ᠨᠠᠮ ᠤᠨ ᠪᠠᠶᠢᠭᠤᠯᠤᠯᠲᠠ ᠶᠢᠨ ᠲᠤᠷᠰᠢᠯᠭ᠎ᠠ ᠪᠠ ᠰᠡᠩᠬᠡᠷᠡᠭᠦᠯᠦᠯ
ᠨᠡᠶᠢᠲᠡᠯᠡᠭᠰᠡᠨ ᠴᠠᠭ᠄
2025/3/26
                                                    ●  ᠸᠠᠩ ᡁᠢ ᠮᠢᠨ                    ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠳᠤ᠄ ︽ᠮᠠᠨ ᠤ ᠨᠠᠮ ᠤᠳᠤ ᠳᠠᠪᠲᠠᠭᠳᠠᠨ ᠪᠣᠯᠪᠠᠰᠤᠷᠠᠭᠠᠳ ᠴᠤᠭ ᠪᠠᠳᠠᠷᠠᠩᠭᠤᠢ ᠪᠠᠶᠢᠬᠤ ᠶᠢᠨ ᠨᠢᠭᠡᠨ ᠮᠠᠰᠢ ᠴᠢᠬᠤᠯᠠ ᠰᠢᠯᠲᠠᠭᠠᠨ ᠪᠣᠯ ᠳᠠᠷᠤᠢ ᠪᠢᠳᠠ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠶᠢᠨ ᠡᠯ᠎ᠡ ᠲᠡᠦᠬᠡᠨ ᠴᠠᠭ ᠦᠶ᠎ᠡ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠪᠠ ᠰᠢᠯᠭᠠᠯᠲᠠ ᠶᠢ ᠲᠠᠰᠤᠷᠠᠯᠲᠠ ᠦᠭᠡᠢ ᠰᠠᠶᠢᠲᠤᠷ ᠠᠷᠭᠠᠴᠠᠭᠠᠨ᠂ ᠮᠠᠨ ᠤ ᠨᠠᠮ ᠤᠨ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠦᠨᠡᠨ ᠬᠦ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠲᠡᠦᠬᠡᠨ ᠶᠠᠪᠤᠴᠠ ᠳᠤ ᠢᠮᠠᠭᠲᠠ ᠪᠦᠭᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠣᠭᠰᠠᠭᠠᠷ ᠢᠷᠡᠭᠰᠡᠨ ᠳᠤ ᠣᠷᠣᠰᠢᠨ᠎ᠠ︾ ᠭᠡᠵᠦ ᠵᠢᠭᠠᠵᠤ ᠭᠠᠷᠭᠠᠪᠠ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠤᠨ ᠪᠠᠶᠢᠭᠤᠯᠤᠯᠲᠠ ᠶᠢ ︽ᠠᠭᠤᠤ ᠶᠡᠭᠡ ᠢᠨᠵᠧᠨᠧᠷᠢᠩ︾ ᠭᠡᠵᠦ ᠪᠦᠲᠦᠭᠡᠯᠴᠢ ᠪᠠᠷ ᠨᠡᠷᠡᠶᠢᠳᠦᠭᠰᠡᠨ ᠶᠤᠮ᠃ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠳᠤ᠂ ᠨᠠᠮ ᠠᠴᠠ ᠲᠤᠰ ᠪᠡᠶ᠎ᠡ ᠶᠢᠨ ᠪᠠᠶᠢᠭᠤᠯᠤᠯᠲᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠶᠢ ᠰᠢᠨ᠎ᠡ ᠠᠭᠤᠤ ᠶᠡᠭᠡ ᠢᠨᠵᠧᠨᠧᠷᠢᠩ ᠤᠨ ᠳᠡᠭᠡᠳᠦ ᠬᠡᠮᠵᠢᠶᠡᠨ ᠳᠤ ᠭᠦᠷᠲᠡᠯ᠎ᠡ ᠳᠡᠭᠡᠭᠰᠢᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃          ᠵᠠᠭᠤᠨ ᠵᠢᠯ ᠤᠨ ᠲᠤᠷᠰᠢᠬᠢ ᠨᠠᠮ ᠤᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠶᠢ ᠡᠷᠭᠢᠴᠡᠭᠦᠯᠦᠨ ᠳ᠋ᠦᠩᠨᠡᠬᠦ ᠨᠢ ᠪᠢᠳᠡᠨ ᠤ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠠᠶᠠᠨ ᠵᠠᠮ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠳᠡᠭᠡᠭᠰᠢᠯᠡᠭᠦᠯᠦᠨ᠂ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠰᠢᠨ᠎ᠡ ᠠᠬᠤᠢ ᠪᠠᠶᠢᠳᠠᠯ ᠢ ᠲᠠᠰᠤᠷᠠᠯᠳᠠ ᠦᠭᠡᠢ ᠨᠡᠭᠡᠭᠡᠬᠦ ᠳᠤ ᠲᠣᠯᠢ ᠪᠤᠯᠭᠠᠬᠤ ᠪᠠ ᠰᠡᠩᠬᠡᠷᠡᠭᠦᠯᠦᠯ ᠬᠠᠩᠭᠠᠬᠤ ᠳᠤ ᠠᠰᠢᠭᠲᠠᠢ ᠶᠤᠮ᠃          ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠣᠯᠣᠨ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ          ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠤᠨ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠷ ᠪᠦᠭᠦ ᠨᠠᠮ ᠢ ᠵᠡᠪᠰᠡᠭᠯᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠴᠢᠬᠤᠯᠠ ᠳᠠᠪᠠᠭᠤᠯᠢᠭ ᠪᠣᠯᠣᠨ᠎ᠠ  ᠃ ᠵᠠᠭᠤᠨ ᠵᠢᠯ ᠤᠨ ᠲᠤᠷᠰᠢ᠂ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠣᠯᠣᠨ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠤᠨ᠂ ᠨᠠᠮ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠬᠠᠩᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠬᠦ ᠡᠨᠡ ᠬᠦ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠰᠢᠰᠲ᠋ᠧᠮ ᠲᠠᠢ ᠬᠠᠷᠢᠭᠤᠯᠲᠠ ᠥᠭᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠠᠵᠢᠯᠯᠠᠭᠠᠨ ᠤ ᠵᠦᠭᠯᠡᠭᠦᠷ ᠬᠠᠩᠭᠠᠪᠠ᠃ ᠪᠢᠳᠡ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠢᠶᠠᠷ ᠪᠦᠭᠦ ᠨᠠᠮ ᠢ ᠵᠡᠪᠰᠡᠭᠯᠡᠬᠦ ᠶᠢ ᠪᠠᠷᠢᠮᠲᠠᠯᠠᠵᠤ᠂ ᠪᠦᠭᠦ ᠨᠠᠮ ᠢ ᠬᠥᠮᠥᠵᠢᠭᠦᠯᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠡᠶᠢᠭᠡᠮ ᠢ ᠠᠵᠢᠭᠯᠠᠵᠤ᠂ ᠪᠣᠳᠠᠲᠤ ᠪᠠᠶᠢᠳᠠᠯ ᠢ ᠡᠵᠡᠮᠳᠡᠨ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃          ᠨᠠᠮ ᠤᠨ ᠠᠳᠠᠯᠢ ᠪᠤᠰᠤ ᠱᠠᠲᠤᠨ ᠤ ᠭᠤᠣᠯ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ          ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠥᠪᠡᠷ ᠤᠨ ᠲᠡᠦᠬᠡᠲᠦ ᠡᠭᠦᠷᠭᠡ ᠶᠢᠨ ᠢᠶᠠᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠨᠢ ᠨᠠᠮ ᠤᠨ ᠤᠳᠤᠷᠢᠳᠤᠭᠰᠠᠨ ᠠᠭᠤᠤ ᠶᠡᠭᠡ ᠦᠢᠯᠡᠰ ᠲᠠᠢ ᠨᠢᠭᠲᠠ ᠬᠤᠯᠪᠣᠭᠳᠠᠵᠤ᠂ ᠬᠠᠷᠢᠯᠴᠠᠨ ᠠᠬᠢᠭᠤᠯᠳᠠᠭ᠃ ᠵᠠᠭᠤᠨ ᠵᠢᠯ ᠤᠨ ᠲᠤᠷᠰᠢ᠂ ᠨᠠᠮ ᠠᠴᠠ ᠠᠳᠠᠯᠢ ᠪᠤᠰᠤ ᠲᠡᠦᠬᠡᠨ ᠱᠠᠲᠤ ᠦᠶ᠎ᠡ ᠳᠠᠬᠢ ᠳᠤᠮᠳᠠᠳᠤ ᠤᠯᠤᠰ ᠤᠨ ᠨᠡᠶᠢᠭᠡᠮ ᠤᠨ ᠬᠥᠭᠵᠢᠯᠲᠡ ᠶᠢᠨ ᠭᠤᠣᠯ ᠵᠥᠷᠢᠴᠡᠯ ᠢ ᠦᠨᠳᠦᠰᠦᠯᠡᠨ ᠨᠠᠮ ᠤᠨ ᠭᠤᠣᠯ ᠡᠭᠦᠷᠭᠡ ᠪᠠ ᠤᠯᠤᠰ ᠲᠦᠷᠦ ᠶᠢᠨ ᠱᠤᠭᠤᠮ ᠢ ᠲᠣᠭᠲᠠᠭᠠᠵᠤ᠂ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠥᠪ ᠵᠣᠬᠢᠶᠠᠨ ᠪᠠᠶᠢᠭᠤᠯᠤᠯᠲᠠ ᠶᠢᠨ ᠱᠤᠭᠤᠮ ᠢᠶᠠᠷ ᠤᠯᠤᠰ ᠲᠦᠷᠦ ᠶᠢᠨ ᠵᠥᠪ ᠱᠤᠭᠤᠮ ᠢ ᠪᠠᠲᠤᠯᠠᠬᠤ ᠳᠤ ᠦᠢᠯᠡᠴᠢᠯᠡᠨ᠂ ᠨᠠᠮ ᠤᠨ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠬᠤ ᠬᠡᠷᠡᠭᠲᠡᠢ ᠭᠡᠵᠦ ᠢᠮᠠᠭᠲᠠ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ᠂ ᠳᠤᠮᠳᠠᠳᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠳᠤ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠭᠤᠯᠬᠤ ᠶᠢ ᠪᠠᠷᠢᠮᠲᠠᠯᠠᠨ᠂ ᠠᠭᠤᠤ ᠶᠡᠭᠡ ᠢᠨᠵᠧᠨᠧᠷᠢᠩ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠪᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ᠂ ᠬᠥᠮᠥᠨ ᠰᠣᠩᠭᠤᠵᠤ ᠬᠥᠮᠥᠨ ᠬᠡᠷᠡᠭᠯᠡᠬᠦ ᠪᠠᠷᠢᠮᠵᠢᠶ᠎ᠠ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠪᠦᠷᠢᠨᠰᠢᠭᠦᠯᠬᠦ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠠᠪᠴᠤ᠂ ᠨᠠᠮ ᠤᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠬᠦ ᠵᠡᠷᠭᠡ ᠲᠠᠢ ᠬᠠᠷᠢᠯᠴᠠᠨ ᠵᠣᠬᠢᠴᠠᠭᠤᠯᠵᠤ᠂ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠵᠤ᠂ ᠨᠠᠮ ᠪᠠ ᠤᠯᠤᠰ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃          ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ          ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠣᠨ᠎ᠠ᠂ ᠨᠠᠮ ᠲᠦᠷᠦ ᠪᠠᠷᠢᠭᠰᠠᠨ ᠤ ᠳᠠᠷᠠᠭᠠᠬᠢ ᠬᠠᠮᠤᠭ ᠤᠨ ᠶᠡᠭᠡ ᠠᠶᠤᠯ ᠲᠦᠭᠰᠢᠭᠦᠷᠢ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠣᠨ᠎ᠠ᠃ ᠵᠠᠭᠤᠨ ᠵᠢᠯ ᠤᠨ ᠲᠤᠷᠰᠢ᠂ ᠮᠠᠨ ᠤ ᠨᠠᠮ ᠤᠨ ᠠᠷᠠᠳ ᠲᠦᠮᠡᠨ ᠢ ᠳᠡᠭᠡᠳᠦᠯᠡᠬᠦ ᠦᠨᠳᠦᠰᠦᠨ ᠤᠯᠤᠰ ᠲᠦᠷᠦ ᠶᠢᠨ ᠵᠣᠭᠰᠣᠯᠲᠠ ᠢᠮᠠᠭᠲᠠ ᠬᠤᠪᠢᠷᠠᠭ᠎ᠠ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠢᠮᠠᠭᠲᠠ ᠬᠤᠪᠢᠷᠠᠭ᠎ᠠ ᠦᠭᠡᠢ᠃ ᠬᠤᠪᠢᠰᠬᠠᠯᠲᠤ ᠲᠠᠶᠢᠨ ᠤ ᠵᠢᠯ ᠤᠳ ᠲᠤ᠂ ᠨᠠᠮ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠲᠡᠮᠡᠴᠡᠵᠦ ᠪᠠᠶᠢᠬᠤ ᠪᠠᠨ ᠭᠡᠷᠡᠴᠢᠯᠡᠵᠦ᠂ ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠢ ᠣᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠣᠯᠣᠭᠰᠠᠨ ᠶᠤᠮ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠨᠠᠮ ᠢᠮᠠᠭᠲᠠ ᠠᠷᠠᠳ ᠤᠯᠠᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠤᠯᠠᠨ ᠲᠦᠮᠡᠨ ᠤ ᠬᠦᠷᠢᠶᠡᠯᠡᠬᠦ ᠡᠰᠡᠬᠦ᠂ ᠵᠥᠪᠰᠢᠶᠡᠷᠡᠬᠦ ᠡᠰᠡᠬᠦ ᠂ ᠪᠠᠶᠠᠷᠯᠠᠬᠤ ᠡᠰᠡᠬᠦ᠂ ᠬᠦᠯᠢᠶᠡᠬᠦ ᠡᠰᠡᠬᠦ ᠪᠠᠷ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠬᠤ ᠪᠠᠷᠢᠮᠵᠢᠶ᠎ᠠ ᠪᠣᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠢ ᠨᠡᠩ ᠤᠯᠠᠨ ᠨᠡᠩ ᠰᠢᠭᠤᠳ ᠨᠡᠩ ᠪᠣᠳᠠᠲᠠᠢ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠲᠥᠷᠥᠭᠳᠡᠯ ᠲᠠᠢ ᠪᠣᠯᠭᠠᠪᠠ᠃ ᠰᠢᠨ᠎ᠡ ᠠᠶᠠᠨ ᠵᠠᠮ ᠳᠤ᠂ ᠡᠷᠬᠡᠪᠰᠢ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠠᠪᠤᠳᠠᠯ ᠢ ᠨᠠᠮ ᠤᠨ ᠪᠠᠶᠢᠭᠤᠯᠤᠯᠲᠠ ᠶᠢᠨ ᠭᠠᠷᠳᠠᠴᠠ ᠪᠠ ᠲᠤᠰᠤᠯᠲᠠ ᠪᠤᠯᠭᠠᠵᠤ᠂ ᠠᠷᠠᠳ ᠤᠯᠠᠨ ᠢ ᠨᠢᠭᠲᠠ ᠲᠦᠰᠢᠭᠯᠡᠨ ᠢᠮᠠᠭᠲᠠ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠤᠨ ᠠᠷᠠᠳ ᠲᠦᠮᠡᠨ  ᠪᠠ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃          ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠥᠷᠨᠢᠭᠦᠨ ᠪᠠᠳᠠᠷᠠᠩᠭᠤᠢ ᠠᠮᠢᠳᠤᠯᠢᠭ ᠬᠦᠴᠦᠨ ᠪᠠ ᠪᠦᠯᠬᠦᠮᠳᠡᠯ ᠨᠢᠭᠡᠳᠦᠯ ᠢ ᠴᠢᠩᠭᠠᠳᠬᠠᠬᠤ ᠬᠡᠷᠡᠭᠲᠡᠢ          ᠠᠷᠠᠳᠴᠢᠯᠠᠯ ᠲᠥᠪᠯᠡᠷᠡᠯ ᠤᠨ ᠶᠣᠰᠣ ᠪᠣᠯ ᠨᠠᠮ ᠪᠠ ᠲᠦᠷᠦ ᠶᠢᠨ ᠦᠨᠳᠦᠰᠦᠨ ᠵᠣᠬᠢᠶᠠᠨ ᠪᠠᠶᠢᠭᠤᠯᠤᠯᠲᠠ  ᠶᠢᠨ ᠳᠦᠷᠢᠮ ᠪᠠ ᠤᠳᠤᠷᠢᠳᠬᠤ ᠳᠦᠷᠢᠮ ᠮᠥᠨ᠂ ᠪᠠᠰᠠ ᠴᠤ ᠬᠠᠮᠤᠭ ᠤᠨ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠮᠥᠨ᠃ ᠠᠷᠠᠳ ᠤᠯᠡᠠ ᠤ ᠲᠡᠦᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠣᠨ ᠠᠭᠤᠤ ᠶᠡᠭᠡ ᠪᠦᠲᠦᠭᠡᠯᠴᠢ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠬᠤ ᠬᠠᠮᠲᠤ ᠪᠠ ᠤᠳᠤᠷᠢᠳᠬᠤ ᠭᠤᠣᠯᠯᠠᠭᠴᠢ ᠶᠢᠨ ᠡᠷᠬᠡ ᠰᠦᠷ ᠪᠣᠯᠣᠨ ᠦᠢᠯᠡᠳᠦᠯ ᠢ ᠡᠷᠡᠰ ᠬᠠᠮᠠᠭᠠᠯᠠᠬᠤ ᠶᠠᠪᠤᠳᠠᠯ ᠪᠣᠯ ᠨᠢᠭᠡᠨ ᠪᠣᠯᠪᠠᠰᠤᠷᠠᠩᠭᠤᠢ ᠮᠠᠷᠺᠰ ᠤᠨ ᠦᠵᠡᠯ ᠤᠨ ᠲᠦᠷᠦ ᠶᠢᠨ ᠨᠠᠮ ᠤᠨ ᠴᠢᠬᠤᠯᠠ ᠰᠢᠨᠵᠢ ᠲᠡᠮᠳᠡᠭ ᠮᠥᠨ᠃ ︽ᠬᠤᠶᠠᠷ ᠢ ᠬᠠᠮᠠᠭᠠᠯᠠᠬᠤ︾ ᠪᠣᠯ ᠰᠢᠨ᠎ᠡ ᠴᠠᠭ ᠦᠶ᠎ᠡ ᠶᠢᠨ ᠠᠷᠠᠳᠴᠢᠯᠠᠯ ᠲᠥᠪᠯᠡᠷᠡᠯ ᠤᠨ ᠶᠣᠰᠣᠨ ᠤ ᠪᠦᠲᠦᠭᠡᠯᠴᠢ ᠴᠢᠨᠠᠷᠲᠠᠢ ᠬᠡᠷᠡᠭᠯᠡᠯᠲᠡ ᠮᠥᠨ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠬᠦ ᠪᠣᠯ ᠠᠷᠠᠳᠴᠢᠯᠠᠯ ᠲᠥᠪᠯᠡᠷᠡᠯ ᠤᠨ ᠶᠣᠰᠣᠨ ᠤ ᠪᠠᠶᠢᠪᠠᠰᠤ ᠵᠣᠬᠢᠬᠤ ᠠᠭᠤᠯᠭ᠎ᠠ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠬᠡᠷᠡᠭᠯᠡᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ᠂ ᠨᠠᠮ ᠤᠨ ᠳᠣᠲᠣᠭᠠᠳᠤ ᠶᠢᠨ ᠬᠠᠷᠢᠴᠠᠭ᠎ᠠ ᠶᠢ ᠰᠢᠢᠳᠪᠦᠷᠢᠯᠡᠬᠦ ᠦᠨᠳᠦᠰᠦᠨ ᠪᠠᠷᠢᠮᠵᠢᠶ᠎ᠠ ᠪᠠ ᠪᠣᠳᠠᠲᠠᠢ ᠳᠦᠷᠢᠮ ᠢ ᠲᠣᠭᠲᠠᠭᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ  ᠴᠣᠭᠴᠠᠯᠠᠯᠲᠠ ᠶᠢᠨ ᠲᠠᠯ᠎ᠠ ᠪᠠᠷ ᠬᠢ ᠢᠯᠡ ᠲᠣᠳᠣ ᠣᠨᠴᠠᠯᠢᠭ ᠢ ᠪᠦᠷᠢᠯᠳᠦᠭᠦᠯᠵᠦ᠂ ᠪᠣᠯᠪᠠᠰᠤᠷᠠᠩᠭᠤᠢ ᠲᠥᠪ ᠬᠤᠷᠢᠶᠠᠨ ᠤ ᠤᠳᠤᠷᠢᠳᠬᠤ ᠬᠠᠮᠲᠤ ᠶᠢ ᠪᠦᠷᠢᠯᠳᠦᠭᠦᠯᠬᠦ ᠪᠠ ᠤᠳᠤᠷᠢᠳᠬᠤ ᠭᠤᠣᠯᠯᠠᠭᠴᠢ ᠶᠢ ᠲᠣᠭᠲᠠᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠭᠦ᠋ ᠲᠢᠶᠠᠨ ᠤ ᠬᠤᠷᠠᠯ ᠨᠢ ᠳᠠᠩ ᠴᠤᠯᠭᠤᠢ ᠴᠡᠷᠢᠭ ᠤᠨ ᠶᠠᠪᠤᠳᠠᠯ ᠤᠨ ᠦᠵᠡᠯᠲᠡ᠂ ᠭᠡᠳᠦ ᠠᠷᠠᠳᠴᠢᠯᠠᠯ᠂ ᠵᠣᠬᠢᠶᠠᠨ ᠪᠠᠶᠢᠭᠤᠯᠤᠯᠲᠠ ᠶᠢᠨ ᠪᠤᠰᠤ ᠦᠵᠡᠯᠲᠡ ᠵᠡᠷᠭᠡ ᠪᠤᠷᠤᠭᠤ ᠦᠵᠡᠯ ᠰᠠᠨᠠᠭ᠎ᠠ ᠶᠢ ᠵᠠᠯᠠᠷᠠᠭᠤᠯᠵᠤ᠂ ᠲᠥᠪᠯᠡᠷᠡᠩᠭᠦᠢ ᠵᠢᠯᠣᠭᠤᠳᠤᠯᠭ᠎ᠠ ᠳᠣᠣᠷᠠᠬᠢ ᠠᠷᠠᠳᠴᠢᠯᠠᠯ ᠤᠨ ᠠᠮᠢᠳᠤᠷᠠᠯ ᠢ ᠴᠢᠩᠭ᠎ᠠ ᠬᠡᠷᠡᠭᠵᠢᠭᠦᠯᠬᠦ ᠶᠢ ᠴᠢᠬᠤᠯᠠᠴᠢᠯᠠᠨ᠂ ᠨᠠᠮ ᠤᠨ ᠳᠠᠶᠢᠴᠢᠨ ᠬᠦᠴᠦᠨ ᠢ ᠳᠡᠭᠡᠭᠰᠢᠯᠡᠭᠦᠯᠭᠦ᠂ ᠬᠤᠪᠢᠰᠬᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ ᠨᠠᠮ ᠤᠨ ᠲᠥᠪ ᠬᠤᠷᠢᠶ᠎ᠠ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠵᠠᠷᠢᠮ ᠬᠦᠷᠢᠶ᠎ᠡ ᠴᠠᠷᠠᠭᠠᠨ ᠳᠠᠬᠢ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠨᠠᠮ ᠢ ᠬᠠᠮᠢᠶᠠᠷᠴᠤ ᠨᠠᠮ ᠢ ᠵᠠᠰᠠᠬᠤ ᠡᠷᠴᠢᠮ ᠰᠤᠯᠠ ᠪᠠᠶᠢᠬᠤ ᠪᠠᠶᠢᠳᠠᠯ ᠢ ᠡᠷᠡᠰ ᠬᠤᠪᠢᠷᠠᠭᠤᠯᠤᠨ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠶᠡᠭᠡ ᠤᠯᠤᠰ ᠲᠦᠷᠦ ᠶᠢᠨ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠰᠢᠯᠭ᠎ᠠ ᠮᠥᠨ᠃          ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ          ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠪᠠᠷ ᠥᠪᠡᠷ ᠢ ᠪᠠᠨ ᠬᠢᠨᠠᠨ ᠦᠵᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠥᠪᠡᠷ ᠢ ᠪᠠᠨ ᠳᠠᠪᠲᠠᠨ ᠪᠤᠯᠪᠠᠰᠤᠷᠠᠭᠤᠯᠬᠤ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠴᠤᠭ ᠪᠠᠳᠠᠷᠠᠩᠭᠤᠢ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢᠶᠠᠨ ᠪᠠᠲᠤᠯᠠᠭᠰᠠᠨ ᠴᠢᠬᠤᠯᠠ ᠰᠢᠯᠲᠠᠭᠠᠨ ᠮᠥᠨ᠃ ᠵᠠᠭᠤᠨ ᠵᠢᠯ ᠤᠨ ᠲᠤᠷᠰᠢ᠂ ᠨᠠᠮ ᠠᠴᠠ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ᠂ ᠨᠠᠮ ᠤᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠪᠣᠳᠠᠲᠤ ᠱᠠᠭᠠᠷᠳᠠᠯᠭ᠎ᠠ ᠶᠢ ᠪᠦᠬᠦᠯᠢ ᠴᠣᠭᠴᠠ ᠶᠢᠨ ᠲᠠᠯ᠎ᠠ ᠠᠴᠠ ᠡᠵᠡᠮᠳᠡᠨ᠂ ᠨᠠᠮ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠨᠠᠮ ᠪᠠᠶᠢᠭᠤᠯᠤᠭᠳᠠᠭᠰᠠᠨ ᠤ ᠳᠠᠷᠠᠭᠠᠬᠢ ᠮᠠᠰᠢ ᠤᠷᠲᠤ ᠬᠤᠭᠤᠴᠠᠭᠠᠨ ᠳᠤ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠰᠤᠷᠲᠠᠯ ᠤᠨ ᠪᠠᠶᠢᠭᠤᠯᠤᠯᠲᠠ ᠶᠢ ᠲᠣᠪᠤᠶᠢᠯᠭᠠᠨ ᠴᠢᠬᠤᠯᠠᠴᠢᠯᠠᠭᠰᠠᠭᠠᠷ ᠢᠷᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠳᠣᠲᠣᠭᠠᠳᠤ ᠳᠤ ᠢᠯᠡᠷᠡᠭᠰᠡᠨ ᠲᠣᠪᠣᠶᠢᠮ᠎ᠠ ᠠᠰᠠᠭᠤᠳᠠᠯ ᠤᠨ ᠡᠮᠦᠨ᠎ᠡ᠂ ᠨᠠᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠴᠢᠬᠤᠯᠠᠴᠢᠯᠠᠨ᠂ ᠨᠠᠮ ᠢ ᠬᠠᠮᠢᠶᠠᠷᠴᠤ ᠨᠠᠮ ᠢ ᠵᠠᠰᠠᠬᠤ ᠠᠯᠢ ᠤᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠣᠭᠲᠠᠭᠠᠨ᠂ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠵᠤ᠂ ᠦᠨᠳᠦᠰᠦ ᠰᠠᠭᠤᠷᠢ ᠶᠢ ᠪᠠᠬᠢᠵᠢᠭᠦᠯᠦᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠪᠣᠯᠣᠨ ᠰᠢᠨ᠎ᠡ ᠰᠣᠷᠭᠤᠭ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠮᠥᠨ︾ ᠭᠡᠵᠦ ᠴᠢᠬᠤᠯᠠᠴᠢᠯᠠᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠦᠢᠯᠡᠳᠦᠯᠭᠡ ᠭᠡᠷᠡᠴᠢᠯᠡᠭᠰᠡᠨ  ᠨᠢ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠤ᠂ ᠡᠷᠬᠡᠪᠰᠢ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠵᠤ᠂ ᠨᠠᠮ ᠤᠨ ᠪᠠᠶᠢᠭᠤᠯᠤᠯᠲᠠ ᠶᠢᠨ ᠭᠤᠣᠯ ᠰᠢᠵᠢᠮ ᠪᠣᠯᠣᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠨᠠᠮ ᠤᠨ ᠪᠠᠶᠢᠭᠤᠯᠤᠯᠲᠠ ᠶᠢᠨ ᠠᠭᠤᠯᠭ᠎ᠠ ᠶᠢ ᠨᠡᠩ ᠪᠦᠭᠦ ᠲᠠᠯ᠎ᠠ ᠪᠠᠷ᠂ ᠪᠦᠲᠦᠴᠡ ᠶᠢ ᠨᠡᠩ ᠲᠥᠪ ᠴᠢᠩᠭ᠎ᠠ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠩ ᠴᠢᠩᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ ᠠᠷᠢᠭᠤᠨ ᠴᠢᠨᠠᠷ ᠢ ᠡᠭᠦᠷᠢᠳᠡ ᠪᠠᠲᠤᠯᠠᠵᠤ᠂ ᠨᠠᠮ ᠢ ᠡᠭᠦᠷᠢᠳᠡ ᠢᠯᠠᠭᠳᠠᠰᠢ ᠦᠭᠡᠢ ᠪᠠᠶᠢᠷᠢᠨ ᠳᠤ ᠪᠠᠶᠢᠯᠭᠠᠬᠤ ᠬᠡᠷᠡᠭᠲᠡᠢ᠃                      ︵      
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号