| ᠪᠠᠢ ᠬᠠᠢ ᠯᠢᠨ ᠬᠤᠷᠠᠯ ᠡᠷᠭᠢᠯᠠᠠ ᠶᠠᠷᠢᠶ᠎ᠠ ᠲᠠᠯᠪᠢᠪᠠ | | ᠵᠠᠩ ᠢᠦᠢ | 1 ᠰᠠᠷ᠎ᠠ ᠶᠢᠨ 7 ᠤ ᠡᠳᠦᠷ᠂ ᠪᠦᠭᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ | ᠬᠤᠷᠠᠯᠳᠤᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠭᠦ ᠠᠶᠢᠮᠠᠭ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ | ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ | ᠳᠠᠷᠤᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠪᠣᠳᠠᠲᠠᠢ ᠱᠠᠭᠠᠷᠳᠠᠯᠭ᠎ᠠ ᠳᠤᠷᠠᠳᠪᠠ᠃ | ᠪᠠᠢ ᠬᠠᠢ ᠯᠢᠨ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠤᠷᠢᠳᠴᠢᠯᠠᠨ ᠰᠡᠷᠭᠡᠶᠢᠯᠡᠵᠦ᠂ ᠬᠦᠴᠦᠨ ᠢᠶᠠᠨ ᠳᠣᠷᠣᠭᠰᠢ ᠪᠠᠭᠤᠯᠭᠠᠬᠤ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠲᠤᠶᠢᠯᠪᠤᠷᠢᠲᠠᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ ᠪᠣᠳᠠᠰ | ᠦᠢᠯᠡᠳᠪᠦᠷᠢᠯᠡᠵᠦ ᠪᠠᠶᠢᠬᠤ ᠠᠵᠤ ᠦᠢᠯᠡᠳᠪᠦᠷᠢ᠂ ᠠᠭᠤᠷᠬᠠᠢ ᠵᠡᠷᠭᠡ ᠬᠦᠷᠢᠶᠡᠨ ᠤ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ | ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ | ᠰᠠᠶᠢᠲᠤᠷ ᠠᠳᠬᠤᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠵᠠᠮ ᠤᠨ ᠬᠡᠰᠡᠭ᠂ | ᠭᠤᠣᠯᠳᠠᠯᠭ᠎ᠠ ᠲᠠᠢ ᠲᠡᠷᠭᠡ ᠮᠠᠰᠢᠨ ᠢ ᠴᠢᠩᠭ᠎ᠠ ᠠᠩᠬᠠᠷᠴᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ | ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ | ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠭᠠᠯ ᠢ ᠰᠡᠷᠭᠡᠶᠢᠯᠡᠬᠦ ᠪᠠᠷ ᠭᠤᠣᠯᠳᠠᠯᠭ᠎ᠠ | ᠪᠣᠯᠭᠠᠨ᠂ ᠲᠣᠮᠣ ᠭᠡᠯᠪᠡᠷᠢ ᠶᠢᠨ ᠬᠤᠳᠠᠯᠳᠤᠭᠠᠨ ᠤ ᠭᠡᠲᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠡᠮᠨᠡᠯᠭᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠣᠷᠳᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠰᠦᠯᠵᠢᠶᠡᠨ ᠤ | ᠪᠠᠭᠠᠷ ᠵᠡᠷᠭᠡ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠵᠢᠴᠢ ︽ᠶᠢᠰᠦᠨ ᠵᠢᠵᠢᠭ ᠲᠠᠯᠠᠪᠤᠷ ︾ ᠤᠨ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠬᠤᠸᠠᠷ ᠫᠤᠤᠵᠢᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠠᠨᠠᠭᠠᠨ ᠳᠤ ᠦᠭᠡᠢ ᠠᠳᠡᠯ ᠭᠠᠷᠬᠤ ᠶᠢ ᠡᠷᠡᠰ | ᠰᠡᠷᠭᠡᠶᠢᠯᠡᠬᠦ ᠬᠡᠷᠡᠭᠲᠡᠢ᠃ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠰᠢᠨᠵᠢᠯᠡᠬᠦ ᠤᠬᠠᠭᠠᠨᠴᠢ ᠪᠠᠷ ᠲᠥᠰᠥᠪᠯᠡᠨ᠂ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠨᠠᠷᠢᠨ ᠨᠢᠮᠪᠠᠢ ᠠᠳᠬᠤᠵᠤ᠂ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ | ᠪᠠᠲᠤᠯᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ᠂ ᠣᠨᠴᠠᠭᠠᠢ ᠴᠠᠭ ᠠᠭᠤᠷ ᠢ ᠠᠷᠭᠠᠴᠠᠭᠠᠨ ᠰᠢᠢᠳᠪᠦᠷᠢᠯᠡᠬᠦ᠂ ᠨᠡᠶᠢᠭᠡᠮ ᠤᠨ ᠠᠮᠤᠷ | ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠠᠢ ᠬᠠᠢ ᠯᠢᠨ᠂ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠨ ᠢᠶᠠᠨ ᠰᠠᠶᠢᠲᠤᠷ ᠬᠤᠪᠢᠶᠠᠷᠢᠯᠠᠨ | ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠠᠵᠢᠯ ᠢ ᠦᠨᠡᠨ ᠬᠦ ᠨᠠᠷᠢᠯᠢᠭ ᠠᠳᠬᠤᠵᠤ | ᠪᠣᠳᠠᠲᠠᠢ ᠠᠳᠬᠤᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠥᠮᠥᠨ ᠢᠶᠠᠨ ᠪᠣᠳᠠᠲᠠᠢ | ᠲᠣᠬᠢᠷᠠᠭᠤᠯᠵᠤ᠂ ᠰᠢᠢᠳᠪᠦᠷᠢᠯᠡᠬᠦ ᠶᠢ ᠪᠣᠳᠠᠲᠠᠶᠢᠵᠢᠭᠤᠯᠤᠨ᠂ ᠪᠠᠲᠤᠯᠠᠭ᠎ᠠ ᠶᠢ ᠪᠣᠳᠠᠲᠠᠶᠢᠵᠢᠭᠤᠯᠵᠤ᠂ ᠪᠠᠴᠢᠮ | ᠪᠠᠶᠢᠳᠠᠯ ᠢ ᠠᠷᠭᠠᠴᠠᠬᠤ ᠡᠩᠨᠡᠭᠡ ᠶᠢ ᠲᠣᠬᠢᠷᠠᠭᠤᠯᠵᠤ ᠳᠡᠶᠢᠯᠭᠦ᠂ ᠡᠳ᠋ ᠪᠣᠳᠠᠰ ᠢ ᠬᠡᠷᠡᠭᠯᠡᠵᠦ ᠳᠡᠶᠢᠯᠭᠦ ᠶᠢ ᠦᠨᠡᠨ ᠬᠦ | ᠪᠠᠲᠤᠯᠠᠬᠤ ᠬᠡᠷᠡᠭᠲᠡᠢ᠃ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ᠂ ᠵᠠᠬ᠎ᠠ ᠳᠡᠯᠭᠡᠭᠦᠷ ᠤᠨ ᠠᠮᠤᠷ | ᠲᠦᠪᠰᠢᠨ ᠲᠣᠭᠲᠠᠭᠤᠨ ᠬᠠᠩᠭᠠᠯᠭ᠎ᠠ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠤᠯᠠᠨ ᠲᠦᠮᠡᠨ ᠤ ᠪᠠᠶᠠᠷ ᠵᠢᠷᠭᠠᠯ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠮᠥᠩᠬᠡ᠂ ᠯᠢᠦ ᠳ᠋ᠧ᠂ ᠯᠢᠦ ᠴᠥᠩ ᠰᠢᠶᠣᠣ᠂ ᠯᠢᠦ ᠳ᠋ᠧ ᠼᠦᠢ᠂ ᠯᠢ ᠵᠢᠶᠦ᠋ᠨ ᠬᠤᠷᠠᠯ ᠳᠤ | ᠣᠷᠣᠯᠴᠠᠪᠠ ᠃ |