| - ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ | ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠲᠠᠪᠤᠨᠲᠠ ᠥᠭᠦᠯᠡᠬᠦ ᠨᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠪᠣᠯ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠤᠨ ᠨᠢᠭᠡ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠤᠷᠠᠳᠴᠤ᠂ ᠬᠥᠭᠵᠢᠭᠦᠯᠬᠦ ᠳᠤ ᠡᠷᠬᠡᠪᠰᠢ ᠰᠠᠨᠠᠭᠠᠴᠢᠯᠠᠭ᠎ᠠ ᠠᠴᠠ ᠪᠠᠨ | ᠨᠡᠭᠡᠭᠡᠯᠲᠡ ᠬᠢᠵᠦ᠂ ᠭᠠᠳᠠᠭᠠᠳᠤ᠂ ᠳᠣᠲᠣᠭᠠᠳᠤ᠂ ᠣᠷᠣᠨ ᠤ ᠳᠣᠲᠣᠷᠠᠬᠢ ᠣᠷᠣᠨ ᠪᠦᠰᠡ ᠶᠢᠨ ᠬᠠᠮᠲᠤᠷᠠᠯᠴᠠᠭ᠎ᠠ ᠶᠢ | ᠴᠥᠮ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠡᠭᠡᠭᠡᠯᠲᠡ ᠬᠢᠬᠦ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠦᠷᠭᠡᠳᠬᠡᠭᠦᠷ ᠮᠥᠨ᠃ ᠥᠪᠥᠷ ᠮᠣᠩᠭᠤᠯ ᠣᠷᠣᠨ ᠪᠠᠶᠢᠷᠢ ᠶᠢᠨ ᠳᠠᠪᠠᠭᠤᠯᠢᠭ ᠨᠥᠬᠦᠴᠡᠯ ᠲᠠᠢ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠬᠤ ᠳᠤ ᠡᠷᠬᠡᠪᠰᠢ ᠡᠳᠡᠭᠡᠷ | ᠳᠠᠪᠠᠭᠤᠯᠢᠭ ᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ | ᠠᠬᠢᠭᠤᠯᠬᠤ ᠬᠡᠷᠡᠭᠲᠡᠢ᠃ ᠣᠷᠣᠰ ᠮᠣᠩᠭᠤᠯ ᠤᠯᠤᠰ ᠯᠤᠭ᠎ᠠ ᠶᠢᠨ ᠨᠡᠭᠡᠭᠡᠯᠲᠡ ᠶᠢ ᠤᠯᠠᠮ ᠨᠢᠭᠡ ᠠᠯᠬᠤᠮ | ᠥᠷᠭᠡᠳᠬᠡᠵᠦ᠂ ᠨᠥᠭᠦᠭᠡ ᠡᠲᠡᠭᠡᠳ ᠲᠡᠭᠡᠨ ᠶᠠᠭᠤ ︽ᠭᠠᠷᠭᠠᠬᠤ︾᠂ ᠨᠥᠭᠦᠭᠡ ᠡᠲᠡᠭᠡᠳ ᠠᠴᠠ ᠪᠠᠨ ᠶᠠᠭᠤ ︽ | ᠣᠷᠣᠭᠤᠯᠬᠤ︾᠂ ᠣᠷᠣᠭᠤᠯᠵᠤ ᠢᠷᠡᠬᠦ ᠶᠠᠭᠤᠮ᠎ᠠ ᠶᠢ ᠬᠡᠷᠬᠢᠨ ᠰᠠᠶᠢᠲᠤᠷ ᠬᠡᠷᠡᠭᠯᠡᠬᠦ ᠶᠢ ᠰᠤᠳᠤᠯᠤᠨ ᠲᠣᠳᠣᠷᠬᠠᠶᠢᠯᠠᠬᠤ | ᠬᠡᠷᠡᠭᠲᠡᠢ᠃ ︽ᠭᠠᠷᠭᠠᠬᠤ︾ ᠲᠠᠯ᠎ᠠ ᠪᠠᠷ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠪᠠ ᠭᠠᠳᠠᠭᠠᠳᠤ ᠳᠠᠬᠢ | ᠬᠥᠮᠥᠷᠭᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ᠂ ᠮᠠᠰᠢᠨ | ᠴᠠᠭᠢᠯᠭᠠᠨ ᠪᠠ ︽ᠰᠢᠨ᠎ᠡ ᠭᠤᠷᠪᠠᠨ ᠵᠦᠢᠯ︾ ᠵᠡᠷᠭᠡ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢ ᠤᠯᠠᠮ ᠨᠢᠭᠡ | ᠠᠯᠬᠤᠮ ᠥᠷᠭᠡᠳᠬᠡᠵᠦ᠂ ᠣᠷᠣᠰ ᠤᠨ ᠠᠷᠤ ᠪᠠᠶᠢᠭᠠᠯ ᠤᠨ ᠤᠷᠢᠳᠴᠢᠯᠠᠨ ᠬᠥᠭᠵᠢᠬᠦ ᠣᠷᠣᠨ ᠲᠠᠢ ᠵᠣᠯᠭᠠᠭᠤᠯᠬᠤ ᠶᠢ | ᠴᠢᠩᠭᠠᠳᠬᠠᠨ᠂ ᠮᠣᠩᠭᠤᠯ ᠤᠯᠤᠰ ᠤᠨ ᠰᠢᠨ᠎ᠡ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠰᠤᠷᠭᠠᠨ ᠬᠥᠮᠦᠵᠢᠯ᠂ | ᠡᠮᠴᠢᠯᠡᠭᠡ᠂ ᠰᠣᠶᠣᠯ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃ ︽ᠣᠷᠣᠭᠤᠯᠬᠤ︾ | ᠲᠠᠯ᠎ᠠ ᠪᠠᠷ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ | ᠲᠦᠷᠭᠡᠳᠬᠡᠨ ᠲᠥᠯᠥᠪᠵᠢᠭᠦᠯᠦᠨ ᠪᠠᠶᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠪᠣᠳᠠᠲᠠᠢ | ᠭᠠᠵᠠᠷ ᠲᠤ ᠡᠳ᠋ᠰᠢᠭᠦᠯᠬᠦ ᠶᠢ ᠶᠡᠭᠡ ᠪᠠᠷ ᠬᠥᠭᠵᠢᠭᠦᠯᠦᠨ᠂ ︽ᠭᠠᠷ ᠳᠠᠮᠵᠢᠪᠠᠴᠤ ᠠᠰᠢᠭ ᠭᠦᠷᠲᠡᠭᠦ ᠦᠭᠡᠢ︾ | ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ᠂ | ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ | ᠶᠠᠪᠤᠯᠴᠠᠭ᠎ᠠ ᠲᠠᠢ ᠪᠠᠶᠢᠬᠤ ᠳᠤᠮᠳᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡᠯ ᠵᠣᠬᠢᠨ᠎ᠠ᠃ | ᠥᠪᠥᠷ ᠮᠣᠩᠭᠤᠯ ᠳᠤ ᠠᠪᠴᠤ ᠬᠡᠯᠡᠪᠡᠯ᠂ ᠳᠣᠲᠣᠭᠠᠳᠤ ᠨᠡᠭᠡᠭᠡᠯᠲᠡ ᠪᠣᠯ ᠭᠠᠳᠠᠭᠠᠳᠤ ᠨᠡᠭᠡᠭᠡᠯᠲᠡ ᠶᠢᠨ | ᠰᠠᠭᠤᠷᠢ ᠪᠠ ᠤᠷᠢᠲᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠨᠠᠶᠢᠳᠠᠭᠰᠠᠨ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ ᠪᠠ ᠵᠡᠭᠦᠨ ᠭᠤᠷᠪᠠᠨ ᠮᠤᠵᠢ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢ | ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠰᠠᠶᠢᠲᠤᠷ ᠠᠭᠤᠰᠤᠯᠴᠠᠬᠤ | ᠴᠢᠬᠤᠯᠠ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡ᠊ᠩ ᠲᠡᠷᠢᠭᠦᠨ ᠳᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠢ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ᠃ | ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠮᠠᠰᠢ ᠡᠯᠪᠡᠭ᠂ | ᠮᠠᠨ ᠤ ᠣᠷᠣᠨ ᠤ ᠣᠨᠳᠣᠣᠰᠢᠭᠤᠯᠤᠨ ᠬᠡᠷᠡᠭᠯᠡᠬᠦ ᠲᠠᠯ᠎ᠠ ᠪᠠᠷ ᠥᠷᠭᠡᠨ ᠠᠭᠤᠳᠠᠮ ᠪᠠᠶᠢᠵᠤ᠂ ᠬᠤᠶᠠᠷ ᠲᠠᠯ᠎ᠠ ᠶᠢᠨ | ᠬᠡᠷᠡᠭᠰᠡᠬᠦ ᠤᠶᠠᠯᠳᠤᠯ ᠤᠨ ᠴᠡᠭ ᠢ ᠣᠨᠣᠪᠴᠢᠲᠠᠢ ᠣᠯᠣᠨ᠂ ︽ᠵᠢᠷᠭᠤᠭᠠᠨ ᠲᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ | ᠪᠠ ︽ᠲᠦᠷᠪᠡᠨ ᠵᠦᠢᠯ ᠤᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠢ | ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠤᠭ᠎ᠠ ᠶᠢᠨ ᠬᠠᠮᠲᠤᠷᠠᠨ ᠠᠵᠢᠯᠯᠠᠬᠤ ᠪᠥᠭᠡᠭᠡᠨᠡᠷᠡᠬᠦ | ᠦᠢᠯᠡᠳᠦᠯ ᠢ ᠪᠠᠳᠠᠷᠠᠭᠤᠯᠤᠨ᠂ ᠨᠡᠩ ᠤᠯᠠᠨ ︽ᠪᠡᠭᠡᠵᠢᠩ ᠤᠨ ᠪᠡᠯᠡ ᠮᠥᠩᠭᠦ︾᠂ ︽ᠪᠡᠭᠡᠵᠢᠩ ᠤᠨ ᠮᠡᠷᠭᠡᠵᠢᠯ︾᠂ | ︽ᠪᠡᠭᠡᠵᠢᠩ ᠤᠨ ᠪᠠᠭᠰᠢ︾᠂ ︽ᠪᠡᠭᠡᠵᠢᠩ ᠤᠨ ᠡᠮᠴᠢ︾ ᠶᠢ ᠥᠪᠥᠷ ᠮᠣᠩᠭᠤᠯ ᠳᠤ ᠲᠠᠲᠠᠵᠤ ᠠᠪᠴᠢᠷᠠᠬᠤ | ᠬᠡᠷᠡᠭᠲᠡᠢ᠃ ᠪᠡᠭᠡᠵᠢᠩ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠬᠠᠷᠠᠴᠠ ᠪᠠᠨ ᠲᠠᠯᠪᠢᠵᠤ᠂ ᠠᠷᠭ᠎ᠠ ᠪᠤᠳᠣᠵᠤ | ᠪᠠᠶᠢᠭᠠᠳ ᠥᠪᠥᠷ ᠮᠣᠩᠭᠤᠯ ᠤᠨ ᠲᠦᠷᠦᠯ ᠲᠡᠮᠳᠡᠭ᠂ ᠪᠣᠬᠢᠷᠳᠤᠯ ᠦᠭᠡᠢ ᠴᠠᠭᠢᠯᠭᠠᠨ ᠢ ᠪᠡᠭᠡᠵᠢᠩ ᠳᠤ ᠣᠷᠣᠭᠤᠯᠬᠤ | ᠬᠡᠪᠴᠢᠶ᠎ᠡ ᠶᠢ ᠨᠡᠩ ᠶᠡᠭᠡ ᠪᠤᠯᠭᠠᠬᠤ ᠬᠡᠷᠡᠭᠲᠡᠢ᠃ ᠡᠭᠦᠨ ᠤ ᠬᠠᠮᠲᠤ᠂ ᠴᠢᠨᠠᠷ ᠰᠠᠶᠢᠲᠠᠢ ᠵᠢᠭᠤᠯᠴᠢᠯᠠᠯ ᠤᠨ | ᠦᠢᠯᠡᠳᠬᠦᠨ ᠢ ᠶᠡᠭᠡ ᠪᠠᠷ ᠨᠡᠭᠡᠭᠡᠨ ᠬᠥᠭᠵᠢᠭᠦᠯᠵᠦ᠂ ᠭᠤᠣᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠵᠠᠬ᠎ᠠ | ᠳᠡᠯᠭᠡᠭᠦᠷ ᠤᠨ ᠣᠨᠢᠨ ᠳᠡᠭᠡᠷ᠎ᠡ ᠨᠢ ᠦᠢᠯᠡᠴᠢᠯᠡᠬᠦ ᠶᠢ ᠴᠢᠩᠭᠠᠳᠬᠠᠨ᠂ ᠨᠠᠩ ᠣᠯᠠᠨ ᠵᠢᠭᠤᠯᠴᠢᠯᠠᠭᠴᠢ ᠶᠢ ᠥᠪᠥᠷ | ᠮᠣᠩᠭᠤᠯ ᠳᠤ ᠲᠡᠳᠡᠨ ᠠᠪᠴᠢᠷᠠᠵᠤ᠂ ᠥᠪᠥᠷ ᠮᠣᠩᠭᠤᠯ ᠳᠤ ᠬᠠᠶᠢᠷᠠᠲᠠᠢ ᠪᠤᠯᠭᠠᠬᠤ ᠬᠡᠷᠡᠭᠲᠡᠢ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠨᠡᠩ ᠴᠤ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠨᠢᠭᠡ ᠬᠥᠯᠭᠡ | ᠰᠢᠲᠠᠷ᠎ᠠ ᠶᠢ ᠰᠠᠶᠢᠲᠤᠷ ᠲᠠᠯᠪᠢᠬᠤ ᠮᠡᠷᠭᠡᠨ ᠠᠷᠭ᠎ᠠ ᠮᠥᠨ᠃ ᠥᠪᠥᠷ ᠮᠣᠩᠭᠤᠯ ᠤᠨ ᠵᠡᠭᠦᠨ ᠳᠤᠮᠳᠠ ᠪᠠᠷᠠᠭᠤᠨ | ᠣᠷᠣᠨ ᠤ ᠨᠥᠬᠦᠴᠡᠯ ᠠᠳᠠᠯᠢ ᠪᠤᠰᠤ᠂ ᠠᠶᠢᠮᠠᠭ ᠬᠤᠲᠠ ᠨᠢᠭᠡ ᠪᠦᠷᠢ ᠴᠥᠮ ᠥᠪᠡᠷ ᠥᠪᠡᠷ ᠤᠨ ᠣᠨᠴᠠᠯᠢᠭ ᠲᠠᠢ | ᠪᠠᠶᠢᠵᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠡᠭᠦᠯᠳᠡᠷᠵᠢᠭᠦᠯᠦᠨ᠂ ᠬᠠᠷᠢᠴᠠᠩᠭᠤᠢ | ᠳᠠᠪᠠᠭᠤᠯᠢᠭ ᠲᠠᠭᠠᠨ ᠰᠠᠭᠤᠷᠢᠯᠠᠨ ᠡᠷᠡᠯᠬᠡᠭᠯᠡᠨ ᠲᠡᠮᠡᠴᠡᠵᠦ᠂ ᠵᠡᠭᠦᠨ ᠳᠤᠮᠳᠠ ᠪᠠᠷᠠᠭᠤᠨ ᠣᠷᠣᠨ ᠤ ᠵᠦᠷᠢᠶᠠᠴᠢᠯᠡᠭᠰᠡᠨ | ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠵᠡᠭᠦᠨ ᠲᠠᠪᠤᠨ ᠠᠶᠢᠮᠠᠭ | ᠬᠤᠲᠠ ᠶᠢᠨ ᠬᠢᠨ ᠬᠥᠮᠥᠨ ᠠᠮᠠ ᠲᠠᠷᠠᠬᠠᠢ᠂ ᠭᠠᠵᠠᠷ ᠨᠤᠲᠤᠭ ᠲᠠᠷᠠᠬᠠᠢ᠂ ᠠᠵᠤ ᠦᠢᠯᠡᠰ ᠲᠠᠷᠠᠬᠠᠢ᠂ ᠵᠠᠮ | ᠬᠠᠷᠢᠯᠴᠠᠭ᠎ᠠ ᠲᠠᠷᠠᠬᠠᠢ ᠪᠠᠶᠢᠬᠤ ᠵᠡᠷᠭᠡ ᠪᠣᠭᠤᠮᠢ ᠪᠠᠨ ᠬᠦᠴᠦᠯᠡᠨ ᠠᠷᠢᠯᠭᠠᠵᠤ᠂ ᠣᠷᠣᠨ ᠪᠦᠰᠡ ᠶᠢᠨ ᠲᠥᠪ ᠬᠤᠲᠠ᠂ | ᠬᠢᠯᠢ ᠶᠢᠨ ᠪᠣᠭᠤᠮᠲᠠ ᠪᠠ ᠤᠯᠠᠭᠠᠨᠬᠠᠳᠠ ᠠᠴᠠ ᠵᠢᠨᠵᠧᠦ ᠬᠦᠷᠬᠦ ᠭᠠᠷᠠᠮ ᠤᠨ ᠲᠡᠯᠡᠶ ᠳᠤ ᠭᠠᠷᠬᠤ ᠵᠠᠮ ᠳᠤ | ᠲᠦᠰᠢᠭᠯᠡᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠲᠥᠪᠯᠡᠷᠡᠭᠰᠡᠨ ᠣᠷᠣᠨ ᠢ ᠬᠠᠮᠲᠤᠷᠠᠨ ᠴᠣᠭᠴᠠᠯᠠᠵᠤ᠂ | ᠬᠥᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠭᠦᠭᠡᠬᠤᠲᠠ ᠪᠤᠭᠤᠲᠤ ᠣᠷᠳᠣᠰ | ᠤᠯᠠᠭᠠᠨᠴᠠᠪ ᠵᠡᠷᠭᠡ ᠭᠠᠵᠠᠷ ᠣᠷᠣᠨ ᠤ ᠬᠢᠨ ᠠᠵᠤ ᠦᠢᠯᠡᠰ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ | ᠬᠦᠷᠢᠶᠡᠨ ᠤ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠠᠵᠤ ᠦᠢᠯᠡᠰ᠂ ᠰᠠᠭᠤᠷᠢ | ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ | ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ᠂ ᠰᠠᠯᠬᠢᠨ ᠬᠦᠴᠦᠨ ᠭᠡᠷᠡᠯᠴᠢ ᠴᠡᠨᠡᠭ | ᠤᠰᠤᠲᠥ᠋ᠷᠥᠭᠴᠢ ᠡᠨᠧᠷᠭᠢ ᠨᠥᠭᠡᠴᠡᠯᠡᠬᠦ᠂ ᠬᠤᠪᠣᠷ ᠰᠢᠷᠣᠢ ᠵᠡᠷᠭᠡ ᠬᠦᠷᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠢ | ᠪᠤᠯᠭᠠᠬᠤ ᠬᠡᠷᠡᠭᠲᠡᠢ᠃ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠦᠬᠠᠢ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠬᠢᠨ ᠬᠦᠷᠢᠶᠡᠯᠡᠩ ᠲᠣᠭᠤᠷᠢᠭ ᠤᠨ ᠨᠢᠭᠡᠳᠦᠯᠲᠡᠢ ᠬᠠᠮᠢᠶᠠᠷᠤᠯᠲᠠ᠂ ᠠᠵᠤ ᠦᠢᠯᠡᠰ ᠤᠨ ᠨᠢᠭᠡᠳᠦᠯᠲᠡᠢ | ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠬᠥᠭᠵᠢᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠭᠦ ᠶᠢᠨ ᠬᠠᠮᠲᠤ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ | ᠬᠤᠯᠪᠤᠭᠠᠯᠠᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠪᠠᠶᠠᠨᠨᠠᠭᠤᠷ ᠤᠨ ᠬᠢᠨ ᠲᠠᠷᠢᠶᠠᠯᠠᠩ ᠤᠨ ᠦᠢᠯᠡᠰ ᠠᠴᠠ | ᠭᠠᠳᠠᠨ᠎ᠠ ᠪᠠᠰᠠ ᠲᠣᠰᠣ ᠬᠡᠢ ᠪᠠ ᠥᠩᠭᠡᠲᠦ ᠲᠡᠮᠦᠷᠯᠢᠭ ᠤᠨ ᠡᠬᠢ ᠪᠠᠶᠠᠯᠢᠭ ᠤᠨ ᠳᠠᠪᠠᠭᠤᠯᠢᠭ ᠲᠠᠢ᠂ | ᠬᠥᠭᠵᠢᠯᠲᠡ ᠶᠢᠨ ᠬᠢᠷᠢ ᠲᠦᠪᠰᠢᠨ ᠢᠶᠠᠨ ᠬᠡᠷᠬᠢᠨ ᠳᠡᠭᠡᠭᠰᠢᠯᠡᠭᠦᠯᠭᠦ ᠶᠢ ᠰᠤᠳᠤᠯᠬᠤ ᠬᠡᠷᠡᠭᠲᠡᠢ᠃ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠪᠡᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ | ᠴᠢᠳᠠᠨ᠎ᠠ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠪᠠᠯ ᠰᠠᠶ᠋ᠢ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ ᠴᠢᠳᠠᠨ᠎ᠠ | ᠃ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠠᠭᠤᠰᠤᠯᠴᠠᠨ ᠬᠥᠭᠵᠢᠵᠦ᠂ ᠤᠯᠤᠰ ᠤᠨ ᠭᠠᠳᠠᠭᠠᠳᠤ | ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠯᠠᠨ ᠤᠯᠤᠰ ᠤᠨ | ᠰᠣᠯᠢᠯᠴᠠᠭ᠎ᠠ ᠬᠠᠮᠲᠤᠷᠠᠯᠴᠠᠭ᠎ᠠ ᠪᠣᠯᠣᠨ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ | ᠬᠦᠷᠢᠶ᠎ᠡ ᠶᠢ ᠦᠷᠭᠦᠯᠵᠢᠯᠡᠨ ᠥᠷᠭᠡᠳᠬᠡᠪᠡᠯ᠂ ᠮᠠᠨ ᠤ ︽ᠰᠠᠶᠢᠨ ᠬᠠᠨᠢᠲᠠᠨ︾ ᠶᠠᠪᠤᠬᠤ ᠳᠤᠳᠤᠮ ᠣᠯᠠᠰᠢᠷᠠᠨ᠂ ︽ | ᠨᠠᠶᠢᠵᠠ ᠶᠢᠨ ᠲᠣᠭᠤᠷᠢᠭ︾ ᠶᠠᠪᠤᠬᠤ ᠳᠤᠳᠤᠮ ᠥᠷᠭᠡᠵᠢᠵᠦ᠂ ᠬᠥᠭᠵᠢᠯᠲᠡ ᠶᠢᠨ ᠢᠷᠡᠭᠡᠳᠦᠢ ᠶᠠᠪᠤᠬᠤ ᠳᠤᠳᠤᠮ | ᠰᠠᠷᠠᠭᠤᠯ ᠠᠭᠤᠳᠠᠮ ᠪᠤᠯᠬᠤ ᠶᠤᠮ᠃ | | |