ᠵᠢᠯ ᠤᠨ ᠠᠭᠠᠷ ᠠᠶᠠᠯᠠᠯ ᠤᠨ ᠡᠭᠦᠷᠭᠡ  ᠲᠡᠭᠦᠰ ᠠᠮᠵᠢᠯᠲᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2025/3/26
                       ᠠᠯᠠᠱᠠ ᠶᠢᠨ ᠤᠯᠠᠠ ᠲᠦᠮᠡᠨ ᠤ ᠠᠭᠠᠷ ᠠᠶᠠᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ 2024 ᠣᠨ ᠳᠤ᠂ ᠠᠯᠠᠱᠠ ᠶᠢᠨ ᠨᠢᠰᠬᠡᠯ ᠤᠨ ᠪᠠᠭᠤᠳᠠᠯ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠠᠭᠠᠷ ᠠᠶᠠᠯᠠᠯ ᠤᠨ ᠺᠤᠮᠫᠠᠨᠢ ᠲᠠᠢ ᠢᠳᠡᠪᠬᠢᠲᠡᠢ ᠬᠠᠷᠢᠯᠴᠠᠵᠤ᠂ ᠠᠶᠠᠯᠠᠯ ᠤᠨ ᠵᠠᠮ ᠱᠤᠭᠤᠮ ᠤᠨ ᠲᠣᠣᠷᠵᠢᠯ ᠢ ᠳᠠᠰᠤᠷᠠᠯᠳᠠ ᠦᠭᠡᠢ ᠥᠷᠭᠡᠳᠬᠡᠵᠦ᠂ ᠠᠶᠠᠨᠴᠢᠳ ᠲᠤ ᠨᠠᠩ ᠳᠦᠭᠦᠮ ᠳᠥᠲᠡ ᠵᠠᠮ ᠬᠠᠷᠢᠯᠴᠠᠭ᠎ᠠ ᠶᠢᠨ ᠨᠥᠬᠦᠴᠡᠯ ᠢ ᠬᠠᠩᠭᠠᠭᠰᠠᠨ ᠪᠠᠶᠢᠨ᠎ᠠ᠃          ᠪᠦᠷᠢᠳᠬᠡᠯ ᠢ ᠦᠨᠳᠦᠰᠦᠯᠡᠪᠡᠯ᠂ 2024 ᠣᠨ ᠳᠤ᠂ ᠠᠯᠠᠱᠠ ᠶᠢᠨ ᠨᠢᠰᠬᠡᠯ ᠤᠨ ᠪᠠᠭᠤᠳᠠᠯ ᠨᠠᠶᠢᠳᠠ4069 ᠤᠳᠠᠭᠠᠨ ᠤ ᠨᠢᠰᠬᠡᠯ ᠢ ᠠᠵᠢᠯᠯᠠᠭᠤᠯᠵᠤ᠂ 11.5 ᠲᠦᠮᠡᠨ ᠬᠥᠮᠥᠨ ᠢ ᠵᠥᠭᠡᠭᠡᠪᠦᠷᠢᠯᠡᠨ᠂ ᠵᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃          ᠵᠢᠯ ᠤᠨ ᠳᠣᠲᠣᠷ᠎ᠠ᠂ ᠠᠯᠠᠱᠠ ᠶᠢᠨ ᠨᠢᠰᠬᠡᠯ ᠤᠨ ᠪᠠᠭᠤᠳᠠᠯ ᠰᠢᠨ᠎ᠡ ᠪᠠᠷ 3 ᠵᠤᠷᠪᠤᠰ ᠰᠠᠯᠪᠤᠷᠢ ᠱᠤᠭᠤᠮ ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ᠂ ᠳᠤᠮᠳᠠ ᠬᠡᠰᠡᠭ᠂ ᠵᠡᠭᠦᠨ ᠬᠡᠰᠡᠭ ᠤᠨ ᠠᠶᠢᠮᠠᠭ ᠬᠤᠳᠠ ᠲᠠᠢ ᠠᠭᠠᠷ ᠲᠠᠬᠢ ᠵᠠᠮ ᠱᠤᠭᠤᠮ ᠤᠨ ᠨᠡᠪᠲᠡᠷᠡᠯᠴᠡᠯ ᠢ ᠪᠠᠶᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠥᠮᠥᠰ ᠤᠨ ᠵᠠᠮ ᠠᠶᠠᠯᠠᠯ ᠤᠨ ᠨᠥᠬᠦᠴᠡᠯ ᠪᠣᠯᠣᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠠᠢ᠃ ᠠᠭᠠᠷ ᠠᠶᠠᠯᠠᠯ ᠨᠡᠪᠲᠡᠷᠡᠭᠰᠡᠨ ᠤ ᠳᠠᠷᠠᠭ᠎ᠠ᠂ ᠤᠯᠠᠠ ᠠᠷᠭ᠎ᠠ ᠵᠠᠮ ᠢᠶᠠᠷ ᠵᠠᠬ᠎ᠠ ᠳᠡᠯᠭᠡᠭᠦᠷ ᠤᠨ ᠤᠬᠠᠭᠤᠯᠭ᠎ᠠ ᠶᠢ ᠴᠢᠩᠭᠠᠳᠬᠠᠨ᠂ ᠤᠯᠠᠠ ᠲᠦᠮᠡᠨ ᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠤ᠂ ᠨᠢᠰᠬᠡᠯ ᠤᠨ ᠠᠶᠠᠯᠠᠯᠲᠠ᠂ ᠴᠠᠭ ᠬᠤᠭᠤᠴᠠᠭ᠎ᠠ᠂ ᠪᠢᠯᠧᠲ ᠤᠨ ᠦᠨ᠎ᠡ ᠬᠠᠩᠰᠢ ᠵᠡᠷᠭᠡ ᠰᠤᠷᠠᠭ ᠵᠠᠩᠭᠢ ᠶᠢ ᠪᠦᠭᠦ ᠲᠠᠯ᠎ᠠ ᠪᠠᠷ ᠣᠶᠢᠯᠠᠭᠠᠬᠤ ᠳᠤ ᠨᠥᠬᠦᠴᠡᠯ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号