| ᠯᠠᠪᠯᠠᠯᠲᠠ ᠶᠢᠨ ᠳ᠋ᠤᠭᠠᠷ᠄ 1529000000000000003 2 / 2022-06506 | ᠨᠡᠶᠢᠲᠡᠯᠡᠭᠰᠡᠨ ᠪᠠᠶᠢᠭᠤᠯᠤᠮᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ | ᠢᠯᠡ ᠪᠠᠷ ᠨᠡᠶᠢᠲᠡᠯᠡᠭᠰᠡᠨ ᠠᠩᠭᠢᠯᠠᠯ᠄ ᠰᠠᠨᠠᠭᠠᠴᠢᠯᠠᠭ᠎ᠠ ᠠᠴᠠ ᠪᠠᠨ ᠨᠡᠭᠡᠭᠡᠯᠲᠡ ᠲᠠᠢ ᠪᠣᠯᠭᠠᠬᠤ | ᠪᠢᠴᠢᠭ ᠮᠠᠲ᠋ᠧᠷᠢᠶᠠᠯ ᠤᠨ ᠠᠩᠭᠢᠯᠠᠯ᠄ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ | ᠪᠢᠴᠢᠭ ᠪᠠᠷᠢᠮᠲᠠ ᠶᠢᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2022-12-21 | ᠠᠯᠠᠱᠠ ᠵᠡᠭᠦᠨ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ 2022 ᠣᠨ ᠤ ᠨᠢᠭᠡᠳᠦᠭᠡᠷ | ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ | | 2022 ᠣᠨ ᠤ 1ᠳ᠋ᠦ᠋ᠭᠡᠷ ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠮᠡᠷᠭᠡᠨ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ | ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠠᠯᠠᠱᠠ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠴᠢᠳᠠᠮᠵᠢ ᠶᠢ ᠢᠯᠭᠠᠨ ᠲᠣᠭᠲᠠᠭᠠᠬᠤ ᠪᠠ ᠲᠥᠷᠥᠯ ᠬᠤᠪᠢᠶᠠᠨ ᠰᠢᠯᠭᠠᠨ ᠬᠢᠨᠠᠬᠤ ᠶᠢ ᠬᠡᠷᠡᠭᠵᠢᠭᠦᠯᠬᠦ ᠲᠥᠰᠥᠯ︾ ︽ | ᠭᠠᠶᠢᠯᠢ ᠶᠢ ᠬᠠᠮᠵᠢᠯᠴᠠᠨ ᠭᠠᠶᠢᠯᠢ ᠶᠢ ᠬᠠᠮᠠᠭᠠᠯᠠᠬᠤ ᠠᠵᠢᠯ ᠢ ᠤᠯᠠᠮ ᠴᠢᠩᠭᠠᠳᠬᠠᠬᠤ ᠬᠡᠷᠡᠭᠵᠢᠭᠦᠯᠬᠦ ᠲᠥᠰᠥᠯ ︵ | ᠲᠤᠷᠰᠢᠨ ᠬᠡᠷᠡᠭᠵᠢᠭᠦᠯᠬᠦ︶︾᠂ ︽ᠠᠯᠠᠱᠠ ᠵᠡᠭᠦᠨ ᠬᠤᠰᠢᠭᠤᠨ ᠤ ᠪᠠᠷᠠᠭᠤᠨᠪᠠᠯ ᠪᠠᠯᠭᠠᠰᠤ ᠶᠢᠨ ᠰᠢᠷ᠎ᠠ ᠬᠥᠳᠡᠭᠡ ᠶᠢᠨ | ᠬᠤᠳᠳᠤᠭ ᠤᠨ ᠤᠰᠤᠯᠠᠯᠲᠠ ᠶᠢᠨ ᠣᠷᠣᠨ ᠤ 2022 ᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠮᠠᠯᠲᠠᠭᠰᠠᠨ ᠣᠷᠣᠨ ᠤ ᠶᠡᠷᠦᠩᠬᠡᠶᠢᠯᠡᠨ ᠵᠠᠰᠠᠵᠤ ᠪᠠᠬᠢᠵᠢᠭᠦᠯᠬᠦ ᠶᠢ ᠬᠡᠷᠡᠭᠵᠢᠭᠦᠯᠬᠦ ᠲᠥᠰᠥᠯ︾᠂ ︽ᠵᠢᠷᠠᠲᠠᠢ | ᠪᠠᠯᠭᠠᠰᠤ ᠶᠢᠨ ᠶᠡᠭᠡ ᠴᠠᠬᠠᠷ ᠤᠨ ᠬᠥᠳᠡᠭᠡ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠤ | 2022 ᠣᠨ ᠤ ᠶᠡᠷᠦᠩᠬᠡᠶᠢᠯᠡᠨ ᠪᠠᠬᠢᠵᠢᠭᠦᠯᠬᠦ ᠶᠢ ᠬᠡᠷᠡᠭᠵᠢᠭᠦᠯᠬᠦ ᠲᠥᠰᠥᠯ︾᠂ ︽ᠪᠠᠷᠠᠭᠤᠨ ᠬᠥᠳᠡᠭᠡ ᠶᠢᠨ | ᠤᠰᠤᠯᠠᠯᠲᠠ ᠶᠢᠨ ᠣᠷᠣᠨ ᠤ 2022 ᠣᠨ ᠤ ᠶᠡᠷᠦᠩᠬᠡᠶᠢᠯᠡᠭᠰᠡᠨ ᠪᠠᠬᠢᠵᠢᠭᠦᠯᠦᠯᠲᠡ ᠶᠢᠨ ᠬᠡᠷᠡᠭᠵᠢᠭᠦᠯᠬᠦ ᠲᠥᠰᠥᠯ︾᠂ | ︽ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠮᠠᠯ ᠵᠢᠭᠦᠷᠲᠡᠨ ᠤ ᠢᠯᠭᠠᠳᠠᠰᠤ ᠪᠠ ᠪᠣᠬᠢᠷᠳᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠪᠦᠭᠦ ᠬᠤᠰᠢᠭᠤ ︵ᠬᠤᠰᠢᠭᠤ︶ ᠶᠢ ᠲᠦᠯᠬᠢᠨ ᠠᠬᠢᠭᠤᠯᠬᠤ ᠶᠢ ᠬᠡᠷᠡᠭᠵᠢᠭᠦᠯᠬᠦ | ᠲᠥᠰᠥᠯ︾ ᠢ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠠᠯᠠᠱᠠ ᠵᠡᠭᠦᠨ ᠬᠤᠰᠢᠭᠤᠨ ᠤ ᠨᠠᠰᠣᠳᠠᠶᠢᠴᠣᠣᠯ ᠠᠰᠠᠷᠠᠨ ᠬᠠᠮᠠᠭᠠᠯᠠᠬᠤ ᠲᠥᠪ ᠤᠨ | ᠲᠥᠰᠥᠪ ᠤᠨ ᠭᠦᠢᠴᠡᠳᠬᠡᠯ ᠭᠤᠶᠤᠴᠢᠯᠠᠬᠤ ᠬᠤᠯᠪᠣᠭᠳᠠᠬᠤ ᠤᠴᠢᠷ᠂ ᠠᠵᠢᠯ ᠠᠴᠠ ᠪᠠᠨ ᠠᠮᠠᠷᠠᠭᠰᠠᠳ ᠤᠨ | ᠴᠠᠯᠢᠩ ᠤᠨ ᠵᠥᠷᠢᠶ᠎ᠡ ᠲᠤᠭ᠎ᠠ ᠶᠢᠨ ᠬᠡᠰᠡᠭ ᠬᠤᠯᠪᠣᠭᠳᠠᠬᠤ ᠤᠴᠢᠷ ᠶᠠᠪᠤᠳᠠᠯ᠂ ᠭᠠᠶᠢᠯᠢ ᠲᠠᠲᠠᠪᠤᠷᠢ ᠶᠢ | ᠠᠯᠪᠠᠳᠠᠯᠭ᠎ᠠ ᠪᠠᠷ ᠬᠡᠷᠡᠭᠵᠢᠭᠦᠯᠬᠦ ᠳᠤᠮᠳᠠᠬᠢ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠠᠰᠠᠭᠤᠳᠠᠯ ᠤᠨ | ᠬᠤᠯᠪᠣᠭᠳᠠᠬᠤ ᠬᠡᠷᠡᠭ ᠶᠠᠪᠤᠳᠠᠯ᠂ ᠠᠯᠠᠱᠠ ᠠᠶᠢᠮᠠᠭ ᠤᠨ ᠳ᠋ᠧ ᠴᠧᠨ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ︽ᠪᠠᠢ ᠶᠤᠸᠠᠢ ᠯᠠᠨ ᠲᠢᠩ︾ ᠰᠠᠭᠤᠭᠠᠯᠢ | ᠲᠣᠭᠤᠷᠢᠭ ᠤᠨ ᠬᠡᠰᠡᠭ ᠣᠷᠣᠨ ᠰᠠᠭᠤᠴᠠ ᠶᠢᠨ ᠭᠡᠷ ᠪᠠᠶᠢᠰᠢᠩ ᠢ ᠰᠤᠯᠠᠯᠠᠬᠤ ᠬᠤᠯᠪᠣᠭᠳᠠᠬᠤ ᠬᠡᠷᠡᠭ ᠶᠠᠪᠤᠳᠠᠯ᠂ | ᠠᠯᠠᠱᠠ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠲᠣᠮᠣ | ᠠᠰᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠢᠨᠵᠧᠨᠧᠷᠢᠩ ᠤᠨ ᠬᠡᠮᠵᠢᠶ᠎ᠡ ᠶᠢ ᠬᠤᠪᠢᠷᠠᠭᠤᠯᠬᠤ | ᠬᠤᠯᠪᠣᠭᠳᠠᠬᠤ ᠬᠡᠷᠡᠭ ᠶᠠᠪᠤᠳᠠᠯ᠂ ᠠᠯᠠᠱᠠ ᠵᠡᠭᠦᠨ ᠬᠤᠰᠢᠭᠤᠨ ᠤ ᠥᠯᠵᠡᠢ ᠰᠤᠷᠭᠠᠭᠤᠯᠢ ᠶᠢᠨ ᠬᠤᠯᠪᠣᠭᠳᠠᠬᠤ ᠬᠡᠷᠡᠭ | ᠶᠠᠪᠤᠳᠠᠯ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠦᠢᠯᠡᠴᠢᠯᠡᠭᠡᠨ ᠤ ᠭᠡᠷ᠎ᠡ ᠶᠢᠨ ᠬᠤᠯᠪᠣᠭᠳᠠᠬᠤ ᠤᠴᠢᠷ᠂ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠨ ᠤ | ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ | ᠬᠤᠯᠪᠣᠭᠳᠠᠯ ᠪᠦᠬᠦᠢ ᠤᠴᠢᠷ᠂ ᠠᠯᠠᠱᠠ ᠠᠭᠤᠯᠠ ᠣᠷᠣᠨ ᠤ ᠠᠭᠤᠷᠬᠠᠢ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠲᠤᠰᠬᠠᠢ ᠵᠠᠰᠠᠨ ᠴᠡᠭᠴᠡᠯᠡᠬᠦ ᠠᠵᠢᠯ ᠤᠨ ᠠᠬᠢᠴᠠ ᠶᠢᠨ ᠪᠠᠶᠢᠳᠠᠯ ᠤᠨ ᠬᠤᠯᠪᠣᠭᠳᠠᠯ ᠪᠦᠬᠦᠢ ᠤᠴᠢᠷ | ᠶᠠᠪᠤᠳᠠᠯ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠬᠤᠲᠠ ᠪᠠᠯᠭᠠᠰᠤ ᠶᠢᠨ ᠭᠠᠵᠠᠷ ᠰᠢᠷᠣᠢ ᠶᠢᠨ | ᠳᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠰᠢᠨᠡᠴᠢᠯᠡᠯᠲᠡ ᠶᠢᠨ ᠦᠷ᠎ᠡ ᠪᠦᠲᠦᠭᠡᠯ ᠤᠨ | ᠬᠤᠯᠪᠣᠭᠳᠠᠬᠤ ᠤᠴᠢᠷ ᠶᠠᠪᠤᠳᠠᠯ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯᠵᠢᠯ ᠳᠤ ᠬᠡᠷᠡᠭᠯᠡᠬᠦ | ᠭᠠᠵᠠᠷ ᠤᠨ ᠳᠡᠰ ᠲᠣᠭᠲᠠᠭᠠᠬᠤ ᠪᠠ ᠰᠠᠭᠤᠷᠢ ᠪᠠᠷᠢᠮᠵᠢᠶ᠎ᠠ ᠭᠠᠵᠠᠷ ᠤᠨ ᠦᠨ᠎ᠡ ᠶᠢᠨ ᠰᠢᠨᠡᠴᠢᠯᠡᠯᠲᠡ ᠶᠢᠨ ᠦᠷ᠎ᠡ | ᠪᠦᠲᠦᠭᠡᠯ ᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠳᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠤᠨ | ᠬᠤᠯᠪᠣᠭᠳᠠᠬᠤ ᠤᠴᠢᠷ ᠶᠠᠪᠤᠳᠠᠯ᠂ 2022 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠬᠤᠪᠢᠶᠠᠷᠢᠯᠠᠨ | ᠬᠡᠷᠡᠭᠯᠡᠬᠦ ᠲᠥᠯᠥᠪᠯᠡᠭᠡ ᠶᠢᠨ ᠶᠠᠪᠤᠳᠠᠯ ᠢ ᠤᠶᠠᠯᠳᠤᠭᠤᠯᠵᠤ᠂ ᠠᠯᠠᠱᠠ ᠠᠶᠢᠮᠠᠭ ᠤᠨ ᠬᠤᠩ ᠶᠧ ᠶᠢᠨ ᠪᠠᠢ ᠴᠦᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠯᠠᠨᠪᠤᠯᠠᠭ ᠤᠨ ᠬᠡᠪᠴᠢᠶᠡᠵᠢᠭᠦᠯᠦᠭᠰᠡᠨ ᠴᠠᠭᠠᠨ | ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠥᠷᠥᠯ ᠵᠦᠢᠯ ᠤᠨ ᠬᠤᠯᠪᠣᠭᠳᠠᠬᠤ ᠤᠴᠢᠷ | ᠶᠠᠪᠤᠳᠠᠯ ᠢ ᠬᠡᠷᠡᠭᠵᠢᠭᠦᠯᠵᠦ᠂ ᠪᠠᠶᠠᠨᠬᠤᠲᠠ ᠶᠢᠨ ᠢᠷᠭᠡᠳ ᠢ ᠨᠡᠭᠦᠯᠭᠡᠨ ᠰᠢᠯᠵᠢᠭᠦᠯᠬᠦ ᠰᠠᠭᠤᠷᠢᠨ ᠭᠠᠵᠠᠷ ᠵᠡᠷᠭᠡ 5 | ᠲᠥᠷᠥᠯ ᠵᠦᠢᠯ ᠳᠤ ᠦᠯᠡᠳᠡᠭᠡᠬᠦ ᠶᠢ ᠵᠥᠪᠰᠢᠶᠡᠷᠡᠭᠰᠡᠨ ᠴᠣᠬᠤᠯᠠᠪᠤᠷᠢ ᠶᠢᠨ ᠬᠤᠯᠪᠣᠭᠳᠠᠬᠤ ᠤᠴᠢᠷ ᠶᠠᠪᠤᠳᠠᠯ᠂ | ᠲᠦᠩᠬᠦ᠋ ᠨᠠᠭᠤᠷ ᠤᠨ ᠢᠷᠭᠡᠳ ᠢ ᠨᠡᠭᠦᠯᠭᠡᠨ ᠰᠢᠯᠵᠢᠭᠦᠯᠬᠦ ᠰᠠᠭᠤᠷᠢᠨ ᠭᠠᠵᠠᠷ ᠤᠨ ᠢᠨᠵᠧᠨᠧᠷᠢᠩ ᠤᠨ | ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠬᠤᠯᠪᠣᠭᠳᠠᠬᠤ ᠤᠴᠢᠷ ᠶᠠᠪᠤᠳᠠᠯ᠂ ᠬᠤᠯᠠᠨ ᠤ ᠨᠤᠲᠤᠭ ᠪᠡᠯᠴᠢᠭᠡᠷ ᠤᠨ | ᠡᠵᠡᠩᠨᠡᠯᠲᠡ ᠶᠢᠨ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠤᠯᠪᠣᠭᠳᠠᠬᠤ ᠤᠴᠢᠷ | ᠶᠠᠪᠤᠳᠠᠯ ᠢ ᠭᠠᠷᠭᠠᠵᠤ᠂ 2014 ᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠨᠥᠬᠦᠪᠦᠷᠢ ᠶᠢᠨ ᠦᠯᠡᠳᠡᠪᠦᠷᠢ ᠪᠡᠯᠡ ᠮᠥᠩᠭᠦ ᠶᠢ ︽ᠠᠳᠦ᠋︾ ᠠᠯᠠᠰᠢᠨ ᠬᠤᠨᠢᠨ ᠤ ᠠᠵᠤ ᠦᠢᠯᠡᠰ ᠢ ᠲᠡᠳᠬᠦᠬᠦ | ᠬᠤᠯᠪᠣᠭᠳᠠᠬᠤ ᠤᠴᠢᠷ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ ᠰᠤᠳᠤᠯᠵᠠᠢ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ | |