| ● ᠵᠧᠩ ᠶᠠᠨ | | ᠰᠢᠨ᠎ᠡ ᠣᠨ ᠡᠬᠢᠯᠡᠵᠦ᠂ ᠤᠮᠠᠷᠠᠲᠤ ᠬᠢᠯᠢ ᠶᠢᠨ ᠡᠬᠡ ᠭᠠᠵᠠᠷ ᠲᠤ ᠬᠦᠰᠡᠯ ᠡᠷᠡᠮᠡᠯᠵᠡᠯ ᠪᠢᠯᠬᠠᠨ᠎ᠠ᠃ ᠴᠠᠭ | ᠤᠯᠠᠷᠢᠯ ᠡᠭᠡᠯᠵᠢᠯᠡᠨ ᠣᠷᠴᠢᠵᠤ᠂ ᠥᠭᠡᠷᠡᠴᠢᠯᠡᠯᠲᠡ ᠶᠢᠨ ᠠᠯᠬᠤᠭ᠎ᠠ ᠡᠷᠴᠢᠮ ᠲᠠᠢ ᠶᠠᠪᠤᠭᠳᠠᠨ᠎ᠠ᠃ | ᠰᠠᠶ᠋ᠢᠬᠠᠨ ᠥᠩᠭᠡᠷᠡᠭᠰᠡᠨ ᠨᠢᠭᠡ ᠵᠢᠯ ᠳᠤ ᠥᠪᠥᠷ ᠮᠣᠩᠭᠤᠯ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠳᠤᠷᠤᠨ᠎ᠠ ᠶᠢᠨ ᠰᠠᠯᠬᠢ ᠶᠢ ᠬᠥᠯᠭᠡᠯᠡᠵᠦ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠦᠷ ᠳᠠᠯᠠᠶᠢᠴᠠᠲᠠᠢ ᠳᠠᠪᠠᠯᠭᠠᠨ ᠢ | ᠡᠭᠦᠰᠬᠡᠪᠡ᠃ ᠨᠠᠮ ᠤᠨ ᠲᠥᠪ ᠬᠤᠷᠢᠶ᠎ᠠ ᠶᠢᠨ ᠪᠦᠭᠦᠳᠡ ᠬᠤᠷᠠᠯ ᠲᠡᠭᠦᠰᠦᠭᠰᠡᠨ ᠬᠠᠭᠠᠰ ᠰᠠᠷ᠎ᠠ ᠶᠢᠨ ᠳᠣᠲᠣᠷ᠎ᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠭᠦᠳᠡ ᠬᠤᠷᠠᠯ ᠬᠤᠷᠠᠯᠳᠤᠭᠤᠯᠵᠤ ᠪᠠᠶᠢᠷᠢᠯᠠᠭᠤᠯᠤᠯᠲᠠ | ᠬᠢᠵᠦ᠂ ᠥᠭᠡᠷᠡᠴᠢᠯᠡᠯᠲᠡ ᠶᠢᠨ ᠬᠤᠷᠳᠤᠴᠠ ᠶᠢ ᠢᠯᠡᠷᠡᠭᠦᠯᠪᠡ᠃ 270 ᠭᠠᠷᠤᠢ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠲᠦᠷᠭᠡᠨ ᠪᠥᠭᠡᠳ ᠯᠠᠪᠳᠠᠭᠤᠨ ᠢᠶᠠᠷ ᠭᠠᠷᠭᠠᠵᠤ᠂ ᠥᠭᠡᠷᠡᠴᠢᠯᠡᠯᠲᠡ ᠶᠢᠨ ᠥᠷᠭᠡᠴᠡ ᠶᠢ ᠥᠷᠭᠡᠳᠬᠡᠪᠡ᠃ | ᠮᠤᠵᠢ ᠶᠢᠨ ᠱᠠᠲᠤᠨ ᠤ ᠤᠳᠤᠷᠢᠳᠤᠯᠭ᠎ᠠ ᠬᠠᠷᠢᠭᠤᠴᠠᠯᠭ᠎ᠠ ᠡᠭᠦᠷᠭᠡᠯᠡᠨ᠂ ᠠᠵᠢᠯ ᠲᠦᠷᠦᠯ ᠬᠤᠪᠢᠶᠠᠨ ᠠᠬᠢᠭᠤᠯᠵᠤ᠂ | ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠪᠠ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠶᠢ | ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ᠂ ᠥᠭᠡᠷᠡᠴᠢᠯᠡᠯᠲᠡ ᠶᠢᠨ | ᠭᠦᠨᠴᠡ ᠶᠢ ᠥᠷᠭᠡᠳᠬᠡᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃ ᠠᠷᠠᠳ ᠤᠨ ᠠᠮᠢᠳᠤᠷᠠᠯ ᠤᠨ ᠦᠨᠳᠦᠰᠦᠨ | ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ | ᠳᠠᠪᠠᠭᠤᠯᠵᠤ᠂ ᠥᠭᠡᠷᠡᠴᠢᠯᠡᠯᠲᠡ ᠶᠢᠨ ᠬᠠᠯᠠᠭᠤᠨ ᠳᠤᠯᠠᠭᠠᠨ ᠢ ᠨᠡᠮᠡᠭᠳᠡᠭᠦᠯᠪᠡ᠃ ︽ᠴᠡᠭᠴᠡᠯᠡᠬᠦ᠂ ᠵᠢᠷᠤᠮᠵᠢᠭᠤᠯᠬᠤ᠂ | ᠬᠤᠷᠳᠤᠴᠠ ᠶᠢ ᠲᠦᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ︾ ᠲᠠᠢ ᠨᠢᠭᠲᠠ ᠤᠶᠠᠯᠳᠤᠭᠤᠯᠤᠨ 500 ᠭᠠᠷᠤᠢ | ᠵᠦᠢᠯ ᠤᠨ ᠠᠵᠢᠯ ᠤᠨ ᠵᠦᠢᠯᠡᠰ ᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢᠨ ᠣᠨᠣᠪᠴᠢ ᠶᠢᠨ ᠬᠡᠮᠵᠢᠶ᠎ᠡ ᠶᠢ | ᠳᠣᠪᠤᠶᠢᠯᠭᠠᠪᠠ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠤᠯᠠᠨ | ᠬᠦᠷᠢᠶ᠎ᠡ ᠴᠠᠷᠠᠭ᠎ᠠ ᠳᠤ ᠠᠮᠵᠢᠯᠲᠠ ᠣᠯᠵᠤ᠂ ᠥᠭᠡᠷᠡᠴᠢᠯᠡᠯᠲᠡ ᠶᠢᠨ ᠬᠥᠭᠵᠢᠶᠡᠨᠲᠦ ᠬᠡᠮᠵᠢᠶ᠎ᠡ ᠶᠢ ᠳᠡᠭᠡᠭᠰᠢᠯᠡᠭᠦᠯᠪᠡ᠃ | ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢᠨ | ᠭᠦᠨᠵᠡᠭᠡᠢ ᠠᠭᠢᠬᠤ ᠶᠢ ᠳᠠᠭᠠᠯᠳᠤᠨ ᠥᠪᠥᠷ ᠮᠣᠩᠭᠤᠯ ᠤᠨ ᠲᠦᠷᠭᠡᠨ ᠬᠥᠭᠵᠢᠯᠲᠡ ᠶᠢᠨ ᠠᠯᠬᠤᠭ᠎ᠠ ᠲᠦᠷᠭᠡᠳᠦᠨ᠂ | ᠪᠣᠬᠢᠷᠳᠤᠯ ᠦᠭᠡᠢ ᠬᠥᠭᠵᠢᠭᠦᠯᠬᠦ ᠴᠢᠳᠠᠪᠤᠷᠢ ᠪᠠ ᠲᠡᠰ ᠳᠡᠭᠡᠭᠰᠢᠯᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ | ᠠᠭᠤᠷ ᠠᠮᠢᠰᠬᠤᠯ ᠥᠳᠬᠡᠷᠡᠵᠦ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ ᠤᠨ | ᠪᠠᠶᠢᠭᠤᠯᠤᠯᠲᠠ ᠶᠢᠨ ᠭᠠᠷᠳᠠᠴᠠ ᠪᠣᠳᠠᠲᠠᠢ ᠪᠣᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ | ᠯᠠᠪᠳᠠᠭᠤᠨ ᠪᠠᠲᠤᠲᠠᠢ ᠨᠢᠭᠡ ᠶᠡᠭᠡ ᠠᠯᠬᠤᠮ ᠢ ᠠᠯᠬᠤᠪᠠ᠃ | ᠲᠡᠮᠦᠷ ᠢ ᠤᠯᠠᠶᠢᠭᠰᠠᠨ ᠳᠡᠭᠡᠷ᠎ᠡ ᠨᠢ ᠳᠠᠪᠲᠠᠵᠤ᠂ ᠥᠭᠡᠷᠡᠴᠢᠯᠡᠯᠲᠡ ᠬᠢᠬᠦ ᠳᠤ ᠠᠰᠢᠭᠲᠠᠢ ᠪᠠᠶᠢᠳᠠᠯ ᠢ | ᠠᠮᠵᠢᠬᠤ ᠬᠡᠷᠡᠭᠲᠡᠢ᠃ ᠰᠢᠨ᠎ᠡ ᠨᠢᠭᠡ ᠵᠢᠯ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ | ᠡᠷᠡᠰ ᠪᠠᠲᠤ ᠤᠷᠤᠭᠰᠢᠯᠠᠵᠤ᠂ ︽ᠨᠢᠭᠡ ᠭᠤᠣᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠤᠯᠬᠤ ᠪᠠᠷ ᠴᠢᠷᠮᠠᠶᠢᠨ᠎ᠠ᠃ ︽ᠲᠠᠪᠤᠨ ᠶᠡᠭᠡ | ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ | ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠴᠥᠮ ᠥᠭᠡᠷᠡᠴᠢᠯᠡᠯᠲᠡ ᠪᠠᠷ ᠳᠠᠮᠵᠢᠨ | ᠬᠠᠭᠤᠴᠢᠨ ᠭᠡᠮ ᠢ ᠠᠷᠢᠯᠭᠠᠵᠤ᠂ ᠥᠭᠡᠷᠡᠴᠢᠯᠡᠯᠲᠡ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠥᠭᠡᠷᠡᠴᠢᠯᠡᠯᠲᠡ ᠳᠤ ᠲᠦᠰᠢᠭᠯᠡᠨ ᠦᠷ᠎ᠡ ᠪᠦᠲᠦᠭᠡᠯ ᠣᠯᠬᠤ ᠴᠢᠬᠤᠯᠠ ᠲᠠᠢ ᠶᠤᠮ᠃ ᠣᠳᠣᠬᠠᠨ ᠤ | ᠥᠪᠥᠷ ᠮᠣᠩᠭᠤᠯ ᠤᠨ ᠡᠬᠡ ᠭᠠᠵᠠᠷ ᠲᠤ ᠥᠭᠡᠷᠡᠴᠢᠯᠡᠯᠲᠡ ᠨᠢᠭᠡ ᠠᠯᠬᠤᠮ ᠤᠳᠠᠭᠠᠨ ᠶᠠᠪᠤᠭᠳᠠᠪᠠᠯ ᠮᠢᠩᠭᠠᠨ ᠭᠠᠵᠠᠷ | ᠬᠤᠴᠣᠷᠴᠤ᠂ ᠨᠢᠭᠡ ᠮᠥᠴᠡ ᠰᠠᠭᠠᠲᠠᠪᠠᠯ ᠠᠵᠠ ᠲᠣᠭᠢᠶᠠᠯ ᠢ ᠠᠯᠳᠠᠵᠤ ᠮᠡᠳᠡᠨ᠎ᠡ᠂ ᠡᠷᠬᠡᠪᠰᠢ ᠤᠷᠤᠰᠬᠠᠯ ᠢ ᠰᠥᠷᠦᠨ | ᠣᠩᠭᠤᠴᠠ ᠪᠠᠨ ᠬᠦᠴᠦᠯᠡᠨ ᠰᠡᠯᠢᠵᠦ᠂ ᠤᠬᠳᠤ ᠰᠤᠯᠠᠷᠠᠭᠤᠯᠤᠯ ᠦᠭᠡᠢ ᠪᠠᠷ ᠤᠷᠤᠭᠰᠢᠯᠠᠬᠤ ᠬᠡᠷᠡᠭᠲᠡᠢ᠃ | ᠣᠨ ᠴᠠᠭ ᠤᠨ ᠣᠷᠴᠢᠯ ᠳᠤ ᠴᠤᠴᠠᠰᠢ ᠦᠭᠡᠢ ᠤᠷᠤᠭᠰᠢᠯᠠᠪᠠᠯ ᠢᠷᠡᠭᠡᠳᠦᠢ ᠳᠤ ᠨᠡᠩ ᠢᠲᠡᠭᠡᠯ ᠲᠠᠢ | ᠪᠤᠯᠬᠤ ᠶᠤᠮ᠃ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠨ ᠭᠦᠢᠴᠡᠳ ᠬᠥᠪᠴᠢᠯᠡᠵᠦ᠂ ᠠᠭᠤᠯᠠ | ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠪᠠᠯ ᠪᠢᠳᠡ ᠯᠠᠪᠲᠠᠢ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠢᠷᠡᠭᠡᠳᠦᠢ ᠶᠢ ᠨᠡᠭᠡᠭᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠨᠡᠩ ᠰᠠᠶᠢᠲᠤᠷ ᠪᠢᠴᠢᠭᠯᠡᠬᠦ | ᠪᠣᠯᠣᠨ᠎ᠠ᠃ |