠨ ᠤᠶᠠᠨ ᠬᠠᠳᠠᠨ ᠳᠥᠭᠦᠮ ᠳᠥᠲᠡ ᠪᠠᠶᠢᠵᠤ᠂ ᠲᠦᠷᠭᠡᠨ | ᠬᠦᠷᠭᠡᠬᠦ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ᠂ ᠦᠬᠡᠷ ᠤᠨ ᠮᠢᠬᠠᠨ ᠤ ᠰᠢᠨ᠎ᠡ ᠰᠣᠷᠭᠤᠭ ᠴᠢᠨᠠᠷ | ᠨᠢ ᠨᠥᠯᠥᠭᠡᠯᠡᠭᠳᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | ᠴᠢᠨᠢ ᠢᠦᠢ ᠮᠢᠩ ᠬᠠᠷᠢᠨ ᠬᠥᠷᠥᠭᠡᠯᠲᠡ ᠶᠢᠨ ᠲᠧᠭᠨᠣᠯᠣᠭᠢ ᠪᠣᠯᠣᠨ ᠲᠣᠨᠤᠭ ᠲᠥᠬᠦᠭᠡᠷᠦᠮᠵᠢ ᠶᠢᠨ ᠵᠡᠷᠭᠡᠯᠡᠯ | ᠳᠡᠭᠡᠭᠰᠢᠯᠡᠭᠦᠯᠭᠦ ᠨᠢ ᠳᠣᠲᠣᠭᠠᠳᠤ ᠶᠢᠨ ᠦᠬᠡᠷ ᠤᠨ ᠮᠢᠬᠠᠨ ᠤ ᠨᠡᠶᠢᠯᠡᠭᠦᠯᠦᠯᠲᠡ ᠶᠢᠨ ᠪᠠᠷᠠᠭᠠᠨ ᠤ ᠭᠦᠢᠯᠭᠡᠭᠡᠨ ᠤ | ᠬᠥᠷᠥᠭᠡᠯᠲᠡ ᠬᠡᠯᠬᠢᠶᠡᠨ ᠤ ᠰᠢᠯᠢᠳᠡᠭᠵᠢᠯ ᠤᠨ ᠴᠢᠬᠤᠯᠠ ᠴᠢᠭᠯᠡᠯ ᠪᠣᠯᠣᠨ᠎ᠠ ᠭᠡᠵᠦ ᠦᠵᠡᠪᠡ᠃ ᠬᠡᠷᠡᠭᠯᠡᠭᠴᠢᠳ ᠤᠨ | ᠦᠬᠡᠷ ᠤᠨ ᠮᠢᠬᠠᠨ ᠤ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠶᠢᠨ ᠳᠡᠭᠡᠭᠰᠢᠯᠡᠬᠦ ᠶᠢ ᠳᠠᠭᠠᠯᠳᠤᠨ᠂ ᠤᠯᠠᠮᠵᠢᠯᠠᠯᠲᠤ | ᠬᠥᠷᠥᠭᠡᠯᠲᠡ ᠮᠡᠷᠭᠡᠵᠢᠯ ᠪᠣᠯᠣᠨ ᠲᠣᠨᠤᠭ ᠲᠥᠬᠦᠭᠡᠷᠦᠮᠵᠢ ᠨᠢ ᠨᠢᠭᠡᠨᠲᠡ ᠵᠠᠬ᠎ᠠ ᠳᠡᠯᠭᠡᠭᠦᠷ ᠤᠨ ᠱᠠᠭᠠᠷᠳᠠᠯᠭ᠎ᠠ ᠶᠢ | ᠬᠠᠩᠭᠠᠵᠤ ᠳᠡᠶᠢᠯᠭᠦ ᠦᠭᠡᠢ ᠪᠣᠯᠵᠠᠢ᠃ ᠡᠶᠢᠮᠦ ᠠᠴᠠ᠂ ᠬᠥᠯᠳᠡᠭᠡᠭᠦᠷ ᠤᠨ ᠬᠡᠯᠬᠢᠶ᠎ᠡ ᠮᠡᠷᠭᠡᠵᠢᠯ ᠪᠠ ᠲᠥᠬᠦᠭᠡᠷᠦᠮᠵᠢ ᠶᠢ | ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠳᠬᠠᠵᠤ᠂ ᠢᠳᠡᠭᠡᠨ ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ | ᠲᠡᠭᠡᠭᠡᠪᠦᠷᠢ ᠶᠢᠨ ᠦᠷ᠎ᠡ ᠪᠦᠲᠦᠮᠵᠢ ᠪᠠ ᠴᠢᠨᠠᠷ ᠴᠢᠨᠰᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ | ᠴᠢᠬᠤᠯᠠᠲᠠᠢ᠃ | ᠪᠣᠳᠠᠲᠠᠢ ᠪᠠᠷ ᠬᠡᠯᠡᠪᠡᠯ᠂ ᠲᠡᠷᠢᠭᠦᠨ ᠤ ᠬᠥᠯᠳᠡᠭᠡᠬᠦ ᠮᠡᠷᠭᠡᠵᠢᠯ ᠪᠣᠯᠣᠨ ᠳᠤᠯᠠᠭᠠᠨ ᠢ ᠬᠠᠳᠠᠭᠠᠯᠠᠬᠤ | ᠮᠠᠲ᠋ᠧᠷᠢᠶᠠᠯ ᠢ ᠬᠡᠷᠡᠭᠯᠡᠵᠦ᠂ ᠢᠳᠡᠭᠡᠨ ᠤᠮᠳᠠᠭᠠᠨ ᠢ ᠰᠣᠷᠭᠤᠭ ᠢᠶᠠᠷ ᠨᠢ ᠬᠠᠳᠠᠭᠠᠯᠠᠬᠤ ᠲᠡᠭᠡᠭᠡᠪᠦᠷᠢ ᠶᠢᠨ ᠲᠡᠷᠭᠡ ᠶᠢᠨ | ᠳᠤᠯᠠᠭᠠᠨ ᠢ ᠬᠠᠳᠠᠭᠠᠯᠠᠬᠤ ᠴᠢᠳᠠᠪᠤᠷᠢ ᠪᠣᠯᠣᠨ ᠬᠥᠯᠳᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠯᠣᠨ᠎ᠠ᠃ | ᠡᠭᠦᠨ ᠤ ᠬᠠᠮᠲᠤ᠂ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠪᠣᠯᠣᠨ ᠪᠣᠳᠠᠰ ᠤᠨ ᠬᠤᠯᠪᠣᠭᠠᠨ ᠤ | ᠰᠦᠯᠵᠢᠶ᠎ᠡ ᠶᠢᠨ ᠮᠡᠷᠭᠡᠵᠢᠯ ᠢ ᠣᠷᠣᠭᠤᠯᠤᠨ ᠠᠪᠴᠢᠷᠠᠵᠤ᠂ ᠬᠥᠯᠳᠡᠭᠡᠵᠦ ᠬᠡᠯᠬᠢᠶᠡᠵᠢᠭᠦᠯᠬᠦ ᠵᠥᠭᠡᠭᠡᠪᠦᠷᠢ ᠶᠢᠨ ᠴᠠᠭ | ᠲᠤᠬᠠᠢ ᠳᠤᠨᠢ ᠬᠢᠨᠠᠨ ᠡᠵᠡᠮᠳᠡᠬᠦ ᠪᠠ ᠨᠡᠬᠡᠮᠵᠢᠯᠡᠨ ᠪᠠᠶᠢᠴᠠᠭᠠᠬᠤ ᠶᠢ ᠪᠡᠶᠡᠯᠡᠭᠦᠯᠵᠦ᠂ ᠦᠢᠯᠡᠳᠬᠦᠨ ᠤ ᠲᠡᠭᠡᠭᠡᠪᠦᠷᠢ ᠶᠢᠨ | ᠶᠠᠪᠤᠴᠠ ᠳᠠᠬᠢ ᠶᠠᠰᠤ ᠴᠢᠨᠠᠷ ᠪᠣᠯᠣᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠪᠠᠷᠠᠭᠠᠨ ᠤ ᠭᠦᠢᠯᠭᠡᠭᠡᠨ ᠤ ᠬᠥᠷᠥᠭᠡᠯᠲᠡ ᠶᠢᠨ ᠲᠠᠯ᠎ᠠ ᠪᠠᠷ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠭ᠎ᠠ | ᠪᠣᠯᠣᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠨᠢ ᠠᠳᠠᠯᠢᠬᠠᠨ ᠴᠢᠬᠤᠯᠠ ᠪᠠᠶᠢᠳᠠᠭ᠃ ᠵᠦ ᠭᠠᠩ ᠴᠢᠤᠸᠠᠨ᠂ | ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠤᠭᠤᠷᠣᠨᠳᠣᠭᠢ | ᠬᠠᠮᠵᠢᠯᠴᠠᠭ᠎ᠠ ᠶᠢ ᠴᠢᠩᠭᠠᠳᠬᠠᠬᠤ ᠪᠣᠯᠣᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠷ ᠳᠠᠮᠵᠢᠨ᠂ ᠬᠦᠢᠲᠡᠨ | ᠬᠡᠯᠬᠢᠶ᠎ᠡ ᠶᠢᠨ ᠦᠷ᠎ᠡ ᠪᠦᠲᠦᠮᠵᠢ ᠪᠣᠯᠣᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ ᠳᠡᠶᠢᠯᠦᠨ᠎ᠡ ᠭᠡᠵᠦ ᠦᠵᠡᠵᠡᠢ᠃ | ᠵᠢᠱᠢᠶᠡᠯᠡᠪᠡᠯ᠂ ᠲᠡᠵᠢᠭᠡᠵᠦ ᠦᠷᠡᠵᠢᠭᠦᠯᠬᠦ ᠠᠵᠤ ᠠᠬᠤᠶᠢᠯᠠᠯ ᠨᠢ ᠬᠤᠳᠠᠯᠳᠤᠬᠤ ᠲᠥᠯᠥᠪᠯᠡᠭᠡ ᠪᠠ ᠦᠢᠯᠡᠳᠬᠦᠨ ᠤ | ᠮᠡᠳᠡᠭᠡ ᠵᠠᠩᠭᠢ ᠶᠢ ᠳᠣᠣᠷᠠᠳᠤ ᠤᠷᠤᠰᠬᠠᠯ ᠤᠨ ᠠᠵᠤ ᠠᠬᠤᠶᠢᠯᠠᠯ ᠳᠤ ᠤᠷᠢᠳᠴᠢᠯᠠᠨ ᠳᠠᠮᠵᠢᠭᠤᠯᠵᠤ᠂ ᠳᠣᠣᠷᠠᠳᠤ | ᠤᠷᠤᠰᠬᠠᠯ ᠤᠨ ᠠᠵᠤ ᠠᠬᠤᠶᠢᠯᠠᠯ ᠤᠨ ᠭᠥᠯᠢᠶᠡᠨ ᠠᠪᠬᠤ ᠪᠠ ᠲᠣᠬᠢᠷᠠᠭᠤᠯᠤᠨ ᠬᠦᠷᠭᠡᠬᠦ ᠪᠡᠯᠡᠳᠬᠡᠯ ᠢ ᠤᠷᠢᠳᠴᠢᠯᠠᠨ | ᠰᠠᠶᠢᠲᠤᠷ ᠭᠦᠢᠴᠡᠳᠬᠡᠬᠦ ᠳᠤ ᠳᠥᠭᠦᠮ ᠪᠤᠯᠭᠠᠵᠤ ᠪᠣᠯᠣᠨ᠎ᠠ᠃ ᠡᠭᠦᠨ ᠤ ᠬᠠᠮᠲᠤ᠂ ᠳᠣᠣᠷ᠎ᠠ ᠤᠷᠤᠰᠬᠠᠯ ᠤᠨ ᠠᠵᠤ | ᠠᠬᠤᠶᠢᠯᠠᠯ ᠨᠢ ᠪᠠᠰᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠪᠣᠷᠣᠯᠠᠭᠤᠯᠤᠯᠲᠠ ᠶᠢᠨ ᠪᠠᠶᠢᠳᠠᠯ ᠢᠶᠠᠨ | ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠬᠠᠷᠢᠭᠤ ᠮᠡᠳᠡᠭᠦᠯᠵᠦ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ | ᠬᠠᠪᠰᠤᠷᠤᠨ ᠦᠢᠯᠡᠳᠪᠦᠷᠢᠯᠡᠯ ᠤᠨ ᠲᠥᠯᠥᠪᠯᠡᠭᠡ ᠪᠠ ᠦᠢᠯᠡᠳᠬᠦᠨ ᠤ ᠪᠦᠲᠦᠴᠡ ᠪᠠᠨ ᠨᠡᠩ ᠰᠠᠶᠢᠲᠤᠷ | ᠲᠣᠬᠢᠷᠠᠭᠤᠯᠵᠤ ᠪᠣᠯᠣᠨ᠎ᠠ ᠭᠡᠵᠡᠢ᠃ | ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠭ᠎ᠠ ᠬᠢᠭᠡᠳ ᠮᠡᠳᠡᠭᠡ ᠵᠠᠩᠭᠢ ᠶᠢ ᠬᠠᠮᠲᠤ ᠪᠠᠷ ᠭᠦᠷᠲᠡᠭᠦ ᠶᠢ | ᠪᠡᠶᠡᠯᠡᠭᠦᠯᠬᠦ ᠶᠢᠨ ᠲᠤᠰᠠᠳᠠ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠨᠢᠭᠡᠳᠦᠯᠲᠡᠢ ᠲᠠᠪᠴᠠᠩ ᠪᠤᠶᠤ | ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠ ᠬᠠᠮᠲᠤ ᠪᠠᠷ ᠡᠳ᠋ᠯᠡᠵᠦ ᠪᠣᠯᠣᠨ᠎ᠠ᠃ ᠲᠠᠪᠴᠠᠩ ᠪᠤᠶᠤ | ᠰᠢᠰᠲ᠋ᠧᠮ ᠢᠶᠠᠷ ᠳᠠᠮᠵᠢᠭᠤᠯᠤᠨ ᠵᠠᠬᠢᠶᠠᠯᠠᠭ᠎ᠠ ᠶᠢᠨ ᠬᠠᠮᠢᠶᠠᠷᠤᠯᠲᠠ᠂ ᠬᠥᠮᠥᠷᠭᠡ ᠶᠢᠨ ᠬᠠᠳᠠᠭᠠᠯᠠᠯᠭᠠ ᠶᠢ ᠬᠠᠮᠢᠶᠠᠷᠬᠤ᠂ | ᠲᠣᠬᠢᠷᠠᠭᠤᠯᠤᠨ ᠬᠦᠷᠭᠡᠬᠦ ᠬᠠᠮᠢᠶᠠᠷᠤᠯᠲᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠬᠤ ᠪᠠ ᠬᠠᠮᠵᠢᠯᠴᠠᠬᠤ ᠶᠢ | ᠪᠡᠶᠡᠯᠡᠭᠦᠯᠵᠦ᠂ ᠪᠦᠭᠦᠶᠢᠯᠡ ᠬᠠᠩᠭᠠᠯᠭ᠎ᠠ ᠶᠢᠨ ᠬᠡᠯᠬᠢᠶᠡᠰᠦ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠳᠠᠭᠠᠵᠤ | ᠳᠠᠭᠠᠬᠤ ᠬᠤᠷᠳᠤᠴᠠ ᠶᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠴᠢᠳᠠᠪᠤᠷᠢ ᠶᠢ ᠨᠢ ᠬᠤᠪᠢᠷᠠᠭᠤᠯᠵᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠨᠢ | ᠴᠢᠩᠭᠠᠳᠬᠠᠶ᠎ᠠ | ᠦᠬᠡᠷ ᠤᠨ ᠮᠢᠬᠠᠨ ᠤ ᠪᠦᠲᠦᠭᠡᠭᠳᠡᠬᠦᠨ ᠤ ᠬᠡᠷᠡᠭᠯᠡᠭᠴᠢᠳ ᠤᠨ ᠥᠪᠡᠷᠮᠢᠴᠡ ᠲᠣᠭᠲᠠᠭᠠᠬᠤ ᠬᠡᠷᠡᠭᠴᠡᠭᠡ ᠡᠳᠦᠷ | ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠲᠣᠭᠲᠠᠭᠠᠵᠤ ᠦᠢᠯᠡᠴᠢᠯᠡᠬᠦ ᠴᠢᠳᠠᠪᠤᠷᠢ ᠨᠢ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠨᠡᠩ ᠴᠤ ᠦᠬᠡᠷ ᠤᠨ ᠮᠢᠬᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠳᠡᠰ | ᠳᠡᠪᠰᠢᠬᠦ ᠶᠢ ᠠᠬᠢᠭᠤᠯᠬᠤ ᠴᠢᠬᠤᠯᠠ ᠬᠦᠴᠦᠨ ᠪᠤᠯᠬᠤ ᠶᠤᠮ᠃ | ᠵᠦ ᠭᠠᠩ ᠴᠢᠤᠸᠠᠨ᠂ ᠬᠡᠷᠡᠭᠯᠡᠭᠴᠢᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠪᠣᠯᠣᠨ ᠳᠤᠷ᠎ᠠ ᠪᠠᠬ᠎ᠠ ᠶᠢ | ᠡᠷᠴᠢᠮᠲᠡᠢ ᠣᠶᠢᠯᠠᠭᠠᠬᠤ ᠮᠥᠷᠲᠡᠭᠡᠨ ᠲᠤᠶᠢᠯ ᠤᠨ ᠣᠨᠣᠪᠴᠢᠲᠠᠢ ᠪᠠᠷ ᠡᠵᠡᠮᠰᠢᠬᠦ ᠪᠣᠯ ᠪᠤᠳᠠᠭᠠᠯᠢᠵᠢᠬᠰᠠᠨ ᠦᠬᠡᠷ ᠤᠨ | ᠮᠢᠬᠠᠨ ᠤ ᠪᠦᠲᠦᠭᠡᠭᠳᠡᠬᠦᠨ ᠵᠢᠴᠢ ᠳᠤᠭᠠᠠᠴᠠᠵᠢᠭᠤᠯᠥᠠᠠᠰᠠᠨ ᠦᠢᠯᠡᠴᠢᠯᠡᠭᠡᠨ ᠢ ᠬᠠᠩᠭᠠᠬᠤ ᠶᠢᠨ ᠤᠷᠢᠳᠠᠯ ᠪᠠ ᠰᠠᠭᠤᠷᠢ | ᠪᠣᠯᠣᠨ᠎ᠠ᠃ ᠡᠨᠡ ᠨᠢ ᠵᠠᠬ᠎ᠠ ᠳᠡᠯᠭᠡᠭᠦᠷ ᠤᠨ ᠪᠠᠶᠢᠳᠠᠯ ᠢ ᠨᠢᠭᠲᠠ ᠠᠩᠬᠠᠷᠴᠤ᠂ ᠬᠡᠷᠡᠭᠯᠡᠭᠴᠢᠳ ᠤᠨ ᠰᠠᠶᠢᠨ ᠰᠢᠭ᠋ | ᠪᠣᠯᠵᠤ ᠪᠠᠶᠢᠭ᠎ᠠ ᠥᠴᠥᠬᠡᠨ ᠬᠤᠪᠢᠷᠠᠯᠲᠠ ᠶᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠪᠦᠲᠦᠮᠵᠢᠲᠡᠢ ᠵᠠᠬ᠎ᠠ | ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠨ ᠬᠡᠷᠡᠭᠯᠡᠭᠴᠢᠳ ᠤᠨ | ᠭᠦᠷᠥᠭ ᠵᠢᠷᠤᠭ ᠢ ᠵᠢᠷᠤᠵᠤ ᠪᠦᠲᠦᠭᠡᠭᠡᠳ ᠣᠨᠣᠪᠴᠢᠯᠠᠨ ᠡᠵᠡᠩᠨᠡᠨ ᠪᠣᠷᠣᠯᠠᠭᠤᠯᠬᠤ ᠪᠠ ᠦᠢᠯᠡᠴᠢᠯᠡᠭᠡ | ᠲᠣᠭᠲᠠᠭᠠᠬᠤ ᠳᠤ ᠬᠦᠴᠦᠲᠡᠢ ᠳᠡᠮᠵᠢᠯᠭᠡ ᠬᠠᠩᠭᠠᠬᠤ ᠪᠣᠯᠣᠨ᠎ᠠ ᠭᠡᠵᠡᠢ᠃ | ᠪᠣᠳᠠᠲᠠᠢ ᠠᠵᠢᠯᠯᠠᠭ᠎ᠠ ᠳᠤᠮᠳᠠ᠂ ᠥᠪᠡᠷᠮᠢᠴᠡᠵᠢᠭᠦᠯᠦᠨ ᠲᠣᠭᠲᠠᠭᠠᠬᠤ ᠦᠢᠯᠡᠴᠢᠯᠡᠭᠡ ᠨᠢ ᠣᠯᠠᠨ ᠲᠠᠯ᠎ᠠ ᠶᠢᠨ | ᠥᠷᠭᠡᠷᠢᠭ ᠲᠤ ᠢᠯᠡᠷᠡᠳᠡᠭ᠄ ᠨᠢᠭᠡ ᠲᠠᠯ᠎ᠠ ᠪᠠᠷ᠂ ᠬᠡᠷᠡᠭᠯᠡᠭᠴᠢᠳ ᠤᠨ ᠳᠤᠷᠠᠰᠢᠯ ᠳᠤ ᠲᠣᠬᠢᠷᠠᠭᠰᠠᠨ ᠪᠠᠶᠢᠬᠤ ᠶᠢ | ᠦᠨᠳᠦᠰᠦᠯᠡᠵᠦ᠂ ᠠᠳᠠᠯᠢ ᠪᠤᠰᠤ ᠲᠥᠷᠥᠯ ᠵᠦᠢᠯ᠂ ᠬᠡᠰᠡᠭ ᠴᠢᠨᠠᠭᠰᠢᠯᠠᠨ ᠠᠷᠠᠴᠢᠯᠠᠨ ᠲᠡᠵᠢᠭᠡᠬᠦ ᠠᠷᠭ᠎ᠠ ᠮᠠᠶ᠋ᠢᠭ | ᠪᠦᠬᠦᠢ ᠦᠬᠡᠷ ᠤᠨ ᠮᠢᠬᠠᠨ ᠤ ᠪᠦᠲᠦᠭᠡᠭᠳᠡᠬᠦᠨ ᠢ ᠨᠠᠷᠢᠯᠢᠭ ᠰᠣᠩᠭᠤᠵᠤ᠂ ᠵᠢᠱᠢᠶᠡᠯᠡᠪᠡᠯ ᠡᠪᠡᠰᠦ ᠪᠣᠷᠳᠤᠭ᠎ᠠ᠂ ᠠᠮᠤ | ᠪᠤᠳᠠᠭᠠᠨ ᠤ ᠪᠣᠷᠳᠤᠭ᠎ᠠ ᠪᠤᠶᠤ ᠣᠨᠴᠠᠭᠠᠢ ᠠᠮᠲᠠ ᠰᠢᠮᠲᠡ ᠲᠠᠢ ᠦᠬᠡᠷ ᠤᠨ ᠮᠢᠬ᠎ᠠ ᠨᠢ ᠬᠡᠷᠡᠭᠯᠡᠭᠴᠢᠳ ᠤᠨ ᠦᠨᠦᠷ | ᠠᠮᠲᠠ᠂ ᠠᠮᠲᠠ ᠰᠢᠮᠲᠡ ᠲᠠᠢ ᠪᠠᠶᠢᠬᠤ ᠶᠢ ᠪᠠᠲᠤᠯᠠᠨ᠎ᠠ︔ ᠨᠥᠭᠦᠭᠡ ᠲᠠᠯ᠎ᠠ ᠪᠠᠷ᠂ ᠬᠡᠷᠡᠭᠯᠡᠭᠴᠢᠳ ᠤᠨ ᠬᠤᠳᠠᠯᠳᠤᠨ | ᠠᠪᠬᠤ ᠵᠠᠩᠰᠢᠯ ᠪᠠ ᠲᠥᠰᠥᠪ ᠤᠨ ᠬᠦᠷᠢᠶ᠎ᠡ ᠬᠡᠪᠴᠢᠶ᠎ᠡ ᠲᠠᠢ ᠤᠶᠠᠯᠳᠤᠭᠤᠯᠵᠤ᠂ ᠣᠯᠠᠨ ᠶᠠᠩᠵᠤ ᠶᠢᠨ ᠬᠡᠪ | ᠪᠠᠷᠢᠮᠵᠢᠶ᠎ᠠ ᠪᠦᠬᠦᠢ ᠰᠣᠩᠭᠤᠯᠲᠠ ᠪᠠ ᠪᠠᠭᠯᠠᠭ᠎ᠠ ᠪᠣᠭᠤᠳᠠᠯ ᠤᠨ ᠵᠢᠷᠤᠭ ᠲᠥᠯᠥᠪᠯᠡᠭᠡ ᠬᠠᠩᠭᠠᠵᠤ᠂ ᠭᠡᠷ ᠪᠦᠯᠢ ᠶᠢᠨ | ᠵᠢᠵᠢᠭ ᠪᠣᠭᠤᠳᠠᠯ ᠠᠴᠠ ᠪᠠᠶᠠᠷ ᠤᠨ ᠡᠳᠦᠷ ᠤᠨ ᠬᠠᠶᠢᠷᠴᠠᠭ ᠭᠦᠷᠲᠡᠯ᠎ᠡ᠂ ᠠᠳᠠᠯᠢ ᠪᠤᠰᠤ ᠠᠬᠤᠢ ᠪᠠᠶᠢᠳᠠᠯ ᠳᠣᠣᠷᠠᠬᠢ | ᠬᠡᠷᠡᠭᠯᠡᠭᠡᠨ ᠤ ᠱᠠᠭᠠᠷᠳᠠᠯᠭ᠎ᠠ ᠶᠢ ᠠᠮᠢᠳᠤᠯᠢᠭ ᠢᠶᠠᠷ ᠠᠷᠭᠠᠴᠠᠭᠠᠳᠠᠭ ᠪᠠᠶᠢᠨ᠎ᠠ᠃ ︽ᠡᠶᠢᠮᠦᠷᠬᠦ ᠥᠪᠡᠷᠮᠢᠴᠡ | ᠣᠨᠴᠠᠯᠢᠭ ᠲᠠᠢ ᠲᠣᠭᠲᠠᠭᠠᠵᠤ ᠦᠢᠯᠡᠴᠢᠯᠡᠬᠦ ᠨᠢ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠪᠠ ᠦᠨᠡᠨᠴᠢ | ᠰᠢᠳᠤᠷᠭᠤ ᠪᠠᠶᠢᠬᠤ ᠶᠢ ᠮᠡᠳᠡᠭᠳᠡᠮ᠎ᠡ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠪᠣᠷᠤᠯᠠᠭᠤᠯᠭ᠎ᠠ ᠶᠢᠨ | ᠨᠡᠮᠡᠭᠳᠡᠯ ᠢ ᠴᠦ ᠪᠦᠲᠦᠮᠵᠢᠲᠡᠢ ᠠᠬᠢᠭᠤᠯᠵᠤ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠨ᠂ | ᠤᠯᠤᠰ ᠤᠨ ᠦᠢᠯᠡᠳᠪᠦᠷᠢᠯᠡᠭᠰᠡᠨ ᠦᠬᠡᠷ ᠤᠨ ᠮᠢᠬᠠᠨ ᠤ ᠲᠥᠷᠥᠯ ᠲᠡᠮᠳᠡᠭ ᠤᠨ ᠵᠠᠬ᠎ᠠ ᠳᠡᠯᠭᠡᠭᠦᠷ ᠤᠨ ᠪᠠᠶᠢᠷᠢ | ᠰᠠᠭᠤᠷᠢ ᠶᠢ ᠨᠡᠩ ᠪᠠᠲᠤ ᠪᠠᠬᠢ ᠪᠤᠯᠭᠠᠵᠤ ᠴᠢᠳᠠᠨ᠎ᠠ᠃︾ | ᠴᠢᠨ ᠢᠦᠢ ᠮᠢᠩ᠂ ᠣᠯᠠᠨ ᠡᠰᠢᠵᠢᠭᠦᠯᠦᠭᠰᠡᠨ ᠪᠣᠷᠤᠯᠠᠭᠤᠯᠭ᠎ᠠ ᠶᠢᠨ ᠠᠷᠭ᠎ᠠ ᠵᠠᠮ ᠢ ᠡᠷᠴᠢᠮᠲᠡᠢ ᠥᠷᠭᠡᠳᠬᠡᠬᠦ | ᠪᠣᠯ ᠮᠠᠨ ᠤ ᠤᠯᠤᠰ ᠤᠨ ᠦᠬᠡᠷ ᠤᠨ ᠮᠢᠬᠠᠨ ᠤ ᠲᠥᠷᠥᠯ ᠲᠡᠮᠳᠡᠭᠲᠦᠶ᠋ᠢᠨᠵᠠᠭ᠋ᠠ ᠳᠡᠯᠭᠡᠭᠦᠷ ᠤᠨ ᠡᠵᠡᠯᠡᠬᠦ ᠨᠣᠷᠮ᠎ᠠ ᠶᠢ | ᠳᠡᠭᠡᠭᠰᠢᠯᠡᠭᠦᠯᠭᠦ ᠪᠠ ᠲᠥᠷᠥᠯ ᠲᠡᠮᠳᠡᠭᠲᠦᠶ᠋ᠢᠨᠦᠷᠢᠰᠦᠯᠳᠦᠭᠡᠨ ᠤ ᠬᠦᠴᠦᠨ ᠢ ᠴᠢᠩᠭᠠᠳᠬᠠᠬᠤ ᠶᠢᠨ ᠭᠤᠣᠯ ᠠᠷᠭ᠎ᠠ | ᠪᠣᠳᠣᠯᠭ᠎ᠠ ᠪᠣᠯᠣᠨ᠎ᠠ᠃ ᠤᠯᠠᠮᠵᠢᠯᠠᠯᠲᠤ ᠵᠢᠵᠢᠭᠯᠡᠨ ᠪᠣᠷᠣᠯᠠᠭᠤᠯᠬᠤ ᠵᠠᠬ᠎ᠠ ᠳᠡᠯᠭᠡᠭᠦᠷ ᠪᠣᠯᠣᠨ ᠢᠳᠡᠭᠡᠨ ᠤᠮᠳᠠᠭᠠᠨ ᠤ | ᠠᠷᠭ᠎ᠠ ᠵᠠᠮ ᠢᠶᠠᠷ ᠰᠢᠨ᠎ᠡ ᠮᠠᠶ᠋ᠢᠭ ᠤᠨ ᠪᠣᠷᠤᠯᠠᠭᠤᠯᠭ᠎ᠠ ᠶᠢᠨ ᠵᠠᠭᠪᠤᠷ ᠢ ᠢᠳᠡᠪᠬᠢᠲᠡᠢ ᠲᠡᠪᠡᠷᠢᠬᠦ ᠠᠴᠠ ᠭᠠᠳᠠᠨ᠎ᠠ ᠪᠠᠰᠠ | ᠴᠢᠬᠤᠯᠠ ᠶᠤᠮ᠃ ᠡᠭᠦᠨ ᠳᠤ᠂ ᠡᠯᠧᠺᠲᠷᠣᠨ ᠬᠤᠳᠠᠯᠳᠤᠭᠠᠨ ᠤ ᠲᠠᠪᠴᠠᠩ ᠬᠢᠭᠡᠳ ᠨᠡᠶᠢᠭᠡᠮ ᠲᠣᠭᠤᠷᠢᠭ ᠤᠨ | ᠪᠦᠯᠭᠦᠮ ᠨᠡᠶᠢᠲᠡ ᠬᠤᠳᠠᠯᠳᠤᠨ ᠠᠪᠬᠤ ᠬᠤᠶᠠᠷ ᠶᠡᠭᠡ ᠠᠷᠭ᠎ᠠ ᠵᠠᠮ ᠨᠢ ᠣᠨᠴᠠᠭᠠᠶᠢᠯᠠᠨ ᠭᠤᠣᠯᠳᠠᠯᠭ᠎ᠠ ᠲᠠᠢ | ᠪᠠᠶᠢᠷᠢᠰᠢᠭᠤᠯᠤᠬᠳᠠᠬᠰᠠᠨ ᠪᠠᠶᠢᠨ᠎ᠠ ᠭᠡᠵᠡᠢ᠃ | ︽ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠬᠢᠭᠡᠳ ᠬᠡᠷᠡᠭᠯᠡᠭᠴᠢᠳ ᠤᠨ ᠲᠠᠨᠢᠨ ᠮᠡᠳᠡᠬᠦᠢ ᠶᠢᠨ | ᠭᠦᠨᠵᠡᠭᠡᠶᠢᠷᠡᠭᠦᠯᠬᠦ ᠨᠢ ᠤᠯᠤᠰ ᠤᠨ ᠦᠢᠯᠡᠳᠪᠦᠷᠢᠯᠡᠭᠰᠡᠨ ᠦᠬᠡᠷ ᠤᠨ ᠮᠢᠬ᠎ᠠ ᠨᠢ ᠵᠠᠬ᠎ᠠ ᠳᠡᠯᠭᠡᠭᠦᠷ ᠤᠨ ᠬᠤᠷᠴᠠ | ᠰᠢᠷᠦᠭᠦᠨ ᠥᠷᠢᠰᠦᠯᠳᠦᠭᠡᠨ ᠤ ᠳᠤᠮᠳᠠ ᠴᠣᠯᠭᠤᠷᠠᠨ ᠭᠠᠷᠬᠤ ᠶᠢᠨ ᠵᠠᠩᠭᠢᠯᠠᠭ᠎ᠠ ᠪᠣᠯᠣᠨ᠎ᠠ᠃ ᠵᠦ ᠭᠠᠩ ᠴᠢᠤᠸᠠᠨ᠂ | ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ ᠪᠠ ᠠᠯᠢ ᠣᠯᠠᠨ ᠪᠦᠲᠦᠭᠡᠯᠴᠢ ᠰᠠᠨᠠᠭ᠎ᠠ ᠪᠦᠬᠦᠢ ᠵᠠᠬ᠎ᠠ ᠳᠡᠯᠭᠡᠭᠦᠷ ᠢ | ᠳᠡᠯᠭᠡᠷᠡᠭᠦᠯᠬᠦ ᠠᠵᠢᠯᠯᠠᠭ᠎ᠠ ᠶᠢ ᠪᠦᠭᠦ ᠲᠠᠯ᠎ᠠ ᠪᠠᠷ ᠴᠢᠩᠭᠠᠳᠬᠠᠬᠤ ᠪᠠᠷ ᠳᠠᠮᠵᠢᠭᠤᠯᠤᠨ ᠬᠡᠷᠡᠭᠯᠡᠭᠴᠢᠳ ᠤᠨ ᠮᠠᠨ ᠤ | ᠤᠯᠤᠰ ᠤᠨ ᠦᠬᠡᠷ ᠤᠨ ᠮᠢᠬᠠᠨ ᠤ ᠲᠥᠷᠥᠯ ᠲᠡᠮᠳᠡᠭ ᠤᠨ ᠲᠤᠬᠠᠢ ᠲᠠᠨᠢᠨ ᠮᠡᠳᠡᠬᠦᠢ ᠪᠠ ᠢᠲᠡᠭᠡᠯᠴᠡᠬᠦ ᠰᠡᠳᠬᠢᠯᠭᠡ ᠶᠢ | ᠢᠯᠡᠳᠲᠡ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠪᠣᠷᠤᠯᠠᠭᠤᠯᠭ᠎ᠠ ᠶᠢᠨ ᠨᠡᠮᠡᠭᠳᠡᠯ ᠢ ᠪᠦᠲᠦᠮᠵᠢᠲᠡᠢ ᠠᠬᠢᠭᠤᠯᠵᠤ᠂ | ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠥᠷᠭᠡᠳᠬᠡᠵᠦ ᠪᠣᠯᠣᠨ᠎ᠠ ᠭᠡᠵᠡᠢ᠃ | ᠴᠢᠨᠠᠷ ᠰᠠᠶᠢᠲᠠᠢ ᠦᠬᠡᠷ ᠤᠨ ᠮᠢᠬᠠᠨ ᠤ ᠲᠦᠭᠦᠬᠡᠢ ᠮᠠᠲ᠋ᠧᠷᠢᠶᠠᠯ ᠢ ᠨᠠᠷᠢᠯᠢᠭ ᠰᠣᠩᠭᠤᠬᠤ᠂ ᠲᠡᠷᠢᠭᠦᠨ ᠤ | ᠪᠤᠯᠪᠠᠰᠤᠷᠠᠭᠤᠯᠬᠤ ᠮᠡᠷᠭᠡᠵᠢᠯ ᠢ ᠬᠡᠷᠡᠭᠯᠡᠨ ᠢᠳᠡᠭᠡᠨ ᠤ ᠠᠮᠤᠷ ᠲᠦᠪᠰᠢᠨ ᠪᠠ ᠠᠮᠲᠠ ᠰᠢᠮᠲᠡ ᠶᠢ ᠪᠠᠲᠤᠯᠠᠬᠤ ᠵᠢᠴᠢ | ᠨᠠᠷᠢᠨ ᠨᠢᠮᠪᠠᠢ ᠰᠠᠶᠢᠲᠤᠷ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠬᠠᠩᠭᠠᠵᠤ᠂ ᠨᠡᠷᠡᠲᠦ ᠲᠥᠷᠥᠯ | ᠲᠡᠮᠳᠡᠭᠲᠦ ᠶᠢᠨ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠪᠠ ᠳᠦᠷᠢ ᠲᠥᠷᠬᠦ ᠶᠢ ᠠᠯᠬᠤᠮ ᠠᠯᠬᠤᠮ ᠢᠶᠠᠷ ᠪᠤᠢ | ᠪᠣᠯᠭᠠᠪᠠᠯ ᠵᠣᠬᠢᠰᠲᠠᠢ᠃ |