- ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ | ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠳᠥᠷᠪᠠᠨᠲᠡ ᠥᠭᠦᠯᠡᠬᠦ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | | ᠤᠰᠤ ᠪᠣᠯ ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ᠂ ᠠᠮᠢ | ᠠᠬᠤᠢ ᠶᠢᠨ ᠰᠠᠭᠤᠷᠢ ᠮᠥᠨ᠃ ᠣᠶᠢᠷ᠎ᠠ ᠳᠤ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ | ᠶᠢᠨ ᠠᠵᠢᠯ ᠤᠨ ᠬᠤᠷᠠᠯ ᠠᠴᠠ᠂ 2025 ᠣᠨ ᠳᠤ ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠲᠠᠷᠢᠶᠠᠯᠠᠩ | ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ | ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠤᠰᠤ | ᠠᠷᠪᠢᠯᠠᠬᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠡᠭᠦᠷᠭᠡ ᠶᠢ ᠲᠣᠳᠣᠷᠬᠠᠢ ᠲᠣᠭᠲᠠᠭᠠᠪᠠ᠃ | ᠣᠷᠣᠨ ᠳᠠᠶᠠᠭᠠᠷ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠷᠪᠢᠯᠠᠬᠤ ᠬᠠᠷᠢᠭᠤᠴᠠᠯᠭ᠎ᠠ ᠶᠢ ᠦᠨᠡᠨ ᠬᠦ ᠪᠣᠳᠠᠲᠠᠢ | ᠳᠤ ᠨᠠᠶᠢᠳᠠᠪᠤᠷᠢᠵᠢᠭᠤᠯᠬᠤ ᠬᠡᠷᠡᠭᠲᠡᠢ᠃ | ᠤᠰᠤ ᠶᠢ ᠨᠠᠨᠳᠢᠩᠨᠠᠨ᠂ ᠤᠰᠤ ᠶᠢ ᠠᠷᠪᠢᠯᠠᠵᠤ᠂ ᠤᠰᠤ ᠶᠢ ᠰᠠᠶᠢᠲᠤᠷ ᠬᠡᠷᠡᠭᠯᠡᠬᠦ ᠪᠣᠯ ᠥᠪᠥᠷ ᠮᠣᠩᠭᠤᠯ | ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠡᠷᠡᠭᠦᠯ ᠳᠠᠭᠠᠭᠠᠮᠠᠭᠠᠢ | ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠤᠰᠤᠨ ᠤ ᠡᠬᠢ ᠪᠠᠶᠠᠯᠢᠭ ᠤᠨ ᠥᠪᠥᠷ ᠮᠣᠩᠭᠤᠯ ᠤᠨ | ᠬᠥᠭᠵᠢᠯᠲᠡ ᠳᠤ ᠦᠵᠡᠭᠦᠯᠭᠦ ᠬᠢᠵᠠᠭᠠᠷᠯᠠᠯ ᠤᠨ ᠡᠮᠦᠨ᠎ᠡ ᠣᠬᠤᠷ ᠬᠤᠭᠤᠴᠠᠭᠠᠨ ᠳᠤ ᠤᠰᠤᠨ ᠤ ᠶᠡᠷᠦᠩᠬᠡᠢ ᠬᠡᠮᠵᠢᠶ᠎ᠡ | ᠶᠢ ᠨᠡᠮᠡᠭᠳᠡᠭᠦᠯᠵᠦ ᠳᠡᠶᠢᠯᠭᠦ ᠦᠭᠡᠢ ᠪᠠᠶᠢᠳᠠᠯ ᠳᠣᠣᠷ᠎ᠠ᠂ ᠴᠣᠷ ᠤᠨ ᠭᠠᠭᠴᠠ ᠭᠠᠷᠬᠤ ᠵᠠᠮ ᠪᠣᠯ ᠳᠠᠷᠤᠢ ᠤᠰᠤ | ᠠᠷᠪᠢᠯᠠᠬᠤ ᠶᠠᠪᠤᠳᠠᠯ ᠪᠣᠯᠣᠨ᠎ᠠ᠃ ᠤᠰᠤ ᠠᠷᠪᠢᠯᠠᠬᠤ ᠤᠰᠤᠯᠠᠯᠲᠠ ᠶᠢ ᠲᠣᠪᠣᠶᠢᠮ᠎ᠠ ᠰᠠᠶᠢᠲᠤᠷ ᠠᠳᠬᠤᠨ ᠪᠠᠷᠢᠯᠭ᠎ᠠ᠂ | ᠲᠠᠷᠢᠶᠠᠯᠠᠩ ᠤᠨ ᠮᠡᠷᠭᠡᠰᠢᠯ᠂ ᠲᠦᠷᠦᠯ ᠵᠦᠢᠯ᠂ ᠪᠦᠲᠦᠴᠡ᠂ ᠲᠣᠭᠲᠠᠴᠠ ︽ᠲᠠᠪᠤᠨ ᠲᠠᠯ᠎ᠠ ᠶᠢᠨ ᠠᠷᠪᠢᠯᠠᠬᠤ︾ | ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠰᠤᠯᠭᠠᠨ ᠤᠰᠤᠯᠠᠬᠤ᠂ ᠪᠠᠭ᠎ᠠ ᠬᠡᠮᠵᠢᠶ᠎ᠡ ᠪᠠᠷ | ᠤᠰᠤᠯᠠᠬᠤ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠳᠡᠯᠭᠡᠷᠡᠭᠦᠯᠵᠦ᠂ ᠲᠠᠷᠢᠶᠠᠨ ᠭᠠᠵᠠᠷ ᠢ ᠨᠡᠭᠡᠭᠡᠨ ᠬᠥᠭᠵᠢᠭᠦᠯᠬᠦ | ᠵᠠᠭᠠᠭ ᠢ ᠲᠣᠭᠲᠠᠭᠠᠨ᠂ ᠤᠯᠤᠰ ᠤᠨ ᠭᠠᠵᠠᠷ ᠰᠢᠷᠣᠢ ᠶᠢᠨ ︽ᠭᠤᠷᠪᠠᠳᠤᠭᠠᠷ ᠤᠳᠠᠭ᠎ᠠ ᠶᠢᠨ ᠪᠠᠶᠢᠴᠠᠭᠠᠯᠲᠠ︾ | ᠳᠤᠮᠳᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠳᠣᠲᠣᠷᠠᠬᠢ ᠤᠰᠤ ᠨᠡᠯᠢᠶᠡᠳ ᠶᠡᠭᠡ ᠬᠤᠷᠣᠭᠳᠠᠭᠤᠯᠬᠤ | ᠭᠠᠵᠠᠷ ᠢ ᠠᠯᠬᠤᠮ ᠠᠯᠬᠤᠮ ᠢᠶᠠᠷ ᠬᠢᠨᠠᠨ ᠪᠠᠭᠠᠰᠬᠠᠬᠤ ᠬᠡᠷᠡᠭᠲᠡᠢ᠃ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠨ᠂ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠣᠯᠣᠨ ᠬᠦᠷᠢᠶᠡᠯᠡᠩ | ᠲᠣᠭᠤᠷᠢᠭ ᠢ ᠶᠡᠭᠡ ᠪᠠᠷ ᠡᠭᠦᠳᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢᠯᠠᠩᠭᠤᠶ᠎ᠠ ᠤᠰᠤ | ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠲᠡᠷᠢᠭᠦᠨ ᠤ | ᠮᠡᠷᠭᠡᠵᠢᠯ ᠢ ᠬᠡᠷᠡᠭᠯᠡᠭᠦᠯᠵᠦ᠂ ᠲᠦᠮᠡᠨ ᠲᠥᠭᠦᠷᠢᠭ ᠤᠨ ᠨᠡᠮᠡᠭᠳᠡᠯ ᠥᠷᠲᠡᠭ ᠪᠦᠷᠢ ᠳᠠᠬᠢ ᠠᠵᠤ ᠦᠢᠯᠡᠳᠪᠦᠷᠢ ᠶᠢᠨ | ᠤᠰᠤ ᠬᠡᠷᠡᠭᠯᠡᠬᠦ ᠬᠡᠮᠵᠢᠶ᠎ᠡ ᠶᠢ ᠲᠠᠰᠤᠷᠠᠯᠲᠠ ᠦᠭᠡᠢ ᠪᠠᠭᠠᠰᠬᠠᠬᠤ ᠶᠢ ᠪᠡᠶᠡᠯᠡᠭᠦᠯᠬᠦ ᠬᠡᠷᠡᠭᠲᠡᠢ᠃ | ᠲᠤᠰᠤᠯ ᠤᠰᠤ ᠪᠣᠯᠭᠠᠨ ᠬᠤᠪᠣᠷ ᠨᠠᠨᠳᠢᠨ ᠶᠤᠮ᠂ ᠪᠢᠳᠡ ᠲᠤᠰᠤᠯ ᠤᠰᠤ ᠪᠣᠯᠭᠠᠨ ᠢ ᠦᠨᠡᠨ ᠰᠡᠳᠬᠢᠯ | ᠠᠴᠠ ᠪᠠᠨ ᠠᠷᠪᠢᠯᠠᠨ ᠭᠠᠮᠨᠠᠬᠤ ᠬᠡᠷᠡᠭᠲᠡᠢ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ ᠣᠯᠠᠨ | ᠲᠦᠮᠡᠨ ᠤ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠤᠰᠤ ᠠᠷᠪᠢᠯᠠᠬᠤ ᠮᠡᠳᠡᠯᠭᠡ | ᠶᠢ ᠤᠬᠠᠭᠤᠯᠤᠨ ᠤᠰᠤ ᠠᠷᠪᠢᠯᠠᠬᠤ ᠳᠠᠳᠬᠠᠯ ᠢ ᠪᠤᠢ ᠪᠤᠯᠭᠠᠵᠤ᠂ ᠬᠥᠮᠥᠨ ᠪᠦᠭᠦᠨ ᠣᠷᠣᠯᠴᠠᠬᠰᠠᠨ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠂ ᠪᠦᠭᠦ | ᠨᠡᠶᠢᠭᠡᠮ ᠤᠨ ᠤᠰᠤ ᠠᠷᠪᠢᠯᠠᠬᠤ ᠪᠠᠲᠤ ᠪᠠᠬᠢ ᠬᠠᠰᠢᠯᠭ᠎ᠠ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠬᠤᠲᠠ ᠶᠢᠨ | ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠰᠦᠢᠳᠬᠦ ᠨᠣᠷᠮ᠎ᠠ ᠶᠢ ᠦᠨᠡᠨ ᠬᠦ | ᠪᠠᠭᠤᠷᠠᠭᠤᠯᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠲᠠᠢ ᠤᠶᠠᠯᠳᠤᠭᠤᠯᠤᠨ ᠡᠯ᠎ᠡ ᠵᠦᠢᠯ ᠤᠨ ︽ᠳᠤᠰᠤᠯᠠᠵᠤ ᠭᠤᠭᠤᠵᠢᠬᠤ ᠦᠵᠡᠭᠳᠡᠯ︾ ᠢ ᠬᠤᠷᠢᠭᠯᠠᠵᠤ | ᠂ 2025 ᠣᠨ ᠳᠤ ᠬᠠᠲᠤᠨ ᠭᠤᠣᠯ ᠳᠠᠭᠠᠤ ᠶᠢᠨ ᠬᠤᠳᠠ ᠪᠦᠭᠦᠨ ᠢ ᠤᠰᠤ ᠠᠷᠪᠢᠯᠠᠬᠤ ᠪᠠᠷᠢᠮᠵᠢᠶ᠎ᠠ ᠳᠤ ᠬᠦᠷᠭᠡᠬᠦ | ᠶᠢ ᠦᠨᠡᠨ ᠬᠦ ᠪᠠᠲᠤᠯᠠᠬᠤ ᠬᠡᠷᠡᠭᠲᠡᠢ᠃ | ᠤᠰᠤ ᠶᠢ ᠠᠷᠪᠢᠯᠠᠨ ᠬᠡᠷᠡᠭᠯᠡᠬᠦ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠨᠢ ᠤᠰᠤᠨ ᠤ | ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠠᠪᠤᠳᠠᠯ ᠮᠥᠨ᠃ ᠵᠠᠬ᠎ᠠ ᠳᠡᠯᠭᠡᠭᠦᠷᠴᠢᠯᠡᠭᠰᠡᠨ | ᠠᠷᠭ᠎ᠠ ᠪᠠᠷᠢᠯ ᠢ ᠰᠠᠶᠢᠲᠤᠷ ᠬᠡᠷᠡᠭᠯᠡᠨ ᠤᠰᠤ ᠠᠷᠪᠢᠯᠠᠬᠤ ᠶᠢ ᠠᠳᠬᠤᠵᠤ᠂ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠦᠢᠯᠡᠳᠪᠦᠷᠢ ᠶᠢᠨ ᠤᠰᠤ | ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠱᠠᠲᠤᠯᠢᠭ ᠦᠨ᠎ᠡ ᠬᠠᠩᠰᠢ᠂ ᠤᠰᠤ | ᠬᠡᠷᠡᠭᠯᠡᠬᠦ ᠲᠣᠭᠲᠠᠭᠰᠠᠨ ᠬᠡᠮᠵᠢᠶ᠎ᠡ ᠠᠴᠠ ᠬᠡᠲᠦᠷᠡᠪᠡᠯ ᠠᠬᠢᠭᠤᠯᠤᠨ ᠪᠤᠳᠤᠵᠤ ᠦᠨ᠎ᠡ ᠨᠡᠮᠡᠬᠦ᠂ ᠳᠠᠬᠢᠯᠲᠠ ᠤᠰᠤ | ᠬᠡᠷᠡᠭᠯᠡᠪᠡᠯ ᠠᠬᠢᠭᠤᠯᠤᠨ ᠪᠤᠳᠤᠵᠤ ᠦᠨ᠎ᠡ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ | ᠭᠠᠵᠠᠷ ᠳᠣᠣᠷᠠᠬᠢ ᠤᠰᠤᠨ ᠤ ᠦᠨ᠎ᠡ ᠬᠠᠩᠰᠢ ᠨᠢ ᠭᠠᠵᠠᠷ ᠳᠡᠭᠡᠷᠡᠬᠢ ᠤᠰᠤᠨ ᠠᠴᠠ ᠥᠨᠳᠥᠷ ᠪᠠᠶᠢᠬᠤ᠂ ᠭᠠᠵᠠᠷ | ᠳᠡᠭᠡᠷᠡᠬᠢ ᠤᠰᠤᠨ ᠤ ᠦᠨ᠎ᠡ ᠬᠠᠩᠰᠢ ᠨᠢ ᠬᠡᠪ ᠤᠨ ᠪᠤᠰᠤ ᠤᠰᠤᠨ ᠠᠴᠠ ᠥᠨᠳᠥᠷ ᠪᠠᠶᠢᠬᠤ ᠦᠨ᠎ᠡ ᠬᠠᠩᠰᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠦᠨ᠎ᠡ ᠬᠠᠩᠰᠢ ᠶᠢᠨ ᠪᠠᠷᠢᠮᠵᠢᠶ᠎ᠠ ᠶᠢ ᠰᠠᠶᠢᠲᠤᠷ ᠬᠡᠷᠡᠭᠵᠢᠭᠦᠯᠵᠦ | ᠂ ᠰᠦᠢᠳᠬᠡᠯ ᠬᠤᠷᠢᠶᠠᠬᠤ ᠶᠣᠰᠣᠲᠠᠢ ᠪᠦᠭᠦᠨ ᠠᠴᠠ ᠵᠠᠪᠠᠯ ᠰᠦᠢᠳᠬᠡᠯ ᠬᠤᠷᠢᠶᠠᠵᠤ᠂ ᠬᠤᠷᠢᠶᠠᠭᠰᠠᠨ ᠤᠰᠤᠨ ᠤ | ᠰᠦᠢᠳᠬᠡᠯ ᠢᠶᠠᠷ ᠢᠶᠠᠨ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠶᠢ ᠭᠡᠳᠡᠷᠭᠦ ᠲᠤᠰᠠᠯᠠᠵᠤ᠂ ᠠᠷᠪᠢᠯᠠᠭᠰᠠᠨ | ᠤᠰᠤ ᠶᠢ ᠤᠰᠤᠨ ᠤ ᠡᠷᠬᠡ ᠶᠢᠨ ᠠᠷᠠᠯᠵᠢᠶ᠎ᠠ ᠳᠤ ᠬᠡᠷᠡᠭᠯᠡᠵᠦ ᠪᠣᠯᠣᠨ᠎ᠠ᠃ ᠡᠯ᠎ᠡ ᠬᠦᠷᠢᠶ᠎ᠡ ᠴᠠᠷᠠᠭ᠎ᠠ ᠶᠢ ᠬᠥᠲᠥᠯᠥᠨ | ᠵᠢᠯᠤᠭᠤᠳᠴᠤ ᠪᠠᠶᠢᠭᠠᠳ ᠬᠠᠶᠠᠭᠳᠠᠮᠠᠯ ᠤᠰᠤᠨ ᠤ ᠠᠰᠢᠭᠯᠠᠯᠲᠠ ᠶᠢ ᠴᠢᠩᠭᠠᠳᠬᠠᠵᠤ᠂ ᠳᠤᠰᠤᠯ ᠤᠰᠤ ᠪᠦᠷᠢ ᠶᠢᠨ | ᠦᠨ᠎ᠡ ᠦᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ | ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ | ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠪᠦᠭᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ | ᠦᠳᠲᠡᠷ ᠲᠦᠷᠭᠡᠨ ᠬᠥᠳᠡᠯᠦᠯᠴᠡᠵᠦ᠂ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠨ᠂ ᠤᠰᠤ ᠠᠷᠪᠢᠯᠠᠬᠤ | ᠠᠷᠭ᠎ᠠ ᠬᠡᠮᠵᠢᠶ᠎ᠡ ᠨᠦᠭᠦᠳ ᠢ ᠰᠠᠶᠢᠲᠤᠷ ᠬᠡᠷᠡᠭᠯᠡᠵᠦ᠂ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠤᠨ ᠨᠠᠷᠢᠨ | ᠵᠦᠢᠯᠡᠰ ᠠᠴᠠ ᠡᠬᠢᠯᠡᠨ ᠬᠢᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠷᠪᠢᠯᠠᠬᠤ ᠬᠠᠷᠢᠭᠤᠴᠠᠯᠭ᠎ᠠ ᠶᠢ | ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ ᠲᠠᠰᠤᠷᠠᠯᠲᠠ ᠦᠭᠡᠢ | ᠰᠢᠨ᠎ᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤ | ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ |