| - ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠦᠭᠦᠳᠡ ᠬᠤᠷᠠᠯ ᠵᠢᠴᠢ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠵᠢᠷᠭᠤᠭᠠᠨᠲᠠ ᠥᠭᠦᠯᠡᠬᠦ ᠨᠢ | | ᠥᠪᠥᠷ ᠮᠣᠩᠭᠤᠯ ᠤᠨ ᠡᠳᠦᠷ ᠤᠨ | ᠰᠣᠨᠢᠨ ᠤ ᠰᠢᠭᠦᠮᠵᠢᠯᠡᠭᠴᠢ | | | ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠰᠠᠶᠢᠲᠤᠷ ᠡᠭᠦᠳᠬᠦ ᠨᠢ ᠥᠪᠥᠷ ᠮᠣᠩᠭᠤᠯ ᠤᠨ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠥᠷᠨᠢᠭᠦᠯᠦᠨ᠎ᠡ ᠭᠡᠵᠦ ᠲᠣᠳᠣᠷᠬᠠᠢ ᠳᠤᠷᠠᠳᠤᠭᠰᠠᠨ ᠨᠢ ᠳᠠᠷᠤᠢ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠨᠡᠩ ᠰᠠᠶᠢᠨ᠂ ᠨᠡᠩ ᠠᠯᠳᠠᠷ ᠴᠤᠤ ᠲᠠᠢ ᠪᠤᠯᠭᠠᠬᠤ ᠶᠢᠨ ᠲᠥᠯᠥᠭᠡ ᠶᠤᠮ᠃ | ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠡᠯᠪᠡᠭ ᠪᠠᠶᠠᠯᠢᠭ᠂ ᠥᠩᠭᠡ ᠢᠯᠭᠠᠷᠠᠮ᠎ᠠ᠂ | ᠲᠥᠷᠥᠯ ᠭᠡᠯᠪᠡᠷᠢ ᠣᠯᠠᠨ ᠶᠠᠩᠵᠤ ᠶᠢᠨ ᠪᠠᠶᠢᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠲᠠᠶᠢᠯᠪᠤᠷᠢᠯᠠᠬᠤ ᠶᠢ | ᠰᠠᠶᠢᠲᠤᠷ ᠬᠢᠬᠦ ᠪᠣᠯ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠶᠢᠨ ᠤᠷᠢᠲᠠᠯ ᠪᠠ ᠰᠠᠭᠤᠷᠢ ᠪᠣᠯᠣᠨ᠎ᠠ᠃ | ᠣᠳᠣᠬᠠᠨ ᠳᠤ ᠪᠢᠳᠡ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠲᠠᠯ᠎ᠠ ᠪᠠᠷ ᠨᠢᠭᠡᠨᠲᠡ ᠠᠩᠬ᠎ᠠ | ᠠᠯᠬᠤᠮ ᠤᠨ ᠠᠮᠵᠢᠯᠲᠠ ᠣᠯᠣᠭᠰᠠᠨ ᠪᠤᠯᠪᠠᠴᠤ ᠤᠮᠠᠷᠠᠲᠤ ᠬᠢᠯᠢ ᠶᠢᠨ ᠰᠣᠶᠣᠯ ᠭᠡᠬᠦ ᠡᠨᠡ ᠬᠦ ︽ᠪᠠᠶᠠᠨ ᠠᠭᠤᠷᠬᠠᠢ︾ | ᠶᠢ ᠨᠡᠭᠡᠭᠡᠨ ᠮᠠᠯᠲᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠨ᠎ᠠ᠃ ᠬᠦᠴᠦᠨ ᠢᠶᠠᠨ ᠵᠣᠬᠢᠶᠠᠨ ᠪᠠᠶᠢᠭᠤᠯᠵᠤ | ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ ᠰᠤᠷᠪᠤᠯᠵᠢ᠂ ᠬᠥᠭᠵᠢᠯᠲᠡ ᠶᠢᠨ ᠰᠤᠳᠠᠰᠤ ᠶᠢᠨ ᠲᠤᠬᠠᠢ | ᠰᠤᠳᠤᠯᠭᠠᠨ ᠢ ᠴᠢᠩᠭᠠᠳᠬᠠᠵᠤ᠂ | | ᠪᠦᠭᠦ ᠣᠷᠣᠨ ᠤ ᠡᠯ᠎ᠡ ᠱᠠᠲᠤᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ | ᠪᠠᠶᠢᠭ᠎ᠠ ᠴᠠᠭ ᠦᠶ᠎ᠡ ᠶᠢᠨ ᠵᠣᠷᠢᠭ ᠰᠠᠨᠠᠭ᠎ᠠ ᠶᠢ ᠰᠠᠶᠢᠲᠤᠷ ᠲᠠᠶᠢᠯᠪᠤᠷᠢᠯᠠᠬᠤ ᠬᠡᠷᠡᠭᠲᠡᠢ᠃ ᠬᠠᠭᠤᠴᠢ ᠰᠤᠳᠤᠯᠤᠯ ᠤᠨ | ᠡᠷᠴᠢᠮ ᠢᠶᠠᠨ ᠴᠢᠩᠭᠠᠷᠠᠭᠤᠯᠵᠤ᠂ ᠬᠤᠩᠱᠠᠨ ᠰᠣᠶᠣᠯ ᠢ ᠰᠣᠶᠣᠯ ᠤᠨ ᠥᠪ ᠢᠶᠠᠷ ᠬᠠᠮᠲᠤᠷᠠᠨ ᠮᠡᠳᠡᠭᠦᠯᠬᠦ ᠶᠢ | ᠲᠦᠷᠭᠡᠳᠬᠡᠨ ᠠᠬᠢᠭᠤᠯᠵᠤ᠂ ᠳᠤᠮᠳᠠᠳᠤ ᠶᠢᠨ ᠪᠣᠯᠪᠠᠰᠤᠨ ᠤ ᠰᠤᠷᠪᠤᠯᠵᠢ ᠶᠢ ᠬᠠᠶᠢᠨ ᠰᠢᠨᠵᠢᠯᠡᠬᠦ ᠳᠤ ᠬᠤᠪᠢ ᠨᠡᠮᠡᠷᠢ | ᠦᠵᠡᠭᠦᠯᠭᠦ ᠬᠡᠷᠡᠭᠲᠡᠢ᠃ | ᠤᠮᠠᠷᠠᠲᠤ ᠬᠢᠯᠢ ᠶᠢᠨ ᠰᠣᠶᠣᠯ ᠢ ᠨᠠᠩ ᠥᠷᠭᠡᠨ ᠠᠭᠤᠳᠠᠮ ᠲᠠᠪᠴᠠᠩ ᠳᠤ ᠭᠡᠷᠡᠯ ᠭᠢᠯᠪᠠᠭ᠎ᠠ | ᠰᠠᠴᠤᠷᠠᠭᠤᠯᠬᠤ ᠳᠤ ᠡᠷᠬᠡᠪᠰᠢ ᠤᠮᠠᠷᠠᠲᠤ ᠬᠢᠯᠢ ᠶᠢᠨ ᠰᠣᠶᠣᠯ ᠤᠨ ︽ᠭᠠᠷᠴᠤ ᠶᠠᠪᠤᠬᠤ︾ ᠳᠤ ᠢᠳᠡᠪᠬᠢᠲᠡᠢ ᠪᠠᠷ | ᠵᠠᠮ ᠬᠠᠶᠢᠵᠤ᠂ ᠲᠠᠪᠴᠠᠩ ᠪᠠᠶᠢᠭᠤᠯᠵᠤ ᠥᠭᠬᠦ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ | ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠥᠪᠥᠷ ᠮᠣᠩᠭᠤᠯ ᠤᠨ | ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠣᠯᠣᠨ ᠬᠤᠪᠢᠰᠬᠠᠯ ᠤᠨ ᠡᠬᠢ ᠪᠠᠶᠠᠯᠢᠭ ᠢ ᠥᠷᠭᠡᠨ ᠢᠶᠠᠷ ᠤᠬᠠᠭᠤᠯᠵᠤ᠂ | ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠭᠦᠮ ᠤᠨ ᠪᠦᠭᠦ ᠤᠯᠤᠰ ᠴᠢᠨᠠᠭᠰᠢᠯᠠᠪᠠᠯ ᠭᠠᠳᠠᠭᠠᠳᠤ ᠳᠤ ᠬᠦᠷᠴᠦ | ᠲᠣᠬᠯᠠᠯᠲᠠ ᠭᠠᠷᠭᠠᠬᠤ ᠶᠢ ᠠᠬᠢᠭᠤᠯᠵᠤ᠂ ᠲᠣᠮᠣ ᠭᠡᠯᠪᠡᠷᠢ ᠶᠢᠨ ᠪᠠᠶᠠᠷ ᠳᠤᠷᠠᠰᠬᠠᠯ᠂ ᠰᠣᠶᠣᠯ ᠵᠢᠭᠤᠯᠴᠢᠯᠠᠯ ᠤᠨ | ᠠᠵᠢᠯᠯᠠᠭ᠎ᠠ ᠪᠣᠯᠣᠨ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠳᠤᠮᠳᠠ ᠤᠮᠠᠷᠠᠲᠤ ᠬᠢᠯᠢ ᠶᠢᠨ | ᠰᠣᠶᠣᠯ ᠤᠨ ᠡᠯᠧᠮᠧᠨ᠋ᠲ ᠪᠣᠯᠣᠨ ᠢᠯᠡᠳᠬᠡᠮᠵᠢ ᠲᠡᠮᠳᠡᠭ ᠢ ᠰᠢᠭᠢᠳᠬᠡᠵᠦ᠂ ᠤᠮᠠᠷᠠᠲᠤ ᠬᠢᠯᠢ ᠶᠢᠨ ᠰᠣᠶᠣᠯ ᠢ ᠨᠠᠩ | ᠨᠡᠷ᠎ᠡ ᠠᠯᠳᠠᠷ ᠲᠠᠢ᠂ ᠨᠠᠩ ᠲᠠᠲᠠᠬᠤ ᠬᠦᠴᠦᠨ ᠲᠠᠢ ᠪᠤᠯᠭᠠᠬᠤ ᠬᠡᠷᠡᠭᠲᠡᠢ᠃ | ᠰᠣᠶᠣᠯ ᠢ ᠠᠭᠤᠳᠠᠯᠤᠨ ᠡᠮᠬᠢᠯᠡᠬᠦ ᠴᠢᠬᠤᠯᠠ ᠲᠠᠢ᠂ ᠨᠡᠩ ᠴᠤ ᠤᠯᠠᠮᠵᠢᠯᠠᠬᠤ ᠪᠠ ᠰᠢᠨ᠎ᠡ ᠶᠢ ᠡᠭᠦᠳᠬᠦ | ᠴᠢᠬᠤᠯᠠ ᠲᠠᠢ᠃ ᠤᠮᠠᠷᠠᠲᠤ ᠬᠢᠯᠢ ᠶᠢᠨ ᠰᠣᠶᠣᠯ ᠢ ᠳᠠᠭᠤᠷᠢᠰᠤᠭᠤᠯᠤᠶᠠ ᠭᠡᠪᠡᠯ ᠤᠮᠠᠷᠠᠲᠤ ᠬᠢᠯᠢ ᠶᠢᠨ ᠰᠣᠶᠣᠯ ᠤᠨ | ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠣᠨᠳᠣᠣᠰᠢᠭᠤᠯᠬᠤ ᠶᠢ ᠴᠢᠩᠭᠠᠳᠬᠠᠵᠤ᠂ ᠤᠮᠠᠷᠠᠲᠤ ᠬᠢᠯᠢ ᠶᠢᠨ | ᠰᠣᠶᠣᠯ ᠤᠨ ᠠᠭᠤᠯᠤᠭᠳᠠᠬᠤᠨ ᠢ ᠢᠯᠡᠷᠡᠭᠦᠯᠦᠭᠰᠡᠨ ᠨᠡᠩ ᠤᠯᠠᠨ ᠦᠢᠯᠡᠳᠬᠦᠨ ᠪᠠ ᠦᠢᠯᠡᠴᠢᠯᠡᠭᠡ ᠶᠢ ᠡᠭᠦᠳᠴᠦ᠂ | ᠬᠥᠮᠥᠰ ᠤᠨ ᠰᠡᠳᠬᠢᠯ ᠢ ᠬᠥᠳᠡᠯᠭᠡᠮ᠎ᠡ᠂ ᠴᠤᠤᠷᠢᠶᠠᠲᠤᠯ ᠢ ᠣᠯᠣᠭᠰᠠᠨ ᠨᠡᠩ ᠤᠯᠠᠨ ᠰᠠᠶᠢᠨ ᠪᠦᠲᠦᠭᠡᠯ ᠢ ᠵᠣᠬᠢᠶᠠᠨ | ᠪᠦᠲᠦᠭᠡᠬᠦ ᠬᠡᠷᠡᠭᠲᠡᠢ᠃ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠥᠷᠥᠯ ᠵᠦᠢᠯ ᠢ ᠲᠡᠳᠬᠦᠬᠦ ᠪᠠ ᠰᠣᠳᠣᠨ | ᠪᠦᠲᠦᠭᠡᠯ ᠢ ᠬᠥᠬᠢᠭᠦᠯᠦᠨ ᠱᠠᠩᠨᠠᠬᠤ ᠬᠠᠮᠢᠶᠠᠷᠤᠯᠲᠠ ᠶᠢᠨ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠳᠬ᠎ᠠ | ᠤᠷᠠᠯᠢᠭ ᠤᠨ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ | ᠲᠥᠷᠬᠦ ᠪᠦᠬᠦᠢ ᠰᠣᠳᠣᠨ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠯᠭᠡᠭᠦ ᠬᠡᠷᠡᠭᠲᠡᠢ᠃ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠦᠷᠢᠶᠡᠯᠡᠩ ᠪᠦᠯᠭᠦᠮ + ᠺᠤᠮᠫᠠᠨᠢ︾᠂ ︽ | ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠵᠡᠷᠭᠡ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠤᠯᠤᠰ ᠤᠨ | ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠣᠯᠣᠨ ᠰᠣᠶᠣᠯ ᠤᠨ ᠠᠵᠢᠯ ᠦᠢᠯᠡᠰ ᠤᠨ | ᠨᠢᠭᠡᠴᠢ ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠮᠢᠵᠢᠷᠠᠯ ᠤᠨ ᠬᠦᠴᠦᠨ ᠢᠶᠠᠨ ᠴᠢᠩᠭᠠᠳᠬᠠᠵᠤ᠂ | ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ | ᠪᠡᠶᠡᠯᠡᠭᠦᠯᠬᠦ ᠶᠢ ᠳᠡᠮᠵᠢᠬᠦ ᠬᠡᠷᠡᠭᠲᠡᠢ᠃ ᠡᠭᠦᠨ ᠤ ᠬᠠᠮᠲᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠲᠦᠷᠭᠡᠳᠬᠡᠵᠦ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠬᠡᠷᠡᠭᠲᠡᠢ᠃ | | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ | ᠠᠳᠬᠤᠵᠤ᠂ ᠣᠷᠣᠨ ᠳᠠᠶᠠᠭᠠᠷ ᠤᠮᠠᠷᠠᠲᠤ ᠬᠢᠯᠢ ᠶᠢᠨ ᠰᠣᠶᠣᠯ ᠢ ᠪᠦᠲᠦᠭᠡᠯᠴᠢ ᠴᠢᠨᠠᠷᠲᠠᠢ ᠣᠨᠳᠣᠣᠰᠢᠭᠤᠯᠬᠤ᠂ | ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠥᠪᠥᠷ ᠮᠣᠩᠭᠤᠯ ᠤᠨ ᠰᠣᠶᠣᠯ ᠤᠨ | ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠠᠶᠢᠬᠠᠨ ᠠᠯᠳᠠᠷ ᠢ | ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠰᠢᠨ᠎ᠡ ᠴᠠᠭ ᠦᠶ᠎ᠡ ᠳᠤ ᠠᠮᠢᠯᠠᠨ ᠪᠠᠳᠠᠷᠠᠬᠤ ᠶᠢ ᠠᠬᠢᠭᠤᠯᠬᠤ | ᠬᠡᠷᠡᠭᠲᠡᠢ᠃ | |