ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2025/3/26
- ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠥᠷᠪᠠᠨᠲᠡ ᠥᠭᠦᠯᠡᠬᠦ ᠨᠢ ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ                    ᠤᠰᠤ ᠪᠣᠯ ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ᠂ ᠠᠮᠢ ᠠᠬᠤᠢ ᠶᠢᠨ ᠰᠠᠭᠤᠷᠢ ᠮᠥᠨ᠃ ᠣᠶᠢᠷ᠎ᠠ ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠎ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠎ ᠶᠢᠨ ᠠᠵᠢᠯ ᠤᠨ ᠬᠤᠷᠠᠯ ᠠᠴᠠ᠂ 2025 ᠣᠨ ᠳᠤ ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠎ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠡᠭᠦᠷᠭᠡ ᠶᠢ ᠲᠣᠳᠣᠷᠬᠠᠢ ᠲᠣᠭᠲᠠᠭᠠᠪᠠ᠃ ᠣᠷᠣᠨ ᠳᠠᠶᠠᠭᠠᠷ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠷᠪᠢᠯᠠᠬᠤ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠎ ᠳᠤ ᠨᠠᠶᠢᠳᠠᠪᠤᠷᠢᠵᠢᠭᠤᠯᠬᠤ ᠬᠡᠷᠡᠭᠲᠡᠢ᠃          ᠤᠰᠤ ᠶᠢ ᠨᠠᠨᠳᠢᠩᠨᠠᠨ᠂ ᠤᠰᠤ ᠶᠢ ᠠᠷᠪᠢᠯᠠᠵᠤ᠂ ᠤᠰᠤ ᠶᠢ ᠰᠠᠶᠢᠲᠤᠷ ᠬᠡᠷᠡᠭᠯᠡᠬᠦ ᠪᠣᠯ ᠥᠪᠥᠷ ᠮᠣᠩᠭᠤᠯ ᠎ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠡᠷᠡᠭᠦᠯ ᠳᠠᠭᠠᠭᠠᠮᠠᠭᠠᠢ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠤᠰᠤᠨ ᠤ ᠡᠬᠢ ᠪᠠᠶᠠᠯᠢᠭ ᠤᠨ ᠥᠪᠥᠷ ᠮᠣᠩᠭᠤᠯ ᠤᠨ ᠬᠥᠭᠵᠢᠯᠲᠡ ᠳᠤ ᠦᠵᠡᠭᠦᠯᠭᠦ ᠬᠢᠵᠠᠭᠠᠷᠯᠠᠯ ᠤᠨ ᠡᠮᠦᠨ᠎ᠡ ᠣᠬᠤᠷ ᠬᠤᠭᠤᠴᠠᠭᠠᠨ ᠳᠤ ᠤᠰᠤᠨ ᠤ ᠶᠡᠷᠦᠩᠬᠡᠢ ᠬᠡᠮᠵᠢᠶ᠎ᠡ ᠎ ᠶᠢ ᠨᠡᠮᠡᠭᠳᠡᠭᠦᠯᠵᠦ ᠳᠡᠶᠢᠯᠭᠦ ᠦᠭᠡᠢ ᠪᠠᠶᠢᠳᠠᠯ ᠳᠣᠣᠷ᠎ᠠ᠂ ᠴᠣᠷ ᠤᠨ ᠭᠠᠭᠴᠠ ᠭᠠᠷᠬᠤ ᠵᠠᠮ ᠪᠣᠯ ᠳᠠᠷᠤᠢ ᠤᠰᠤ ᠠᠷᠪᠢᠯᠠᠬᠤ ᠶᠠᠪᠤᠳᠠᠯ ᠪᠣᠯᠣᠨ᠎ᠠ᠃ ᠤᠰᠤ ᠠᠷᠪᠢᠯᠠᠬᠤ ᠤᠰᠤᠯᠠᠯᠲᠠ ᠶᠢ ᠲᠣᠪᠣᠶᠢᠮ᠎ᠠ ᠰᠠᠶᠢᠲᠤᠷ ᠠᠳᠬᠤᠨ ᠪᠠᠷᠢᠯᠭ᠎ᠠ᠂ ᠲᠠᠷᠢᠶᠠᠯᠠᠩ ᠤᠨ ᠮᠡᠷᠭᠡᠰᠢᠯ᠂ ᠲᠦᠷᠦᠯ ᠵᠦᠢᠯ᠂ ᠪᠦᠲᠦᠴᠡ᠂ ᠲᠣᠭᠲᠠᠴᠠ ︽ᠲᠠᠪᠤᠨ ᠲᠠᠯ᠎ᠠ ᠶᠢᠨ ᠠᠷᠪᠢᠯᠠᠬᠤ︾ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠰᠤᠯᠭᠠᠨ ᠤᠰᠤᠯᠠᠬᠤ᠂ ᠪᠠᠭ᠎ᠠ ᠬᠡᠮᠵᠢᠶ᠎ᠡ ᠪᠠᠷ ᠤᠰᠤᠯᠠᠬᠤ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠳᠡᠯᠭᠡᠷᠡᠭᠦᠯᠵᠦ᠂ ᠲᠠᠷᠢᠶᠠᠨ ᠭᠠᠵᠠᠷ ᠢ ᠨᠡᠭᠡᠭᠡᠨ ᠬᠥᠭᠵᠢᠭᠦᠯᠬᠦ ᠵᠠᠭᠠᠭ ᠢ ᠲᠣᠭᠲᠠᠭᠠᠨ᠂ ᠤᠯᠤᠰ ᠤᠨ ᠭᠠᠵᠠᠷ ᠰᠢᠷᠣᠢ ᠶᠢᠨ ︽ᠭᠤᠷᠪᠠᠳᠤᠭᠠᠷ ᠤᠳᠠᠭ᠎ᠠ ᠶᠢᠨ ᠪᠠᠶᠢᠴᠠᠭᠠᠯᠲᠠ︾ ᠳᠤᠮᠳᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠳᠣᠲᠣᠷᠠᠬᠢ ᠤᠰᠤ ᠨᠡᠯᠢᠶᠡᠳ ᠶᠡᠭᠡ ᠬᠤᠷᠣᠭᠳᠠᠭᠤᠯᠬᠤ ᠭᠠᠵᠠᠷ ᠢ ᠠᠯᠬᠤᠮ ᠠᠯᠬᠤᠮ ᠢᠶᠠᠷ ᠬᠢᠨᠠᠨ ᠪᠠᠭᠠᠰᠬᠠᠬᠤ ᠬᠡᠷᠡᠭᠲᠡᠢ᠃ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ᠂ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠣᠯᠣᠨ ᠬᠦᠷᠢᠶᠡᠯᠡᠩ ᠲᠣᠭᠤᠷᠢᠭ ᠢ ᠶᠡᠭᠡ ᠪᠠᠷ ᠡᠭᠦᠳᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢᠯᠠᠩᠭᠤᠶ᠎ᠠ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠲᠡᠷᠢᠭᠦᠨ ᠤ ᠮᠡᠷᠭᠡᠵᠢᠯ ᠢ ᠬᠡᠷᠡᠭᠯᠡᠭᠦᠯᠵᠦ᠂ ᠲᠦᠮᠡᠨ ᠲᠥᠭᠦᠷᠢᠭ ᠤᠨ ᠨᠡᠮᠡᠭᠳᠡᠯ ᠥᠷᠲᠡᠭ ᠪᠦᠷᠢ ᠳᠠᠬᠢ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠡᠮᠵᠢᠶ᠎ᠡ ᠶᠢ ᠲᠠᠰᠤᠷᠠᠯᠲᠠ ᠦᠭᠡᠢ ᠪᠠᠭᠠᠰᠬᠠᠬᠤ ᠶᠢ ᠪᠡᠶᠡᠯᠡᠭᠦᠯᠬᠦ ᠬᠡᠷᠡᠭᠲᠡᠢ᠃          ᠲᠤᠰᠤᠯ ᠤᠰᠤ ᠪᠣᠯᠭᠠᠨ ᠬᠤᠪᠣᠷ ᠨᠠᠨᠳᠢᠨ ᠶᠤᠮ᠂ ᠪᠢᠳᠡ ᠲᠤᠰᠤᠯ ᠤᠰᠤ ᠪᠣᠯᠭᠠᠨ ᠢ ᠦᠨᠡᠨ ᠰᠡᠳᠬᠢᠯ ᠎ ᠠᠴᠠ ᠪᠠᠨ ᠠᠷᠪᠢᠯᠠᠨ ᠭᠠᠮᠨᠠᠬᠤ ᠬᠡᠷᠡᠭᠲᠡᠢ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ ᠣᠯᠠᠨ ᠲᠦᠮᠡᠨ ᠤ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠤᠰᠤ ᠠᠷᠪᠢᠯᠠᠬᠤ ᠮᠡᠳᠡᠯᠭᠡ ᠎ ᠶᠢ ᠤᠬᠠᠭᠤᠯᠤᠨ ᠤᠰᠤ ᠠᠷᠪᠢᠯᠠᠬᠤ ᠳᠠᠳᠬᠠᠯ ᠢ ᠪᠤᠢ ᠪᠤᠯᠭᠠᠵᠤ᠂ ᠬᠥᠮᠥᠨ ᠪᠦᠭᠦᠨ ᠣᠷᠣᠯᠴᠠᠬᠰᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠂ ᠪᠦᠭᠦ ᠨᠡᠶᠢᠭᠡᠮ ᠤᠨ ᠤᠰᠤ ᠠᠷᠪᠢᠯᠠᠬᠤ ᠪᠠᠲᠤ ᠪᠠᠬᠢ ᠬᠠᠰᠢᠯᠭ᠎ᠠ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠰᠦᠢᠳᠬᠦ ᠨᠣᠷᠮ᠎ᠠ ᠶᠢ ᠦᠨᠡᠨ ᠬᠦ ᠪᠠᠭᠤᠷᠠᠭᠤᠯᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠡᠯ᠎ᠡ ᠵᠦᠢᠯ ᠤᠨ ︽ᠳᠤᠰᠤᠯᠠᠵᠤ ᠭᠤᠭᠤᠵᠢᠬᠤ ᠦᠵᠡᠭᠳᠡᠯ︾᠎ ᠢ ᠬᠤᠷᠢᠭᠯᠠᠵᠤ ᠂ 2025 ᠣᠨ ᠳᠤ ᠬᠠᠲᠤᠨ ᠭᠤᠣᠯ ᠳᠠᠭᠠᠤ ᠶᠢᠨ ᠬᠤᠳᠠ ᠪᠦᠭᠦᠨ ᠢ ᠤᠰᠤ ᠠᠷᠪᠢᠯᠠᠬᠤ ᠪᠠᠷᠢᠮᠵᠢᠶ᠎ᠠ ᠳᠤ ᠬᠦᠷᠭᠡᠬᠦ ᠎ ᠶᠢ ᠦᠨᠡᠨ ᠬᠦ ᠪᠠᠲᠤᠯᠠᠬᠤ ᠬᠡᠷᠡᠭᠲᠡᠢ᠃          ᠤᠰᠤ ᠶᠢ ᠠᠷᠪᠢᠯᠠᠨ ᠬᠡᠷᠡᠭᠯᠡᠬᠦ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠨᠢ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠠᠪᠤᠳᠠᠯ ᠮᠥᠨ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠰᠠᠶᠢᠲᠤᠷ ᠬᠡᠷᠡᠭᠯᠡᠨ ᠤᠰᠤ ᠠᠷᠪᠢᠯᠠᠬᠤ ᠶᠢ ᠠᠳᠬᠤᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠱᠠᠲᠤᠯᠢᠭ ᠦᠨ᠎ᠡ ᠬᠠᠩᠰᠢ᠂ ᠤᠰᠤ ᠬᠡᠷᠡᠭᠯᠡᠬᠦ ᠲᠣᠭᠲᠠᠭᠰᠠᠨ ᠬᠡᠮᠵᠢᠶ᠎ᠡ ᠠᠴᠠ ᠬᠡᠲᠦᠷᠡᠪᠡᠯ ᠠᠬᠢᠭᠤᠯᠤᠨ ᠪᠤᠳᠤᠵᠤ ᠦᠨ᠎ᠡ ᠨᠡᠮᠡᠬᠦ᠂ ᠳᠠᠬᠢᠯᠲᠠ ᠤᠰᠤ ᠬᠡᠷᠡᠭᠯᠡᠪᠡᠯ ᠠᠬᠢᠭᠤᠯᠤᠨ ᠪᠤᠳᠤᠵᠤ ᠦᠨ᠎ᠡ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠭᠠᠵᠠᠷ ᠳᠣᠣᠷᠠᠬᠢ ᠤᠰᠤᠨ ᠤ ᠦᠨ᠎ᠡ ᠬᠠᠩᠰᠢ ᠨᠢ ᠭᠠᠵᠠᠷ ᠳᠡᠭᠡᠷᠡᠬᠢ ᠤᠰᠤᠨ ᠠᠴᠠ ᠥᠨᠳᠥᠷ ᠪᠠᠶᠢᠬᠤ᠂ ᠭᠠᠵᠠᠷ ᠳᠡᠭᠡᠷᠡᠬᠢ ᠤᠰᠤᠨ ᠤ ᠦᠨ᠎ᠡ ᠬᠠᠩᠰᠢ ᠨᠢ ᠬᠡᠪ ᠤᠨ ᠪᠤᠰᠤ ᠤᠰᠤᠨ ᠠᠴᠠ ᠥᠨᠳᠥᠷ ᠪᠠᠶᠢᠬᠤ ᠦᠨ᠎ᠡ ᠬᠠᠩᠰᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠦᠨ᠎ᠡ ᠬᠠᠩᠰᠢ ᠶᠢᠨ ᠪᠠᠷᠢᠮᠵᠢᠶ᠎ᠠ ᠶᠢ ᠰᠠᠶᠢᠲᠤᠷ ᠬᠡᠷᠡᠭᠵᠢᠭᠦᠯᠵᠦ ᠂ ᠰᠦᠢᠳᠬᠡᠯ ᠬᠤᠷᠢᠶᠠᠬᠤ ᠶᠣᠰᠣᠲᠠᠢ ᠪᠦᠭᠦᠨ ᠠᠴᠠ ᠵᠠᠪᠠᠯ ᠰᠦᠢᠳᠬᠡᠯ ᠬᠤᠷᠢᠶᠠᠵᠤ᠂ ᠬᠤᠷᠢᠶᠠᠭᠰᠠᠨ ᠤᠰᠤᠨ ᠤ ᠰᠦᠢᠳᠬᠡᠯ ᠢᠶᠠᠷ ᠢᠶᠠᠨ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠶᠢ ᠭᠡᠳᠡᠷᠭᠦ ᠲᠤᠰᠠᠯᠠᠵᠤ᠂ ᠠᠷᠪᠢᠯᠠᠭᠰᠠᠨ ᠤᠰᠤ ᠶᠢ ᠤᠰᠤᠨ ᠤ ᠡᠷᠬᠡ ᠶᠢᠨ ᠠᠷᠠᠯᠵᠢᠶ᠎ᠠ ᠳᠤ ᠬᠡᠷᠡᠭᠯᠡᠵᠦ ᠪᠣᠯᠣᠨ᠎ᠠ᠃ ᠡᠯ᠎ᠡ ᠬᠦᠷᠢᠶ᠎ᠡ ᠴᠠᠷᠠᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠶᠠᠭᠳᠠᠮᠠᠯ ᠤᠰᠤᠨ ᠤ ᠠᠰᠢᠭᠯᠠᠯᠲᠠ ᠶᠢ ᠴᠢᠩᠭᠠᠳᠬᠠᠵᠤ᠂ ᠳᠤᠰᠤᠯ ᠤᠰᠤ ᠪᠦᠷᠢ ᠶᠢᠨ ᠦᠨ᠎ᠡ ᠦᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃          ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠪᠦᠭᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠨ᠂ ᠤᠰᠤ ᠠᠷᠪᠢᠯᠠᠬᠤ ᠠᠷᠭ᠎ᠠ ᠬᠡᠮᠵᠢᠶ᠎ᠡ ᠨᠦᠭᠦᠳ ᠢ ᠰᠠᠶᠢᠲᠤᠷ ᠬᠡᠷᠡᠭᠯᠡᠵᠦ᠂ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠨᠠᠷᠢᠨ ᠵᠦᠢᠯᠡᠰ ᠠᠴᠠ ᠡᠬᠢᠯᠡᠨ ᠬᠢᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠷᠪᠢᠯᠠᠬᠤ ᠬᠠᠷᠢᠭᠤᠴᠠᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号