﹇ᠨᠠᠮ ᠤᠨ ᠲᠡᠤᠬᠡ﹈ ᠠᠬᠠᠮᠠᠳ ᠦᠶ᠎ᠡ ᠶᠢᠨ ᠬᠤᠪᠢᠰᠬᠠᠯᠴᠢᠳ ᠸᠠᠨ ᠯᠢ ᠶᠢᠨ ᠣᠯᠠᠨ ᠲᠦᠮᠡᠨᠴᠢ ᠦᠵᠡᠯᠲᠡ
ᠨᠡᠶᠢᠲᠡᠯᠡᠭᠰᠡᠨ ᠴᠠᠭ᠄
2025/3/24
           1947 ᠣᠨ ᠤ 1 ᠰᠠᠷ᠎ᠠ ᠶᠢᠨ 30 ᠤ ᠡᠳᠦᠷ᠂ ᠸᠠᠨ ᠯᠢ ︽ᠾᠧᠪᠧᠢ ᠱᠠᠨᠳᠦ᠋ᠩ ᠾᠧᠨᠠᠨ ᠤ ᠡᠳᠦᠷ ᠤᠨ ᠰᠣᠨᠢᠨ︾ ᠳᠡᠭᠡᠷ᠎ᠡ ︽ᠤᠯᠠᠨ ᠲᠦᠮᠡᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠪᠠᠳᠠᠷᠠᠭᠤᠯᠤᠶ᠎ᠠ︾ ᠭᠡᠬᠦ ᠵᠣᠬᠢᠶᠠᠯ ᠨᠡᠶᠢᠲᠡᠯᠡᠵᠦ᠄ ︽ᠤᠳᠤᠷᠢᠳᠤᠯᠭ᠎ᠠ ᠪᠣᠯᠣᠭᠰᠠᠳ ᠤᠯᠠᠨ ᠲᠦᠮᠡᠨ ᠤ ᠢᠳᠡᠪᠬᠢᠵᠢᠯ ᠢ ᠤᠯᠠᠮ ᠪᠠᠳᠠᠷᠠᠭᠤᠯᠵᠤ᠂ ᠵᠣᠬᠢᠶᠠᠨ ᠪᠠᠶᠢᠭᠤᠯᠵᠤ ᠴᠢᠳᠠᠪᠠᠯ ᠤᠯᠠᠨ ᠲᠦᠮᠡᠨ ᠤᠯᠠᠮ ᠢᠯᠡᠭᠦᠦ ᠪᠦᠲᠦᠭᠡᠯᠴᠢ ᠪᠣᠯᠵᠤ ᠴᠢᠳᠠᠨ᠎ᠠ︾ ᠭᠡᠵᠡᠢ᠃ ᠸᠠᠨ ᠯᠢ ᠶᠢᠨ ᠦᠵᠡᠬᠦ ᠪᠠᠷ᠂ ᠺᠠᠳ᠋ᠷ ᠪᠣᠯᠣᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠤᠯᠠᠨ ᠲᠦᠮᠡᠨ ᠤ ᠵᠣᠭᠰᠣᠴᠠ ᠠᠴᠠ ᠤᠯᠠᠨ ᠲᠦᠮᠡᠨ ᠲᠠᠢ ᠨᠢᠭᠡᠳᠪᠡᠯ ᠰᠠᠶ᠋ᠢ ᠠᠵᠢᠯ ᠢᠶᠠᠨ ᠰᠠᠶᠢᠲᠤᠷ ᠬᠢᠵᠦ ᠴᠢᠳᠠᠨ᠎ᠠ᠃          1941 ᠣᠨ ᠠᠴᠠ 1942 ᠣᠨ ᠪᠤᠯᠲᠠᠯ᠎ᠠ᠂ ᠾᠧᠪᠧᠢ ᠱᠠᠨᠳᠦ᠋ᠩ ᠾᠧᠨᠠᠨ ᠤ ᠬᠢᠵᠠᠭᠠᠷ ᠣᠷᠣᠨ ᠳᠤ ᠬᠦᠨᠳᠦ ᠨᠣᠴᠢᠲᠠᠢ ᠭᠠᠩ ᠬᠠᠭᠰᠠᠷᠠᠭᠠᠨ ᠪᠣᠯᠪᠠ᠃ ᠭᠠᠮᠰᠢᠭ ᠤᠨ ᠡᠮᠦᠨ᠎ᠡ᠂ ᠪᠠᠷᠠᠭᠤᠨ ᠣᠷᠣᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠸᠠᠨ ᠯᠢ ︽ᠰᠠᠭᠤᠷᠢᠨ ᠭᠠᠵᠠᠷ ᠲᠤ ᠨᠢᠭᠡ ᠬᠥᠮᠥᠨ ᠢ ᠴᠦ ᠥᠯᠪᠡᠷᠴᠦ ᠦᠬᠦᠭᠦᠯᠵᠦ ᠪᠤᠯᠬᠤ ᠦᠭᠡᠢ︾ ᠭᠡᠰᠡᠨ ᠤᠷᠢᠶ᠎ᠠ ᠳᠤᠷᠠᠳᠴᠤ᠂ ᠲᠤᠰᠬᠠᠢ ᠣᠷᠣᠨ ᠤ ᠨᠠᠮ ᠤᠨ ᠬᠤᠷᠢᠶᠠᠨ ᠳᠤ ᠭᠠᠮᠰᠢᠭ ᠠᠴᠠ ᠠᠪᠤᠷᠠᠬᠤ ᠺᠣᠮᠢᠰ ᠪᠠᠶᠢᠭᠤᠯᠵᠤ᠂ ᠲᠤᠰᠬᠠᠢ ᠬᠥᠮᠥᠨ ᠲᠣᠮᠢᠯᠠᠨ ᠭᠠᠮᠰᠢᠭᠳᠠᠭᠰᠠᠨ ᠠᠷᠠᠳ ᠢ ᠲᠥᠪᠬᠢᠨᠡᠭᠦᠯᠵᠦ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠠᠲᠠᠷ ᠬᠠᠭᠠᠯᠪᠤᠷᠢᠯᠠᠨ ᠦᠢᠯᠡᠳᠪᠦᠷᠢᠯᠡᠯ ᠭᠢᠯᠭᠡᠵᠦ᠂ ᠦᠢᠯᠡᠳᠪᠦᠷᠢᠯᠡᠯ ᠠᠴᠠ ᠰᠠᠯᠤᠭᠰᠠᠨ ᠬᠥᠮᠥᠰ ᠤᠨ ᠠᠮᠤ ᠪᠤᠳᠠᠭᠠᠨ ᠤ ᠬᠡᠮᠵᠢᠶ᠎ᠡ ᠶᠢ ᠪᠠᠭᠠᠰᠬᠠᠨ᠂ ᠭᠠᠮᠰᠢᠭᠳᠠᠭᠰᠠᠨ ᠣᠷᠣᠨ ᠢ ᠪᠦᠭᠦ ᠬᠦᠴᠦ ᠪᠠᠷ ᠢᠶᠠᠨ ᠲᠤᠰᠠᠯᠠᠬᠤ ᠶᠢ ᠱᠠᠭᠠᠷᠳᠠᠪᠠ᠃ 1942 ᠣᠨ ᠤ ᠬᠠᠪᠤᠷ᠂ ᠸᠠᠨ ᠯᠢ ᠶᠦᠨ ᠰᠢ ᠣᠷᠣᠨ ᠤ ᠺᠠᠳ᠋ᠷ ᠪᠠᠶᠢᠯᠳᠤᠭᠴᠢᠳ ᠲᠠᠢ ᠬᠠᠮᠲᠤ᠂ ᠪᠠᠶᠢᠯᠳᠤᠭᠠᠨ ᠪᠠ ᠠᠵᠢᠯ ᠤᠨ ᠴᠢᠯᠦᠭᠡ ᠵᠠᠪ ᠢᠶᠠᠨ ᠠᠰᠢᠭᠯᠠᠨ᠂ ᠲᠤᠬᠠᠢ ᠶᠢᠨ ᠭᠠᠵᠠᠷ ᠤᠨ ᠤᠯᠠᠨ ᠲᠦᠮᠡᠨ ᠪᠠ ᠭᠠᠮᠰᠢᠭᠳᠠᠭᠰᠠᠨ ᠠᠷᠠᠳ ᠢ ᠬᠠᠪᠰᠤᠷᠤᠨ ᠬᠠᠪᠰᠤᠷᠤᠯ ᠬᠤᠷᠰᠢᠶᠠᠵᠢᠯ ᠢ ᠬᠡᠷᠡᠭᠵᠢᠭᠦᠯᠵᠦ᠂ ᠦᠢᠯᠡᠳᠪᠦᠷᠢᠯᠡᠯ ᠤᠨ ᠵᠢᠭᠡᠯᠡᠯᠭᠡ ᠪᠠ ᠰᠠᠶᠢᠨ ᠦᠷ᠎ᠡ ᠲᠠᠷᠬᠠᠭᠠᠵᠤ᠂ ᠮᠠᠯ ᠤᠨᠤᠭ᠎ᠠ᠂ ᠭᠦᠳᠡᠯᠮᠦᠷᠢ ᠬᠦᠴᠦ ᠪᠠ ᠲᠠᠷᠢᠶᠠᠯᠠᠩ ᠤᠨ ᠪᠠᠭᠠᠵᠢ ᠶᠢᠨ ᠠᠰᠠᠭᠤᠳᠠᠯ ᠢ ᠰᠢᠢᠳᠪᠦᠷᠢᠯᠡᠨ᠂ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢ ᠬᠥᠭᠵᠢᠭᠦᠯᠪᠡ᠃ ᠡᠭᠦᠨ ᠤ ᠬᠠᠮᠲᠤ ᠥᠪᠡᠷ ᠢᠶᠠᠨ ᠭᠠᠷ ᠬᠥᠳᠡᠯᠵᠦ᠂ ᠵᠠᠮ ᠤᠨ ᠬᠠᠵᠠᠭᠤ᠂ ᠲᠣᠰᠬᠤᠨ ᠤ ᠵᠠᠬ᠎ᠠ᠂ ᠬᠠᠳᠤᠨ ᠭᠤᠣᠯ ᠤᠨ ᠬᠠᠭᠤᠴᠢᠨ ᠵᠠᠮ ᠤᠨ ᠲᠠᠷᠠᠬᠠᠢ ᠪᠤᠲᠠᠷᠬᠠᠢ ᠠᠲᠠᠷ ᠭᠠᠵᠠᠷ ᠢ ᠬᠠᠭᠠᠯᠪᠤᠷᠢᠯᠠᠵᠤ᠂ ᠠᠮᠤ ᠪᠤᠳᠠᠭ᠎ᠠ᠂ ᠨᠣᠭᠤᠭ᠎ᠠ᠂ ᠬᠥᠪᠥᠩ ᠲᠠᠷᠢᠪᠠ᠃ ᠸᠠᠨ ᠯᠢ ᠶᠢᠨ ᠤᠳᠤᠷᠢᠳᠤᠯᠭ᠎ᠠ ᠳᠣᠣᠷ᠎ᠠ᠂ ᠪᠦᠭᠦ ᠣᠷᠣᠨ ᠤ ᠴᠡᠷᠢᠭ ᠠᠷᠠᠳ ᠵᠢᠷᠭᠠᠯ ᠵᠣᠪᠠᠯᠠᠩ ᠢᠶᠠᠨ ᠬᠠᠮᠲᠤᠳᠬᠠᠨ᠂ ᠭᠠᠮᠰᠢᠭ ᠢ ᠢᠯᠠᠵᠤ᠂ ᠾᠧᠪᠧᠢ ᠱᠠᠨᠳᠦ᠋ᠩ ᠾᠧᠨᠠᠨ ᠤ ᠰᠠᠭᠤᠷᠢᠨ ᠭᠠᠵᠠᠷ ᠤᠨ ᠪᠠᠬᠢᠵᠢᠯ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃          1957 ᠣᠨ ᠤ ᠬᠠᠪᠤᠷ᠂ ᠲᠤᠬᠠᠢ ᠶᠢᠨ ᠦᠶ᠎ᠡ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ ᠪᠠᠶᠢᠭᠰᠠᠨ ᠸᠠᠨ ᠯᠢ ᠳ᠋ᠧᠩ ᠰᠢᠶᠣᠣ ᠫᠢᠩ ᠢ ᠳᠠᠭᠠᠵᠤ ᠲᠠᠶᠢᠶᠤᠸᠠᠨ᠂ ᠰᠢ ᠠᠨ ᠵᠡᠷᠭᠡ ᠭᠠᠵᠠᠷ ᠢᠶᠠᠷ ᠬᠦᠷᠴᠦ ᠠᠵᠢᠯ ᠪᠠᠶᠢᠴᠠᠭᠠᠪᠠ᠃ ᠪᠡᠭᠡᠵᠢᠩ ᠳᠤ ᠪᠤᠴᠠᠭᠰᠠᠨ ᠤ ᠳᠠᠷᠠᠭ᠎ᠠ ᠸᠠᠨ ᠯᠢ ᠶᠠᠷᠢᠯᠴᠠᠬᠤ ᠬᠤᠷᠠᠯ ᠬᠢᠵᠦ᠄ ︽ᠮᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠷ ᠠᠪᠴᠤ ᠬᠡᠯᠡᠪᠡᠯ᠂ ᠪᠣᠳᠠᠲᠤ ᠪᠠᠶᠢᠳᠠᠯ  ᠠᠴᠠ ᠰᠠᠯᠵᠤ᠂ ᠤᠯᠠᠨ ᠲᠦᠮᠡᠨ ᠠᠴᠠ ᠰᠠᠯᠤᠩᠭᠢᠷᠠᠵᠤ ᠪᠠᠶᠢᠨ᠎ᠠ᠂ ᠲᠤᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠬᠤᠲᠠ ᠪᠠᠨ ᠰᠠᠶᠢᠲᠤᠷ ᠪᠦᠲᠦᠭᠡᠨ ᠪᠠᠶᠢᠭᠤᠯᠵᠤ ᠴᠢᠳᠠᠭᠰᠠᠨ ᠦᠭᠡᠢ ᠶᠠᠪᠤᠳᠠᠯ ᠪᠣᠯ ᠬᠠᠮᠤᠭ ᠤᠨ ᠦᠨᠳᠦᠰᠦᠨ ᠳᠤᠲᠠᠭᠳᠠᠯ ᠪᠠ ᠠᠯᠳᠠᠭ᠎ᠠ ᠪᠣᠯᠣᠨ᠎ᠠ︾ ᠭᠡᠵᠦ ᠵᠢᠭᠠᠵᠤ ᠭᠠᠷᠭᠠᠨ᠂ ᠰᠢ ᠠᠨ ᠤ ᠨᠢᠭᠡ ᠭᠠᠵᠠᠷ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢ ᠥᠨᠳᠥᠷ ᠪᠠᠶᠢᠷᠢᠨ ᠳᠤ ᠪᠠᠶᠢᠭᠤᠯᠵᠤ᠂ ᠳᠣᠣᠷ᠎ᠠ ᠭᠠᠵᠠᠷ ᠤᠨ ᠤᠰᠤ ᠶᠢ ᠳᠡᠭᠡᠭᠰᠢ ᠲᠠᠲᠠᠠ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠤᠤᠯ ᠤᠨ ᠦᠶᠡᠷ ᠬᠤᠷᠠᠬᠤ ᠣᠷᠣᠨ ᠳᠤ ᠭᠡᠷ ᠪᠠᠶᠢᠰᠢᠩ ᠪᠠᠷᠢᠭᠰᠠᠨ ᠠᠴᠠ ᠪᠣᠯᠵᠤ ᠭᠡᠷ ᠪᠠᠶᠢᠰᠢᠩ ᠤᠰᠤᠨ ᠳᠤ ᠠᠪᠲᠠᠭᠳᠠᠭᠰᠠᠨ ᠵᠢᠱᠢᠶ᠎ᠡ ᠪᠠᠷ᠂ ᠬᠤᠲᠠ ᠶᠢᠨ ᠲᠥᠯᠦᠪᠵᠢᠭᠦᠯᠭᠡ ᠪᠠ ᠵᠢᠷᠤᠭ ᠲᠥᠯᠥᠪᠯᠡᠭᠡ ᠶᠢᠨ ᠲᠠᠯ᠎ᠠ ᠪᠠᠷ ᠶᠡᠭᠡ ᠳᠤ ᠳᠤᠷᠠᠯᠠᠵᠤ ᠰᠢᠨ᠎ᠡ ᠳᠤ ᠰᠢᠨᠤᠨ᠂ ᠪᠣᠳᠠᠲᠤ ᠬᠡᠷᠡᠭᠯᠡᠭᠡ ᠶᠢ ᠡᠷᠭᠢᠮᠯᠡᠭᠦ ᠦᠭᠡᠢ᠂ ᠣᠯᠠᠨ ᠲᠦᠮᠡᠨ ᠤ ᠰᠠᠨᠠᠯ ᠢ ᠰᠣᠨᠣᠰᠬᠤ ᠦᠭᠡᠢ ᠵᠡᠷᠭᠡ ᠳᠤᠲᠠᠭᠳᠠᠯ ᠢ ᠰᠢᠭᠦᠮᠵᠢᠯᠡᠪᠡ᠃ ᠲᠡᠷᠡ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠭᠤᠸ᠎ᠠ ᠰᠠᠶᠢᠬᠠᠨ ᠪᠠ ᠭᠡᠯᠪᠡᠷᠢ ᠶᠢ ᠥᠷᠥᠭᠡᠰᠦᠯ ᠢᠶᠠᠷ ᠬᠥᠭᠡᠭᠡᠴᠡᠯᠳᠦᠬᠦ ᠨᠢ ᠠᠷᠠᠳ ᠲᠦᠮᠡᠨ ᠤ ᠢᠳᠡᠪᠬᠢᠵᠢᠯ ᠢ ᠳᠠᠶᠢᠴᠢᠯᠠᠬᠤ ᠳᠤ ᠠᠰᠢᠭ ᠦᠭᠡᠢ᠂ ᠠᠵᠢᠯᠴᠢᠨ ᠲᠠᠷᠢᠶᠠᠴᠢᠨ ᠤ ᠬᠤᠯᠪᠤᠭ᠎ᠠ ᠶᠢ ᠨᠥᠯᠥᠭᠡᠯᠡᠨ᠎ᠡ ᠭᠡᠵᠦ ᠵᠢᠭᠠᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠣᠯᠠᠨ ᠲᠦᠮᠡᠨ ᠠᠴᠠ ᠨᠢᠭᠤᠷᠳᠠᠨ ᠠᠰᠠᠭᠤᠵᠤ᠂ ᠠᠵᠢᠯ ᠤᠨ ᠪᠠᠶᠢᠴᠠᠭᠠᠯᠲᠠ ᠬᠢᠵᠦ᠂ ᠵᠠᠰᠠᠪᠤᠷᠢ ᠣᠷᠣᠭᠤᠯᠬᠤ ᠶᠢᠨ ᠬᠠᠮᠲᠤ ᠳ᠋ᠦᠩᠨᠡᠯᠲᠡ ᠬᠢᠬᠦ ᠶᠢ ᠱᠠᠭᠠᠷᠳᠠᠪᠠ᠃          1977 ᠣᠨ ᠤ 6 ᠰᠠᠷ᠎ᠠ ᠳᠤ᠂ ᠸᠠᠨ ᠯᠢ ᠠᠨᠾᠦ᠋ᠢ ᠮᠤᠵᠢ ᠶᠢᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠪᠠ᠃ ᠲᠤᠬᠠᠢ ᠶᠢᠨ ᠵᠢᠯ ᠤᠳ ᠲᠤ ᠠᠨᠾᠦ᠋ᠢ ᠳᠤ ᠪᠠᠶᠢᠭᠠᠯᠢ ᠶᠢᠨ ᠭᠠᠮᠰᠢᠭ ᠣᠯᠠᠨ ᠡᠭᠦᠰᠴᠦ᠂ ᠹᠧᠩ ᠶᠠᠩ ᠤᠨ ᠲᠠᠷᠢᠶᠠᠴᠢᠳ ᠤᠨ ᠠᠮᠢᠳᠤᠷᠠᠯ ᠬᠦᠴᠢᠷᠲᠡᠢ᠂ ᠢᠳᠡᠵᠦ ᠡᠮᠦᠰᠬᠦ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠪᠠ᠃ ᠮᠤᠵᠢ ᠶᠢᠨ ᠨᠠᠮ ᠤᠨ ᠬᠤᠷᠢᠶᠠᠨ ᠳᠤ ᠹᠧᠩ ᠶᠠᠩ ᠤᠨ ᠲᠠᠷᠢᠶᠠᠴᠢᠳ ᠤᠨ ᠭᠠᠳᠠᠭᠰᠢ ᠭᠠᠷᠴᠤ ᠪᠤᠳᠠᠭ᠎ᠠ ᠭᠤᠶᠤᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠶᠢ ᠰᠤᠳᠤᠯᠤᠨ ᠶᠠᠷᠢᠯᠴᠠᠬᠤ ᠦᠶ᠎ᠡ ᠳᠤ᠂ ᠵᠠᠷᠢᠮ ᠬᠥᠮᠥᠨ ᠲᠡᠨᠳᠡᠬᠢ ᠲᠠᠷᠢᠶᠠᠴᠢᠳ ᠪᠤᠳᠠᠭ᠎ᠠ ᠭᠤᠶᠤᠬᠤ ᠳᠠᠳᠬᠠᠯ ᠲᠠᠢ ᠭᠡᠵᠦ ᠬᠡᠯᠡᠪᠡ᠃ ᠸᠠᠨ ᠯᠢ ᠰᠣᠨᠣᠰᠤᠭᠠᠳ ᠮᠠᠰᠢ ᠠᠭᠤᠷᠯᠠᠵᠤ᠄ ︽ᠪᠤᠳᠠᠭ᠎ᠠ ᠭᠤᠶᠤᠬᠤ ᠳᠤ ᠪᠠᠰᠠ ᠶᠠᠮᠠᠷ ᠳᠠᠳᠬᠠᠯ ᠲᠠᠢ ᠪᠠᠶᠢᠳᠠᠭ ᠪᠤᠢ ︖ᠰᠣᠨᠣᠰᠴᠤ ᠥᠩᠭᠡᠷᠡᠭᠰᠡᠨ ᠦᠭᠡᠢ᠂ ᠡᠶᠢᠮᠦ ᠦᠭᠡ ᠬᠡᠯᠡᠳᠡᠭ ᠬᠥᠮᠥᠨ ᠤ ᠵᠣᠭᠰᠣᠯᠲᠠ ᠨᠢ ᠬᠠᠮᠢᠭ᠎ᠠ ᠪᠠᠶᠢᠬᠤ ᠪᠤᠢ᠂ ᠶᠠᠮᠠᠷ ᠰᠡᠳᠬᠢᠯᠭᠡ ᠪᠤᠢ︖ ᠢᠳᠡᠬᠦ ᠪᠤᠳᠠᠭ᠎ᠠ ᠲᠠᠢ᠂ ᠪᠠᠩᠰᠢ ᠲᠠᠢ ᠪᠠᠶᠢᠬᠤ ᠳᠤ ᠪᠠᠰᠠ ᠪᠤᠳᠠᠭ᠎ᠠ ᠭᠤᠶᠤᠬᠤ ᠪᠠᠷ ᠣᠴᠢᠨ᠎ᠠ ᠭᠡᠵᠦ ᠤᠤ︖ ᠪᠢ ᠯᠡ ᠢᠲᠡᠭᠡᠬᠦ ᠦᠭᠡᠢ︾ ᠭᠡᠵᠡᠢ᠃  ᠸᠠᠨ ᠯᠢ ᠶᠢᠨ ᠦᠵᠡᠬᠦ ᠪᠠᠷ᠂ ᠲᠠᠷᠢᠶᠠᠴᠢᠳ ᠢᠳᠡᠵᠦ ᠴᠠᠳᠬᠤ ᠦᠭᠡᠢ᠂ ᠦᠢᠯᠡᠳᠪᠦᠷᠢᠯᠡᠯ ᠢᠶᠠᠨ ᠰᠠᠶᠢᠨ ᠬᠢᠵᠦ ᠴᠢᠳᠠᠬᠤ ᠦᠭᠡᠢ ᠪᠠᠶᠢᠬᠤ ᠨᠢ ᠭᠤᠣᠯᠳᠠᠭᠤ ᠤᠯᠠᠨ ᠲᠦᠮᠡᠨ ᠤ ᠦᠢᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠭᠰᠠᠨ ᠦᠭᠡᠢ ᠠᠴᠠ ᠪᠣᠯᠵᠠᠢ᠃ ᠡᠭᠦᠨ ᠤ ᠲᠤᠯᠠᠳᠠ᠂ ᠲᠡᠷᠡ ᠡᠯ᠎ᠡ ᠱᠠᠲᠤᠨ ᠤ ᠤᠳᠤᠷᠢᠳᠤᠯᠭ᠎ᠠ ᠤᠯᠠᠨ ᠲᠦᠮᠡᠨᠴᠢ ᠦᠵᠡᠯᠲᠡ ᠪᠠ ᠦᠢᠯᠡᠳᠪᠦᠷᠢᠯᠡᠯ ᠤᠨ ᠦᠵᠡᠯᠲᠡ ᠶᠢ ᠪᠠᠲᠤ ᠪᠠᠬᠢ ᠪᠤᠢ ᠪᠤᠯᠭᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠭᠰᠠᠨ ᠪᠥᠭᠡᠳ ᠬᠥᠳᠡᠭᠡ ᠲᠣᠰᠬᠤᠨ ᠳᠤ ᠤᠯᠠᠨ ᠤᠳᠠᠭ᠎ᠠ ᠭᠦᠨᠵᠡᠭᠡᠶᠢᠷᠡᠨ ᠪᠠᠶᠢᠴᠠᠭᠠᠯᠲᠠ ᠬᠢᠵᠦ᠂ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠪᠠ᠃ ᠸᠠᠨ ᠯᠢ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠬᠦ ᠶᠢ ᠪᠠᠷᠢᠮᠲᠠᠯᠠᠵᠤ᠂ ᠠᠨᠾᠦ᠋ᠢ ᠶᠢᠨ ᠲᠠᠷᠢᠶᠠᠯᠠᠩ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠥᠰᠢᠭᠡ ᠶᠢ ᠰᠡᠬᠦᠵᠡᠢ᠃          ᠠᠷᠠᠳ ᠲᠦᠮᠡᠨ ᠤ ᠵᠣᠭᠰᠣᠯᠲᠠ ᠪᠣᠯ ᠨᠠᠮ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ ᠮᠥᠨ᠂ ᠤᠯᠠᠨ ᠲᠦᠮᠡᠨᠴᠢ ᠱᠤᠭᠤᠮ ᠪᠣᠯ ᠨᠠᠮ ᠤᠨ ᠠᠮᠢᠨ ᠰᠤᠳᠠᠰᠤ ᠪᠠ ᠦᠨᠳᠦᠰᠦᠨ ᠠᠵᠢᠯ ᠤᠨ ᠱᠤᠭᠤᠮ ᠮᠥᠨ᠃ ᠸᠠᠨ ᠯᠢ ᠤᠯᠠᠨ ᠲᠦᠮᠡᠨ ᠢ ᠢᠲᠡᠭᠡᠵᠦ᠂ ᠺᠠᠳ᠋ᠷ ᠤᠨ ᠢᠳᠡᠪᠬᠢᠵᠢᠯ ᠢ ᠳᠠᠶᠢᠴᠢᠯᠠᠬᠤ ᠶᠢ ᠠᠩᠬᠠᠷᠴᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠲᠡᠭᠦᠨ ᠤ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠬᠤ ᠦᠵᠡᠯᠲᠡ ᠪᠠ ᠠᠵᠢᠯᠯᠠᠬᠤ ᠠᠷᠭ᠎ᠠ  ᠨᠢ ᠮᠠᠨ ᠤ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠪᠠᠲᠤᠯᠠᠬᠤ ᠳᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃                      ︽ᠡᠪ ᠬᠠᠮᠲᠤ ᠨᠠᠮ ᠤᠨ ᠭᠡᠰᠢᠭᠦᠨ ᠤ ᠮᠡᠳᠡᠬᠦ ᠶᠣᠰᠣᠲᠠᠢ ᠨᠠᠮ ᠤᠨ ᠲᠡᠦᠬᠡ ᠶᠢᠨ ᠵᠢᠵᠢᠭ ᠦᠯᠢᠭᠡᠷ ᠤᠳ︾  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号