| | 1 ᠰᠠᠷ᠎ᠠ ᠶᠢᠨ 9 ᠤ ᠡᠳᠦᠷ ᠠᠴᠠ 10 ᠤ ᠡᠳᠦᠷ ᠪᠤᠯᠳᠠᠯ᠎ᠠ ᠬᠤᠷᠠᠯᠳᠤᠭᠰᠠᠨ ᠪᠦᠭᠦ ᠤᠯᠤᠰ ᠤᠨ | ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ 2025 ᠣᠨ ᠤ ᠰᠤᠷᠭᠠᠨ ᠬᠥᠮᠦᠵᠢᠯ ᠤᠨ ᠠᠵᠢᠯ ᠤᠨ | ᠭᠤᠣᠯᠳᠠᠯᠭ᠎ᠠ ᠶᠢ ᠳᠤᠬᠳᠠᠭᠠᠬᠠᠰᠠᠠ ᠪᠠᠶᠢᠨ᠎ᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ᠂ ᠰᠤᠷᠭᠠᠨ ᠬᠥᠮᠦᠵᠢᠯ ᠨᠢ ᠤᠯᠤᠰ ᠤᠨ ᠰᠢᠨ᠎ᠡ ᠶᠢ ᠡᠭᠦᠳᠬᠦ | ᠰᠢᠰᠲ᠋ᠧᠮ ᠤᠨ ᠪᠦᠭᠦᠶᠢᠯᠠ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠪᠣᠯᠤᠭᠰᠠᠨ ᠤ ᠬᠤᠪᠢ ᠳᠤ᠂ ᠨᠢᠭᠡᠨᠲᠡ ᠤᠯᠤᠰ ᠤᠨ ᠠᠰᠢᠭ ᠲᠤᠰᠠ ᠪᠠ | ᠬᠠᠷᠠᠯᠲᠠ ᠶᠢᠨ ᠭᠤᠣᠯ ᠲᠥᠪ ᠪᠣᠯᠵᠠᠢ ᠭᠡᠵᠦ ᠵᠢᠭᠠᠵᠤ ᠭᠠᠷᠭᠠᠪᠠ᠃ | | 2025 ᠣᠨ ᠳᠤ᠂ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ᠄ | | ᠳᠥᠷᠪᠡ ᠶᠢ ᠨᠢᠭᠡᠳᠦᠯᠲᠡᠢ ᠲᠥᠯᠥᠪᠵᠢᠭᠦᠯᠦᠨ᠎ᠡ - | 1. ᠲᠥᠪ ᠭᠤᠤᠯᠴᠢ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠢ ᠬᠥᠭᠵᠢᠭᠦᠯᠬᠦ ᠵᠠᠮ ᠢᠶᠠᠷ ᠭᠤᠶᠢᠪᠢᠰᠢ | ᠦᠭᠡᠢ ᠵᠠᠮᠨᠠᠬᠤ; | 2. ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠲᠤᠷᠰᠢᠯᠲᠠ ᠶᠢᠨ ᠴᠢᠭ ᠢᠶᠠᠷ ᠲᠦᠯᠬᠢᠨ ᠠᠬᠢᠭᠤᠯᠬᠤ ᠶᠢ | ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠲᠤᠯᠭᠠᠭᠤᠷᠢᠯᠠᠬᠤ | ᠪᠠ ᠬᠥᠲᠥᠯᠥᠨ ᠵᠢᠯᠤᠭᠤᠳᠬᠤ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠭᠦ; | 3. ᠭᠤᠣᠯᠳᠠᠯᠭ᠎ᠠ ᠲᠠᠢ ᠡᠬᠢᠯᠡᠭᠦᠯᠬᠦ ᠪᠠ ᠤᠳᠠᠭᠠᠨ ᠳᠠᠭᠠᠭᠠᠮᠠᠭᠠᠢ ᠪᠠᠷᠢᠮᠲᠠᠯᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠯᠠᠪᠳᠠᠭᠤᠨ ᠢᠶᠠᠷ ᠬᠤᠯᠠ ᠠᠶᠠᠯᠠᠭᠤᠯᠬᠤ; | 4. ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠢ ᠠᠮᠤᠷ ᠲᠦᠪᠰᠢᠨ ᠲᠦᠰᠢᠭᠯᠡᠵᠦ ᠪᠣᠯᠬᠤᠶᠢᠴᠠ ᠢᠲᠡᠭᠡᠵᠦ | ᠪᠣᠯᠬᠤᠶᠢᠴᠠ ᠭᠠᠵᠠᠷ ᠪᠤᠯᠭᠠᠬᠤ᠃ | | ᠳᠤᠯᠤᠭᠠᠠ ᠳᠦᠷᠦᠯ ᠤᠨ ᠭᠤᠣᠯᠳᠠᠯᠭ᠎ᠠ ᠲᠠᠢ ᠡᠭᠦᠷᠭᠡ - | 1. ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠰᠢᠨ᠎ᠡ ᠶᠢ ᠡᠭᠦᠳᠦᠭᠰᠡᠨ ᠤᠨᠤᠯ ᠢ ︽ᠭᠤᠷᠪᠠ ᠳᠤ ᠣᠷᠣᠭᠤᠯᠵᠤ︾᠂ ᠶᠣᠰᠣ ᠰᠤᠷᠲᠠᠬᠤᠨ ᠢᠶᠠᠷ ᠬᠥᠮᠥᠨ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠨᠠᠮ ᠤᠨ ᠪᠠᠶᠢᠭᠤᠯᠤᠯᠲᠠ ᠶᠢᠨ ᠰᠢᠨ᠎ᠡ ᠶᠢ | ᠡᠭᠦᠳᠦᠭᠰᠡᠨ ᠤᠨᠤᠯ ᠤᠨ ᠰᠤᠳᠤᠯᠭᠠᠨ ᠲᠠᠶᠢᠯᠤᠮᠵᠢ ᠶᠢ ᠬᠦᠴᠦᠯᠡᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠡᠵᠡᠨ ᠮᠡᠳᠡᠬᠦ ᠮᠡᠳᠡᠯᠭᠡ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ︽ᠲᠠᠪᠤᠨ ᠬᠥᠮᠦᠵᠢᠯ ᠢ ᠨᠢᠭᠡᠳᠬᠡᠬᠦ︾ ᠡᠯ᠎ᠡ ᠳᠦᠷᠦᠯ ᠤᠨ ᠠᠵᠢᠯᠯᠠᠭ᠎ᠠ ᠶᠢᠨ ᠲᠥᠯᠥᠪᠯᠡᠭᠡ ᠶᠢ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | 2. ᠤᠯᠤᠰ ᠤᠨ ᠴᠢᠬᠤᠯᠠ ᠲᠣᠮᠣ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠵᠦ᠂ | ᠰᠤᠷᠭᠠᠨ ᠬᠥᠮᠦᠵᠢᠯ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠭᠦᠨᠵᠡᠭᠡᠶᠢᠷᠡᠭᠦᠯᠦᠨ | ᠠᠬᠢᠭᠤᠯᠤᠨ᠎ᠠ᠃ | ᠥᠨᠳᠥᠷ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠭᠡ | ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠠᠷ ᠬᠥᠲᠥᠯᠥᠭᠦᠯᠦᠭᠰᠡᠨ | ᠬᠢᠴᠢᠶᠡᠯ ᠳᠦᠷᠦᠯ ᠤᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠵᠣᠬᠢᠴᠠᠭᠤᠯᠬᠤ ᠲᠣᠭᠲᠠᠴᠠ ᠶᠢ ᠲᠦᠷᠭᠡᠳᠬᠡᠨ | ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠭᠦᠨᠵᠡᠭᠡᠢ ᠠᠭᠤᠰᠤᠯᠴᠠᠭᠤᠯᠤᠭᠰᠠᠨ ᠪᠠᠶᠢᠭᠤᠯᠤᠮᠵᠢ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠤᠢ ᠪᠤᠯᠭᠠᠵᠤ᠂ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠦᠢᠯᠡᠴᠢᠯᠡᠨ᠎ᠡ᠃ | 3. ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠨ ᠰᠤᠷᠭᠠᠨ ᠬᠥᠮᠦᠵᠢᠯ ᠢ ᠬᠥᠭᠵᠢᠭᠦᠯᠵᠦ᠂ | ᠰᠤᠷᠭᠠᠨ ᠬᠥᠮᠦᠵᠢᠯ ᠤᠨ ᠤᠯᠠᠠ ᠨᠠᠶᠢᠳᠠ ᠶᠢᠨ ᠦᠢᠯᠡᠴᠢᠯᠡᠭᠡ ᠶᠢᠨ ᠶᠠᠰᠤ ᠴᠢᠨᠠᠷ ᠪᠠ ᠬᠢᠷᠢ ᠲᠦᠪᠰᠢᠨ ᠢ | ᠦᠷᠭᠦᠯᠵᠢᠯᠠᠠ ᠳᠡᠭᠡᠭᠰᠢᠯᠡᠭᠦᠯᠦᠨ᠎ᠠ᠃ | ᠬᠥᠮᠥᠨ ᠠᠮᠠ ᠶᠢᠨ ᠬᠤᠪᠢᠷᠠᠯᠲᠠ ᠳᠤ ᠵᠣᠬᠢᠴᠠᠭᠰᠠᠨ ᠰᠠᠭᠤᠷᠢ ᠰᠤᠷᠭᠠᠨ ᠬᠥᠮᠦᠵᠢᠯ ᠤᠨ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠶᠠᠨ ᠤ | ᠳᠠᠰ ᠤᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠶᠢ ᠰᠠᠭᠤᠷᠢ ᠰᠤᠷᠭᠠᠨ ᠬᠥᠮᠦᠵᠢᠯ ᠢ | ᠥᠷᠭᠡᠳᠬᠡᠨ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠭᠠᠨ᠂ ᠥᠨᠳᠥᠷ | ᠳᠤᠮᠳᠠᠳᠤ ᠳᠤ ᠳᠠᠪᠰᠢᠬᠤ ᠰᠢᠯᠭᠠᠯᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠬᠤ ᠠᠷᠭ᠎ᠠ ᠬᠡᠮᠵᠢᠶ᠎ᠡ ᠶᠢ | ᠰᠦᠪᠡᠭᠴᠢᠯᠡᠵᠦ᠂ ᠰᠤᠷᠭᠠᠭᠤᠯᠢ ᠶᠢᠨ ᠳᠣᠲᠣᠷᠠᠬᠢ ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠤᠷᠭᠠᠭᠤᠯᠢ ᠶᠢᠨ | ᠭᠠᠳᠠᠨᠠᠬᠢ ᠶᠢ ᠵᠠᠰᠠᠨ ᠴᠡᠭᠴᠡᠯᠡᠬᠦ ᠬᠢᠷᠢ ᠲᠦᠪᠰᠢᠨ ᠢ ᠨᠢᠭᠡᠳᠦᠯᠲᠡᠢ ᠲᠥᠯᠥᠪᠯᠡᠨ ᠳᠡᠭᠡᠭᠰᠢᠯᠡᠭᠦᠯᠤᠨ᠎ᠠ᠃ | 4.ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ | ᠡᠬᠢᠯᠡᠭᠦᠯᠵᠦ᠂ ᠰᠢᠨ᠎ᠡ ᠴᠠᠭ ᠦᠶ᠎ᠡ ᠶᠢᠨ ᠥᠨᠳᠥᠷ ᠬᠢᠷᠢ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠦᠲᠦᠭᠡᠨ | ᠪᠠᠶᠢᠭᠤᠯᠤᠯᠲᠠ ᠶᠢ ᠬᠥᠲᠥᠯᠥᠨ ᠵᠢᠯᠣᠭᠤᠳᠤᠨ᠎ᠠ᠃ | 5. ᠰᠤᠷᠭᠠᠨ ᠬᠥᠮᠦᠵᠢᠯ ᠤᠨ ᠳᠡᠯᠡᠬᠡᠢ ᠳᠠᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ | ᠲᠡᠭᠦᠯᠳᠡᠷᠵᠢᠭᠦᠯᠵᠦ᠂ ᠡᠯ᠎ᠡ ᠱᠠᠲᠤᠨ ᠤ ᠡᠯ᠎ᠡ ᠳᠦᠷᠦᠯ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠰᠣᠯᠢᠯᠴᠠᠭ᠎ᠠ | ᠬᠢᠵᠦ ᠬᠠᠮᠲᠤᠷᠠᠨ ᠠᠵᠢᠯᠯᠠᠬᠤ ᠪᠠᠶᠢᠷᠢ ᠰᠠᠭᠤᠷᠢ ᠪᠠ ᠡᠭᠦᠷᠭᠡ ᠬᠠᠷᠢᠭᠤᠴᠠᠯᠭ᠎ᠠ ᠪᠠᠨ ᠤᠨᠤᠪᠴᠢᠳᠠᠢ ᠡᠷᠢᠵᠦ ᠣᠯᠬᠤ ᠶᠢ | ᠠᠬᠢᠭᠤᠯᠤᠨ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ | ᠨᠠᠩ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠤᠨ᠎ᠠ᠃ | 6. ᠤᠯᠤᠰ ᠤᠨ ᠰᠤᠷᠭᠠᠨ ᠬᠥᠮᠦᠵᠢᠯ ᠤᠨ ᠳᠤᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ | ᠦᠷᠭᠦᠯᠵᠢᠯᠠᠠ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠨᠠᠩ ᠭᠦᠨᠵᠡᠭᠡᠶᠢᠷᠡᠭᠦᠯᠦᠨ | ᠥᠭᠡᠷᠡᠴᠢᠯᠡᠬᠦ ᠳᠤ ᠬᠦᠴᠦᠯᠡᠨ᠎ᠡ᠃ | 7. ᠲᠣᠮᠣ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ | ᠤᠨ ᠰᠢᠰᠲ᠋ᠧᠮ ᠤᠨ ᠠᠮᠤᠷ ᠲᠦᠪᠰᠢᠨ ᠯᠠᠪᠳᠠᠭᠤᠨ ᠪᠠᠶᠢᠳᠠᠯ ᠢ ᠦᠷᠭᠦᠯᠵᠢᠯᠠᠠ ᠪᠠᠲᠤᠳᠬᠠᠨ᠎ᠠ᠃ | ᠨᠠᠮ ᠤᠨ ᠰᠤᠷᠭᠠᠭᠤᠯᠢ ᠶᠢᠨ ᠦᠵᠡᠯ ᠤᠬᠠᠮᠰᠠᠷ ᠤᠨ ᠠᠵᠢᠯ ᠳᠠᠬᠢ ᠤᠳᠤᠷᠢᠳᠤᠯᠭ᠎ᠠ ᠶᠢ ᠪᠠᠲᠤ ᠡᠵᠡᠮᠳᠡᠵᠦ | ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠰᠦᠯᠵᠢᠶ᠎ᠡ ᠶᠢ ᠪᠠᠲᠤ ᠰᠦᠯᠵᠢᠨ᠂ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠦᠨ᠎ᠡ᠃ | | ᠳᠦᠷᠪᠠᠠ ᠲᠠᠯ᠎ᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ - | 1. ᠪᠠᠶᠢᠭᠤᠯᠤᠮᠵᠢ ᠲᠣᠭᠲᠠᠴᠠ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ; | 2. ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ; | 3. ᠺᠠᠳ᠋ᠷ ᠤᠨ ᠬᠢᠷᠢ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠵᠤ᠂ ᠠᠵᠢᠯ ᠢᠶᠠᠨ ᠰᠠᠶᠢᠲᠤᠷ ᠬᠢᠬᠦ ᠶᠢ | ᠨᠠᠶᠢᠳᠠᠪᠤᠷᠢᠵᠢᠭᠤᠯᠤᠨ᠎ᠠ; | 4. ᠦᠨᠡᠨ ᠠᠴᠠ ᠵᠥᠪ ᠢ ᠡᠷᠢᠬᠦ ᠠᠵᠢᠯ ᠤᠨ ᠰᠤᠷᠲᠠᠯ ᠢ ᠴᠢᠩᠭᠠᠳᠬᠠᠵᠤ᠂ ᠪᠣᠳᠠᠲᠠᠢ ᠠᠵᠢᠯᠯᠠᠬᠤ ᠶᠢ | ᠰᠠᠶᠢᠲᠤᠷ ᠨᠠᠶᠢᠳᠠᠪᠤᠷᠢᠵᠢᠭᠤᠯᠤᠨ᠎ᠠ᠃ | | |