ᠨᠣᠮᠢᠨᠭᠡᠷᠡᠯ ᠤᠨ ᠨᠢᠭᠡ ᠬᠤᠨᠢ ᠢᠬᠡᠷ᠎ᠡ ᠭᠤᠷᠪᠠᠨ ᠬᠤᠷᠠᠭ᠎ᠠ ᠭᠠᠷᠪᠠ
ᠨᠡᠶᠢᠲᠡᠯᠡᠭᠰᠡᠨ ᠴᠠᠭ᠄
2025/3/24
                   ●  ᠶᠠᠩ ᠭᠤᠸ᠎ᠠ          ᠠᠯᠠᠱᠠ ᠵᠡᠭᠦᠨ ᠬᠤᠰᠢᠭᠤᠨ ᠤ ᠪᠠᠶᠠᠨᠨᠢᠷᠤᠭᠤᠨ ᠰᠤᠮᠤᠨ ᠤ ᠶᠡᠬᠡᠪᠤᠯᠠᠭ ᠭᠠᠴᠠᠭᠠᠨ ᠤ ᠮᠠᠯᠴᠢᠨ ᠨᠣᠮᠢᠨᠭᠡᠷᠡᠯ ᠤᠨ ᠬᠢᠨ ᠡᠨᠡ ᠵᠢᠯ ᠵᠢᠷᠠᠭᠠᠳ ᠲᠥᠯ ᠲᠤᠰᠴᠤ᠂ ᠣᠷᠴᠢᠮᠬᠠᠨ ᠨᠢᠭᠡ ᠬᠠᠷ᠎ᠠ ᠬᠠᠯᠵᠠᠨ ᠬᠤᠨᠢ ᠨᠢ ᠢᠬᠡᠷ᠎ᠡ ᠭᠤᠷᠪᠠᠨ ᠬᠤᠷᠠᠭ᠎ᠠ ᠲᠥᠯᠯᠡᠵᠦ᠂ ᠨᠤᠲᠤᠭ ᠤᠰᠤᠨ ᠤ ᠪᠠᠨ ᠬᠠᠯᠠᠭᠤᠨ ᠵᠣᠭᠤᠭ ᠪᠣᠯᠣᠯ᠎ᠠ᠃          ᠨᠣᠮᠢᠨᠭᠡᠷᠡᠯ ᠤᠨ ᠬᠢᠨ ᠨᠢᠳᠤᠨᠤᠨ ᠡᠪᠦᠯ ᠡᠨᠡ ᠬᠠᠪᠤᠷ ᠤᠨ ᠪᠡᠯᠡᠳᠬᠡᠯ ᠢᠶᠠᠨ ᠰᠠᠶᠢᠲᠤᠷ ᠬᠢᠵᠦ᠂ ᠡᠪᠡᠰᠦ ᠪᠣᠷᠳᠤᠭ᠎ᠠ ᠭᠦᠢᠴᠡᠳ ᠪᠡᠯᠡᠳᠬᠡᠨ ᠮᠠᠯ ᠢᠶᠠᠨ ᠰᠠᠶᠢᠲᠤᠷ ᠲᠡᠵᠢᠭᠡᠭᠰᠡᠨ ᠠᠴᠠ ᠡᠬᠡ ᠮᠠᠯ ᠤᠨ ᠲᠠᠷᠭᠤ ᠬᠦᠴᠦ ᠰᠠᠶᠢᠨ ᠪᠣᠯᠵᠤ᠂ ᠲᠥᠯ ᠤᠨ ᠪᠤᠶᠢᠵᠢᠯᠳᠠ ᠶᠢ ᠵᠠᠭᠤᠨ ᠤ ᠵᠠᠭᠤ ᠪᠠᠷ ᠪᠠᠲᠤᠯᠠᠭᠰᠠᠨ ᠪᠠᠶᠢᠨ᠎ᠠ᠃ ᠡᠨᠡ ᠵᠢᠯ ᠡᠳᠡᠨᠠᠶᠢᠭᠢᠨ ᠤ ᠠᠷᠪᠠᠭᠠᠳ ᠬᠤᠨᠢ ᠨᠢ ᠢᠭᠡᠷᠡᠯᠡᠵᠦ᠂ ᠨᠢᠭᠡ ᠬᠤᠨᠢ ᠨᠢ ᠢᠬᠡᠷ᠎ᠡ ᠭᠤᠷᠪᠠᠨ ᠬᠤᠷᠠᠭ᠎ᠠ ᠭᠠᠷᠴᠤ ᠤᠯᠠᠨ ᠤ ᠰᠣᠨᠢᠷᠬᠠᠯ ᠢ ᠲᠠᠲᠠᠪᠠ᠃ ᠡᠨᠡ ᠲᠤᠬᠠᠢ ᠠᠯᠠᠱᠠ ᠵᠡᠭᠦᠨ ᠬᠤᠰᠢᠭᠤᠨ ᠤ ᠡᠭᠦᠯᠳᠡᠷ ᠰᠠᠶᠢᠵᠢᠷᠠᠭᠤᠯᠬᠤ ᠥᠷᠲᠡᠭᠡᠨ ᠤ ᠰᠤᠳᠤᠯᠤᠭᠴᠢ ᠥᠨᠢᠮᠥ᠋ᠩᠬᠡ ᠶᠢ ᠰᠤᠷᠪᠤᠯᠵᠢᠯᠠᠬᠤ ᠳᠤ᠄ ︽ᠡᠷᠯᠢᠰᠡᠵᠢᠭᠦᠯᠦᠭᠰᠡᠨ ᠪᠤᠶᠤ ᠪᠤᠰᠤᠳ ᠡᠭᠦᠯᠳᠡᠷ ᠤᠨ ᠣᠬᠤᠷ ᠰᠡᠭᠦᠯᠲᠦ ᠬᠤᠨᠢ ᠵᠢᠷᠭᠤᠭ᠎ᠠ ᠲᠤᠯᠤᠭ᠎ᠠ ᠪᠠᠷ ᠲᠥᠯᠯᠡᠳᠡᠭ ᠢ ᠰᠣᠨᠣᠰᠴᠤ ᠪᠠᠶᠢᠭᠰᠠᠨ ᠠᠴᠠ ᠪᠢᠰᠢ ᠴᠤᠯ ᠠᠯᠠᠱᠠ ᠨᠤᠲᠤᠭ ᠤᠨ ᠬᠤᠨᠢᠨ ᠤ ᠡᠭᠦᠯᠳᠡᠷ ᠢᠩᠭᠢᠵᠦ ᠭᠤᠷᠪᠠ ᠪᠠᠷ ᠲᠥᠯᠯᠡᠬᠦ ᠨᠢ ᠬᠤᠪᠣᠷ ᠲᠣᠬᠢᠶᠠᠯᠳᠤᠯ ᠪᠣᠯᠣᠯ᠎ᠠ︾ ᠭᠡᠵᠦ ᠪᠠᠶᠢᠪᠠ᠃           ︽ᠪᠢ ᠳᠠᠯᠠ ᠭᠠᠷᠳᠠᠯ᠎ᠠ ᠨᠠᠰᠤᠯᠠᠭᠠᠳ ᠨᠤᠲᠤᠭ ᠤᠨ ᠬᠤᠨᠢ ᠢᠬᠡᠷ᠎ᠡ ᠭᠤᠷᠪᠠᠨ ᠬᠤᠷᠠᠭ᠎ᠠ ᠭᠠᠷᠬᠤ ᠶᠢ ᠰᠣᠨᠣᠰᠤᠭᠠᠳ ᠦᠭᠡᠢ᠂ ᠨᠣᠮᠢᠨᠭᠡᠷᠡᠯ ᠤᠨ ᠬᠤᠨᠢ ᠢᠬᠡᠷ᠎ᠡ ᠭᠤᠷᠪᠠᠨ ᠬᠤᠷᠠᠭ᠎ᠠ ᠭᠠᠷᠤᠭᠰᠠᠨ ᠢ ᠭᠡᠷ ᠲᠤᠨᠢ ᠣᠴᠢᠵᠤ ᠦᠵᠡᠯ᠎ᠡ᠃ ᠬᠤᠨᠢ ᠪᠣᠯ ᠬᠠᠯᠠᠭᠤᠨ ᠬᠤᠰᠢᠭᠤᠲᠤ ᠮᠠᠯ᠂ ᠡᠵᠡᠨ ᠳᠡᠭᠡᠨ ᠡᠭᠡᠯᠢᠲᠡᠢ ᠪᠠᠶᠢᠳᠠᠭ᠂ ᠬᠡᠷᠪᠡ ᠭᠤᠷᠪᠠᠨ ᠬᠤᠷᠠᠭ᠎ᠠ ᠲᠤᠰᠪᠠᠯ ᠰᠦᠷᠦᠭ ᠵᠤᠵᠠᠭᠠᠷᠠᠵᠤ᠂ ᠮᠠᠯ ᠤᠨ ᠪᠤᠶᠠᠨ ᠬᠤᠷᠠᠳᠠᠭ ᠭᠡᠵᠦ ᠠᠬᠠᠮᠠᠳ ᠪᠤᠭᠤᠷᠤᠯᠴᠤᠳ ᠠᠴᠠ ᠰᠣᠨᠣᠰᠴᠤ ᠪᠠᠶᠢᠭᠰᠠᠨ᠂ ᠲᠡᠳᠡᠨ ᠤ ᠬᠤᠨᠢ ᠮᠠᠯ ᠨᠢ ᠥᠨᠢᠷ ᠥᠰᠬᠦ ᠨᠢ ᠯᠠᠪᠲᠠᠢ︾ ᠭᠡᠵᠦ ᠠᠯᠠᠱᠠ ᠪᠠᠷᠠᠭᠤᠨ ᠬᠤᠰᠢᠭᠤᠨ ᠤ ᠠᠵᠢᠯ ᠤᠨ ᠠᠮᠠᠷᠠᠯᠲᠠ ᠪᠠᠨ ᠠᠪᠤᠭᠰᠠᠨ ᠠᠬᠠᠮᠠᠳ ᠪᠠᠭᠰᠢ ᠣᠶᠤᠨᠴᠡᠴᠡᠭ ᠪᠡᠯᠭᠡᠰᠢᠶᠡᠨ ᠶᠠᠷᠢᠵᠤ ᠪᠠᠶᠢᠯ᠎ᠠ᠃        
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号