| | ᠯᠤ᠋ ᠯᠢ ᠮᠢᠩ ᠬᠤᠷᠠᠯ ᠡᠷᠭᠢᠯᠡᠨ ᠶᠠᠷᠢᠶ᠎ᠠ ᠲᠠᠯᠪᠢᠪᠠ | ᠮᠧᠩ ᠶᠠᠨ︶ 1 ᠰᠠᠷ᠎ᠠ ᠶᠢᠨ 7 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ | ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠦ ᠯᠢ ᠮᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠠᠩ ᠬᠠᠢ᠂ ᠠᠶᠢᠮᠠᠭ ᠤᠨ ᠳᠡᠳ᠋ ᠳᠠᠷᠤᠭ᠎ᠠ | ᠯᠢᠦ ᠴᠥᠩ ᠰᠢᠶᠣᠣ ᠬᠤᠷᠠᠯ ᠳᠤ ᠣᠷᠣᠯᠴᠠᠪᠠ᠃ | ᠬᠤᠷᠠᠯ ᠠᠴᠠ᠂ ᠯᠢᠦ ᠴᠥᠩ ᠰᠢᠶᠣᠣ ᠶᠢᠨ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠬᠢᠭᠰᠡᠨ 2024 | ᠣᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠠᠶᠢᠮᠠᠭ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯ ᠢ ᠬᠤᠷᠠᠯᠳᠤᠭᠤᠯᠬᠤ | ᠲᠤᠬᠠᠢ ᠬᠠᠮᠢᠶ᠎ᠠ ᠪᠦᠬᠦᠢ ᠶᠠᠪᠤᠳᠠᠯ ᠪᠣᠯᠣᠨ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠢ ᠬᠢᠨᠠᠨ ᠵᠥᠪᠯᠡᠵᠦ | ᠪᠠᠲᠤᠯᠠᠨ᠂ ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ | ᠪᠠ ᠬᠦᠴᠦᠲᠡᠢ ᠳᠡᠮᠵᠢᠯᠭᠡ ᠳᠣᠣᠷ᠎ᠠ᠂ ᠡᠯ᠎ᠡ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠣᠯᠠᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠰᠠᠨᠠᠯ ᠳᠤᠷᠠᠳᠤᠯᠭ᠎ᠠ ᠶᠢ | ᠭᠦᠢᠴᠡᠳᠬᠡᠭᠰᠡᠨ ᠠᠵᠢᠯ ᠤᠨ ᠦᠷ᠎ᠡ ᠪᠦᠲᠦᠮᠵᠢ ᠵᠢᠯ ᠳᠠᠷᠠᠭᠠᠯᠠᠨ ᠳᠡᠭᠡᠭᠰᠢᠯᠡᠵᠦ᠂ ᠨᠢᠭᠡ ᠪᠦᠯᠦᠭ ᠭᠤᠣᠯᠳᠠᠯᠭ᠎ᠠ ᠲᠠᠢ | ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠦᠷ᠎ᠡ ᠪᠦᠲᠦᠮᠵᠢ ᠰᠠᠶᠢᠨ ᠪᠣᠯᠵᠤ᠂ ᠭᠡᠰᠢᠭᠦᠳ ᠪᠠ ᠣᠯᠠᠨ ᠲᠦᠮᠡᠨ ᠤ | ᠥᠨᠳᠥᠷ ᠦᠨᠡᠯᠡᠯᠲᠡ ᠶᠢ ᠣᠯᠣᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ | ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠭᠤᠣᠯ ᠡᠭᠦᠷᠭᠡ | ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ᠂ ᠭᠦᠨᠵᠡᠭᠡᠶᠢᠷᠡᠭᠦᠯᠦᠨ᠂ ᠵᠥᠪᠯᠡᠬᠦ ᠬᠦᠴᠦᠨ ᠢᠶᠠᠨ ᠰᠢᠪᠬᠠᠵᠤ᠂ | ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠪᠠᠳᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ | ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠳᠤ ᠬᠤᠪᠢ ᠶᠢᠨ | ᠵᠢᠩ ᠲᠠᠢ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠶᠠᠰᠤ ᠴᠢᠨᠠᠷ ᠲᠠᠢ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠳᠤ ᠬᠦᠴᠦᠨ ᠴᠢᠳᠠᠯ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠤᠯᠤᠰ ᠲᠥᠷᠥ ᠶᠢᠨ ᠴᠢᠳᠠᠪᠤᠷᠢ | ᠪᠠᠷ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠦᠨᠡᠨ ᠬᠦ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠲᠠᠪᠤᠳᠤᠭᠠᠷ ᠤᠳᠠᠭᠠᠨ ᠤ ᠬᠤᠷᠠᠯ ᠢ 1 ᠰᠠᠷ᠎ᠠ ᠶᠢᠨ ᠰᠡᠭᠦᠯᠴᠢ ᠪᠠᠷ ᠪᠠᠶᠠᠨᠬᠤᠲᠠ ᠳᠤ ᠬᠤᠷᠠᠯᠳᠤᠭᠤᠯᠬᠤ ᠪᠠᠷ | ᠲᠣᠭᠲᠠᠪᠠ᠃ | |