ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/26
         ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ᠄          ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ                                           ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠱᠤᠸᠠᠢ ᠵᠧᠩ          ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠠᠮᠤᠷ ᠲᠦᠪᠰᠢᠨ ᠤ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠡᠷᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠲᠤᠬᠠᠢ ᠣᠶᠢᠷ᠎ᠠ ᠳᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ ᠶᠢ ᠰᠤᠷᠪᠤᠯᠵᠢᠯᠠᠪᠠ᠃          ᠥᠪᠥᠷ ᠮᠣᠩᠭᠤᠯ ᠤᠨ ᠡᠳᠦᠷ ᠤᠨ ᠰᠣᠨᠢᠨ᠄ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠰᠡᠳᠦᠪ ᠢ ᠬᠡᠷᠬᠢᠨ ᠪᠦᠭᠦ ᠲᠠᠯ᠎ᠠ ᠪᠠᠷ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠤᠶ︖          ᠭᠤᠤ ᠷᠦᠨ ᠰᠢ᠄ ᠪᠢᠳᠡ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠤᠢ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠲᠠᠢ ᠤᠶᠠᠯᠳᠤᠭᠤᠯᠤᠨ᠂ ︽ᠬᠤᠶᠠᠷ ᠢ ᠲᠣᠭᠲᠠᠭᠠᠭᠰᠠᠨ︾  ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠡᠷᠡᠰ ᠪᠠᠲᠤ ᠣᠶᠢᠯᠠᠭᠠᠵᠤ᠂ ︽ᠬᠤᠶᠠᠷ ᠢ ᠬᠠᠮᠠᠭᠠᠯᠠᠬᠤ︾  ᠶᠢ ᠨᠠᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ ᠶᠢ ᠪᠦᠭᠦ ᠲᠠᠯ᠎ᠠ ᠪᠠᠷ ᠡᠵᠡᠮᠰᠢᠵᠦ᠂ ᠣᠯᠠᠨ ᠤᠳᠠᠭ᠎ᠠ ᠲᠢᠩᠬᠢᠮ ᠤᠨ ᠨᠠᠮ ᠤᠨ ᠬᠤᠷᠢᠶ᠎ᠠ ᠶᠢᠨ ᠬᠤᠷᠠᠯ ᠢ ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠥᠭᠡᠷᠡᠴᠢᠯᠡᠯᠲᠡ ᠶᠢᠨ ᠵᠠᠪᠠᠯ ᠥᠭᠡᠷᠡᠴᠢᠯᠡᠬᠦ ᠵᠦᠢᠯ᠂ ᠭᠤᠣᠯᠳᠠᠯᠭ᠎ᠠ ᠲᠠᠢ ᠵᠦᠢᠯ᠂ ᠰᠢᠨ᠎ᠡ ᠶᠢ ᠡᠭᠦᠳᠬᠦ ᠵᠦᠢᠯ᠂ ᠲᠤᠷᠰᠢᠯᠲᠠ ᠶᠢᠨ ᠴᠡᠭ ᠤᠨ ᠵᠦᠢᠯ ᠢ ᠰᠢᠰᠲ᠋ᠧᠮ ᠲᠠᠢ ᠡᠮᠬᠢᠯᠡᠵᠦ᠂ ᠠᠵᠢᠯ ᠤᠨ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠥᠭᠡᠷᠡᠴᠢᠯᠡᠯᠲᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ︽ᠭᠠᠷᠠᠭ ᠪᠦᠷᠢ ᠮᠥᠷᠳᠡᠡ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ᠂ ᠪᠠᠶᠢᠩᠭᠤᠵᠢᠭᠤᠯᠤᠨ ᠱᠠᠯᠠᠪᠳᠠᠭᠤᠯᠤᠨ ᠭᠦᠢᠴᠡᠳᠬᠡᠬᠦ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃          ᠥᠪᠥᠷ ᠮᠣᠩᠭᠤᠯ ᠤᠨ ᠡᠳᠦᠷ ᠤᠨ ᠰᠣᠨᠢᠨ  ᠄  ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠪᠣᠯ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠬᠡᠷᠬᠢᠨ  ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠪᠤᠶ︖          ᠭᠤᠤ ᠷᠦᠨ ᠰᠢ᠄ ᠪᠢᠳᠡ ᠳᠦᠷᠢᠮ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠬᠦᠴᠦᠯᠡᠵᠦ᠂ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠥᠪᠯᠡᠯ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠵᠢᠯᠤᠭᠤᠳᠬᠤ ᠭᠠᠵᠠᠷ ᠤᠨ ᠠᠵᠢᠯ ᠤᠨ ᠳᠦᠷᠢᠮ ᠵᠢᠴᠢ ᠠᠯᠪᠠᠨ ᠭᠡᠷ ᠤᠨ ᠠᠵᠢᠯ ᠤᠨ ᠨᠠᠷᠢᠨ ᠳᠦᠷᠢᠮ ᠪᠣᠯᠣᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠵᠢᠯ ᠤᠨ ᠳᠦᠷᠢᠮ ᠳᠤ ᠵᠠᠰᠠᠪᠤᠷᠢ ᠣᠷᠣᠭᠤᠯᠵᠤ᠂ ᠨᠢᠭᠡᠳᠦᠯᠲᠡᠢ ᠵᠢᠯᠤᠭᠤᠳᠬᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠪᠦᠬᠦᠯᠢ ᠴᠣᠭᠴᠠ ᠶᠢᠨ ᠠᠵᠢᠯ ᠤᠨ ᠬᠠᠮᠲᠤᠷᠠᠯ ᠬᠦᠴᠦᠨ ᠢ ᠪᠤᠶ ᠪᠣᠯᠭᠠᠪᠠ᠃ ᠣᠷᠣᠰ ᠮᠣᠩᠭᠤᠯ ᠯᠤᠭ᠎ᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠪᠠ ᠬᠤᠯᠪᠤᠭ᠎ᠠ ᠠᠪᠬᠤ ᠲᠣᠭᠲᠠᠭᠤᠨ ᠲᠣᠭᠲᠠᠴᠠ ᠶᠢ ᠪᠠᠶᠢᠭᠤᠯᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠷᠭᠢᠯᠡᠭᠴᠢ ᠵᠢᠴᠢ ᠡᠯ᠎ᠡ ᠲᠤᠰᠬᠠᠢ ᠮᠡᠷᠭᠡᠵᠢᠯ ᠤᠨ ᠵᠥᠪᠯᠡᠯ ᠤᠨ ᠠᠯᠪᠠᠨ ᠭᠡᠷ ᠤᠨ ᠪᠦᠭᠦᠳᠡ ᠬᠤᠷᠠᠯ ᠢ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠠᠵᠢᠯᠯᠠᠭᠠᠨ ᠤ ᠲᠣᠭᠲᠠᠴᠠ︾  ᠶᠢ ᠨᠡᠶᠢᠲᠡᠯᠡᠵᠦ᠂ ᠵᠠᠳᠠᠯᠤᠨ ᠰᠤᠳᠤᠯᠵᠤ ᠮᠠᠭᠠᠳᠯᠠᠬᠤ᠂ ᠶᠡᠷᠦᠩᠬᠡᠶᠢᠯᠡᠨ ᠬᠢᠨᠠᠨ ᠵᠢᠯᠤᠭᠤᠳᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠵᠡᠷᠭᠡ ᠠᠵᠢᠯ ᠢ ᠳᠦᠷᠢᠮᠵᠢᠭᠦᠯᠦᠨ ᠪᠠᠶᠢᠩᠭᠤᠵᠢᠭᠤᠯᠬᠤ ᠶᠢ ᠠᠬᠢᠭᠤᠯᠪᠠ᠃ ᠬᠦᠨᠳᠦ ᠶᠡᠭᠡ  ᠭᠡᠮ ᠰᠣᠭᠤᠭ ᠤᠨ ᠨᠠᠷᠢᠨ ᠳᠠᠩᠰᠠ ᠶᠢᠨ ᠬᠠᠮᠢᠶᠠᠷᠤᠯᠲᠠ᠂ ᠳᠠᠪᠬᠤᠷ ᠲᠤᠰᠢᠶᠠᠨ ᠭᠦᠢᠴᠡᠳᠬᠡᠯᠭᠡᠬᠦ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ᠂ ᠳᠠᠭᠢᠨ ᠬᠢᠨᠠᠵᠤ ᠨᠠᠷᠢᠨ ᠲᠠᠩᠰᠠᠨ ᠠᠴᠠ ᠭᠠᠷᠭᠠᠬᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ᠂ ᠵᠠᠷᠯᠠᠵᠤ ᠬᠠᠷᠢᠭᠤᠴᠠᠯᠭ᠎ᠠ ᠲᠤᠯᠭᠠᠬᠤ ᠵᠡᠷᠭᠡ ᠵᠢᠷᠭᠤᠭᠠᠨ ᠵᠦᠢᠯ ᠤᠨ ᠲᠣᠭᠲᠠᠴᠠ ᠶᠢ ᠪᠠᠶᠢᠭᠤᠯᠵᠤ᠂ ᠱᠠᠯᠠᠪᠳᠠᠭᠤᠯᠤᠨ ᠬᠠᠪᠰᠤᠷᠬᠤ ᠶᠢ ᠨᠢᠭᠡ ᠴᠣᠭᠴᠠᠵᠢᠭᠤᠯᠤᠨ  ᠠᠬᠢᠭᠤᠯᠵᠤ ᠬᠦᠨᠳᠦ ᠶᠡᠭᠡ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠪᠠ᠃ ︽ᠨᠡᠯᠢᠶᠡᠳ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠲᠠᠰ ᠳᠡᠪᠰᠢᠭᠦᠯᠦᠨ ᠪᠠᠶᠢᠴᠠᠭᠠᠨ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠨᠡᠯᠢᠶᠡᠳ ᠶᠡᠭᠡ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠢ ᠵᠠᠳᠠᠯᠤᠨ ᠰᠤᠳᠤᠯᠵᠤ ᠮᠠᠭᠠᠳᠯᠠᠬᠤ᠂ ᠮᠥᠷᠳᠡᠨ ᠨᠡᠬᠡᠮᠵᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠠᠵᠢᠯ ᠤᠨ ᠲᠣᠭᠲᠠᠴᠠ︾  ᠶᠢ ᠲᠣᠭᠲᠠᠭᠠᠵᠤ ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠨᠡᠯᠢᠶᠡᠳ ᠶᠡᠭᠡ ᠠᠳᠡᠯ ᠢ ᠪᠦᠭᠦᠨ ᠢ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠯᠭᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠨ ᠪᠣᠳᠠᠲᠠᠶᠢᠵᠢᠭᠤᠯᠪᠠ᠃ ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠯᠭᠠᠨ ᠬᠢᠨᠠᠬᠤ ᠠᠷᠭ᠎ᠠ ᠳᠤ ᠵᠠᠰᠠᠪᠤᠷᠢ ᠣᠷᠣᠭᠤᠯᠵᠤ᠂ ᠰᠢᠯᠭᠠᠨ ᠬᠢᠨᠠᠬᠤ ᠠᠭᠤᠯᠭ᠎ᠠ ᠶᠢ ᠶᠡᠭᠡ ᠬᠡᠮᠵᠢᠶ᠎ᠡ ᠪᠠᠷ ᠪᠠᠭᠠᠰᠬᠠᠨ᠂ ᠡᠳᠦᠷ ᠲᠤᠲᠤᠮ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷ ᠳᠠᠮᠵᠢᠭᠤᠯᠤᠨ᠂ ᠰᠢᠯᠭᠠᠨ ᠬᠢᠨᠠᠬᠤ ︽ᠳᠣᠬᠢᠭᠤᠷ︾  ᠤᠨ ᠤᠷᠮᠠᠰᠢᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠪᠠ᠃          ᠥᠪᠥᠷ ᠮᠣᠩᠭᠤᠯ ᠤᠨ ᠡᠳᠦᠷ ᠤᠨ ᠰᠣᠨᠢᠨ  ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠲᠠᠯ᠎ᠠ ᠪᠠᠷ ᠶᠠᠮᠠᠷᠰᠢᠤ  ᠴᠢᠷᠮᠠᠶᠢᠯᠭ᠎ᠠ ᠭᠠᠷᠭᠠᠭᠰᠠᠨ ᠪᠤᠶ︖          ᠭᠤᠤ ᠷᠦᠨ ᠰᠢ᠄ ᠪᠢᠳᠡ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠᠨ ᠶᠡᠭᠡ ᠪᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠪᠠ᠃ ᠠᠭᠤᠷᠬᠠᠢ ᠪᠣᠯᠣᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠤᠨ᠂ ᠡᠯ᠎ᠡ ᠠᠶᠢᠮᠠᠭ ᠬᠤᠳᠠ ᠪᠣᠯᠣᠨ ᠭᠤᠣᠯᠳᠠᠯᠭ᠎ᠠ ᠲᠠᠢ ᠠᠭᠤᠷᠬᠠᠢ ᠲᠠᠢ ᠬᠤᠯᠪᠣᠭᠳᠠᠬᠤ 76 ᠬᠤᠰᠢᠭᠤ ᠰᠢᠶᠠᠨ ᠳᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠪᠤᠰᠤᠳ ᠠᠭᠤᠷᠬᠠᠢ ᠲᠠᠢ ᠬᠤᠯᠪᠣᠭᠳᠠᠬᠤ ᠬᠤᠰᠢᠭᠤ ᠰᠢᠶᠠᠨ ᠳᠤ ᠪᠣᠯ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠤᠨ ᠬᠦᠴᠦᠨ ᠢ ᠵᠡᠷᠭᠡ ᠳᠤᠨᠢ ᠨᠡᠮᠡᠭᠳᠡᠭᠦᠯᠪᠡ᠃ ᠬᠢᠨᠠᠯᠲᠠ ᠬᠠᠮᠢᠶᠠᠷᠤᠯᠲᠠ ᠶᠢᠨ ᠡ᠊ᠩᠨᠡᠭᠡ ᠶᠢᠨ ᠬᠡᠪ ᠴᠢᠨᠠᠷ ᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ᠂ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠂ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠵᠦ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠢ ᠶᠢᠨ ᠲᠦᠢᠮᠡᠷ ᠢ ᠤᠨᠲᠠᠷᠠᠭᠠᠬᠤ ᠣᠷᠣᠨ ᠨᠤᠲᠤᠭ ᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠪᠦᠭᠦ ᠣᠷᠣᠨ ᠤ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠲᠤᠰ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡ᠊ᠩᠨᠡᠭᠡᠨ ᠤ ᠭᠤᠣᠯ ᠬᠠᠷᠢᠭᠤᠴᠠᠯᠭᠠᠲᠠᠨ ᠨᠥᠬᠦᠳ ᠤᠨ ᠰᠣᠯᠪᠢᠴᠠᠨ ᠲᠤᠰᠢᠶᠠᠯ ᠡᠭᠦᠷᠭᠡᠯᠡᠬᠦ ᠶᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠬᠰᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠪᠠᠶᠢᠷᠢ  ᠠᠴᠠ ᠪᠠᠨ ᠰᠠᠯᠤᠭᠰᠠᠨ ᠭᠠᠯ ᠤᠨᠲᠠᠷᠠᠭᠠᠭᠴᠢᠳ ᠢ ᠲᠥᠪᠬᠢᠨᠡᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠪᠡ᠃ ᠠᠶᠤᠯᠭᠦᠢ ᠦᠢᠯᠡᠳᠪᠦᠷᠢᠯᠡᠯ ᠤᠨ ᠰᠣᠯᠪᠢᠴᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠳᠥᠷᠪᠡ ᠦᠭᠡᠢ ᠬᠤᠶᠠᠷ ᠰᠢᠭᠤᠳ︾᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠ ︽ᠪᠤᠴᠠᠵᠤ ᠪᠠᠶᠢᠴᠠᠭᠠᠨ ᠦᠵᠡᠬᠦ︾ ᠵᠡᠷᠭᠡ ᠠᠷᠭ᠎ᠠ ᠮᠠᠶ᠋ᠢᠭ ᠢ ᠠᠪᠴᠤ᠂ ᠦᠨᠡᠨ ᠬᠦ ᠪᠠᠶᠢᠴᠠᠭᠠᠵᠤ ᠦᠨᠡᠨ ᠬᠦ ᠬᠠᠯᠠᠨ ᠰᠠᠶᠢᠵᠢᠷᠠᠭᠤᠯᠵᠤ᠂ ᠬᠠᠷᠢᠯᠴᠠᠨ ᠠᠬᠢᠭᠤᠯᠵᠤ ᠬᠠᠷᠢᠯᠴᠠᠨ ᠳᠠᠪᠰᠢᠬᠤ ᠶᠢ ᠪᠡᠶᠡᠯᠡᠭᠦᠯᠪᠡ᠃ ︽ᠠᠮᠤᠷ ᠲᠦᠪᠰᠢᠨ ᠢ ᠦᠨᠡᠯᠡᠬᠦ + ᠬᠠᠤᠯᠢ ᠬᠡᠷᠡᠭᠵᠢᠭᠦᠯᠬᠦ + ᠦᠢᠯᠡᠴᠢᠯᠡᠭᠡ︾  ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠤᠷᠢᠵᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ  ᠭᠡᠮ ᠰᠣᠭᠤᠭ ᠢ ᠪᠦᠭᠦ ᠲᠠᠯ᠎ᠠ ᠪᠠᠷ ᠣᠨᠣᠰᠢᠯᠠᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ︾ ᠬᠠᠪᠰᠤᠷᠤᠨ ᠲᠡᠳᠬᠦᠵᠦ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号