ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2025/3/28
- ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠶᠠᠷᠲᠠ ᠥᠭᠦᠯᠡᠬᠦ ᠨᠢ              ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ                    ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ ᠳᠤ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠭᠡᠵᠦ ᠳᠤᠷᠠᠳᠤᠭᠰᠠᠨ ᠨᠢ ᠳᠠᠷᠤᠢ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠬᠦᠴᠦᠨ ᠣᠯᠭᠤᠵᠤ ᠦᠷ᠎ᠡ ᠠᠰᠢᠭ ᠢ ᠨᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠮᠡᠭᠳᠡᠯ ᠳᠤ ᠨᠡᠩ ᠤᠯᠠᠨ ᠬᠥᠳᠡᠯᠭᠡᠬᠦ ᠡᠨᠧᠷᠭᠢ ᠨᠡᠮᠡᠷᠢᠯᠡᠬᠦ ᠶᠢᠨ ᠲᠥᠯᠥᠭᠡ ᠶᠤᠮ᠃          ᠠᠵᠤ ᠠᠬᠤᠶᠢᠯᠠᠯ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠰ ᠮᠥᠨ᠂ ᠪᠦᠭᠦᠶᠢᠯᠡ ᠠᠵᠤ ᠠᠬᠤᠢ ᠶᠢᠨ ᠠᠮᠢᠵᠢᠷᠠᠯ ᠤᠨ ᠬᠦᠴᠦᠨ ᠪᠠ ᠥᠷᠨᠢᠩᠭᠦᠢ ᠬᠥᠭᠵᠢᠯᠲᠡ ᠶᠢᠨ ᠰᠠᠭᠤᠷᠢ ᠮᠥᠨ᠃ ᠣᠳᠣᠬᠠᠨ ᠳᠤ ᠮᠠᠨ ᠤ ᠣᠷᠣᠨ ᠤ ᠠᠵᠤ ᠠᠬᠤᠶᠢᠯᠠᠯ ᠠᠳᠠᠯᠢ ᠪᠤᠰᠤ ᠬᠡᠮᠵᠢᠶ᠎ᠡ ᠪᠠᠷ ᠬᠦᠴᠢᠷᠳᠡᠯ ᠳᠤ ᠲᠤᠯᠭᠠᠷᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠬᠥᠳᠡᠯᠦᠯᠴᠡᠵᠦ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠴᠠᠭ ᠪᠣᠯ ᠵᠣᠭᠤᠰ ᠮᠥᠩᠭᠦ᠂ ᠠᠵᠤ ᠠᠬᠤᠶᠢᠯᠠᠯ ᠳᠤ ᠠᠪᠴᠤ ᠬᠡᠯᠡᠪᠡᠯ ᠨᠠᠩ ᠴᠤ ᠠᠳᠠᠯᠢᠬᠠᠨ ᠶᠤᠮ᠃ ᠡᠯ᠎ᠡ ᠱᠠᠲᠤ ᠡᠯ᠎ᠡ ᠭᠠᠵᠠᠷ ᠤᠨ ᠬᠢᠨ ᠪᠠᠰᠠ ᠬᠢᠨᠠᠨ ᠵᠥᠪᠰᠢᠶᠡᠷᠡᠬᠦ ᠪᠠᠨ ᠲᠦᠷᠭᠡᠳᠬᠡᠵᠦ᠂   ᠴᠠᠭ ᠬᠢᠵᠠᠭᠠᠷᠯᠠᠨ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠵᠢᠶ᠎ᠡ ᠭᠦᠢᠴᠡᠳᠬᠡᠵᠦ ᠳᠠᠭᠤᠰᠬᠠᠬᠤ ᠭᠡᠵᠦ ᠠᠮᠠᠯᠳᠠᠭᠰᠠᠨ ᠪᠣᠯ ᠬᠡᠵᠢᠶ᠎ᠡ ᠭᠦᠢᠴᠡᠳᠬᠡᠵᠦ ᠳᠠᠭᠤᠰᠬᠠᠨ᠂ ᠭᠦᠢᠴᠡᠳᠬᠡᠵᠦ ᠳᠡᠶᠢᠯᠭᠦ ᠦᠭᠡᠢ ᠪᠣᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠵᠡᠷᠭᠡ ᠪᠠᠷ ᠠᠵᠤ ᠠᠬᠤᠶᠢᠯᠠᠯ ᠳᠤ ᠲᠣᠳᠣᠷᠬᠠᠢ ᠲᠠᠶᠢᠯᠪᠤᠷᠢᠯᠠᠵᠤ ᠥᠭᠬᠦ ᠬᠡᠷᠡᠭᠲᠡᠢ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠠᠰᠠᠷᠠᠭᠴᠢ︾ ᠶᠢᠨ ᠤᠬᠠᠮᠰᠠᠷ ᠢᠶᠠᠨ ᠴᠢᠩᠭᠠᠳᠬᠠᠵᠤ᠂ ︽ᠬᠠᠳᠠᠮ ᠡᠵᠢ ᠣᠯᠠᠨ︾᠂ ︽ᠡᠭᠦᠳᠡ ᠡᠷᠢᠬᠦ ᠳᠤ ᠬᠦᠴᠢᠷ︾ ᠬᠢᠨᠠᠨ ᠵᠥᠪᠰᠢᠶᠡᠷᠡᠬᠦ ᠵᠦᠢᠯᠡᠰ ᠢ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ᠂ ᠠᠵᠤ ᠠᠬᠤᠶᠢᠯᠠᠯ ᠢ ᠢᠯᠡᠭᠦᠬᠡᠨ ᠴᠠᠭ ᠵᠠᠷᠤᠴᠠᠭᠤᠯᠵᠤ ᠪᠠᠶᠢᠭᠠᠳ ᠵᠠᠬ᠎ᠠ ᠳᠡᠯᠭᠡᠭᠦᠷ ᠲᠤ ᠣᠴᠢᠭᠤᠯᠤᠨ᠂ ᠬᠢᠨᠠᠨ ᠵᠥᠪᠰᠢᠶᠡᠷᠡᠬᠦ ᠳᠤ ᠳᠤᠲᠠᠭᠤ ᠴᠠᠭ ᠵᠠᠷᠤᠴᠠᠭᠤᠯᠬᠤ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠪᠤᠯᠢᠬᠠᠶᠢᠯᠠᠭᠴᠢ ᠪᠣᠯᠵᠤ ᠪᠤᠯᠬᠤ ᠦᠭᠡᠢ᠂ ᠡᠯ᠎ᠡ ᠱᠠᠲᠤᠨ ᠤ ᠬᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠨ ᠲᠥᠯᠥᠵᠦ᠂ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ ᠨᠠᠮᠳᠠᠭᠤᠯᠬᠤ ᠬᠡᠷᠡᠭᠲᠡᠢ᠃          ᠭᠤᠣᠯᠴᠢ ᠪᠠᠷ ᠥᠷᠢᠰᠦᠯᠳᠦᠬᠦ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠭᠤᠣᠯᠳᠠᠯᠭ᠎ᠠ ᠮᠥᠨ᠃ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡᠯ ᠰᠠᠶ᠋ᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ ᠴᠢᠳᠠᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ  ᠪᠠᠷ ᠬᠠᠨᠳᠤᠵᠤ᠂ ᠡ᠊ᠩ ᠤᠨ ᠬᠤᠳᠠᠯᠳᠤᠭᠠᠨ ᠤ ᠵᠢᠭᠡᠯᠡᠯᠭᠡ ᠶᠢ ᠲᠠᠯᠪᠢᠬᠤ ᠨᠥᠬᠦᠴᠡᠯ ᠪᠣᠯᠣᠨ ᠬᠦᠦ ᠮᠥᠩᠭᠦ ᠶᠢᠨ ᠲᠦᠪᠰᠢᠨ ᠤ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠡᠬᠡ ᠮᠥᠩᠭᠦ ᠪᠠᠨ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠴᠤ ᠢᠯᠭᠠᠭ᠎ᠠ ᠲᠠᠢ ᠪᠠᠷ ᠬᠠᠨᠳᠤᠵᠤ ᠪᠤᠯᠬᠤ ᠦᠭᠡᠢ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠠᠳᠬᠤᠵᠤ᠂ ᠰᠢᠢᠳᠪᠦᠷᠢᠯᠡᠬᠦ ᠲᠥᠰᠥᠯ ᠢ ᠲᠦᠷᠦᠯ ᠬᠤᠪᠢᠶᠠᠨ ᠲᠣᠭᠲᠠᠭᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠳᠠᠭᠠᠭᠠᠴᠢᠯᠠᠯᠲᠠ ᠵᠠᠷᠯᠠᠬᠤ ᠳᠠᠭᠠᠨ ᠡᠷᠬᠡ ᠲᠡᠭᠰᠢ ᠲᠥᠪ ᠭᠤᠤᠯᠴᠢ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠤᠯᠴᠠᠬᠤ ᠪᠠᠷᠢᠮᠵᠢᠶ᠎ᠠ ᠶᠢ ᠵᠣᠷᠢᠭᠤᠳᠠ ᠳᠡᠭᠡᠭᠰᠢᠯᠡᠭᠦᠯᠭᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠠᠴᠢᠯᠠᠯᠲᠠ ᠣᠯᠵᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ  ᠢᠶᠠᠷ ᠠᠵᠢᠯ ᠬᠢᠯᠭᠡᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠩ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠢᠭᠤᠳ ᠲᠠᠯᠠᠪᠠᠢ ᠳᠤ ᠣᠷᠣᠬᠤ ᠪᠢᠯᠧᠲ ᠣᠯᠭᠤᠬᠤ ᠬᠡᠷᠡᠭᠲᠡᠢ᠃          ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠣᠯ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ  ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠪᠤᠯᠬᠤ ᠪᠥᠭᠡᠳ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠵᠠᠩᠭᠢᠯᠠᠭ᠎ᠠ ᠪᠣᠯᠣᠨ᠎ᠠ᠃ ᠡᠯ᠎ᠡ ᠭᠠᠵᠠᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠠᠶᠢᠯᠢ ᠲᠠᠲᠠᠪᠤᠷᠢ ᠶᠢ ᠣᠷᠣᠯᠠᠭᠤᠯᠬᠤ᠂ ᠠᠰᠢᠭ ᠬᠤᠨᠵᠢᠪᠤᠷᠢ ᠶᠢ ᠪᠤᠴᠠᠭᠠᠬᠤ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠᠷ ᠳᠡᠮᠵᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠪᠠ ᠰᠢᠨ᠎ᠡ ᠶᠢ ᠡᠭᠦᠳᠬᠦ ᠡᠬᠢ ᠪᠠᠶᠠᠯᠢᠭ ᠢᠶᠠᠨ ᠨᠡᠭᠡᠭᠡᠬᠦ ᠶᠢ ᠠᠬᠢᠭᠤᠯᠵᠤ᠂ ᠴᠢᠳᠠᠪᠤᠷᠢ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠵᠠᠰᠠᠭ ᠤᠨ ᠣᠷᠳᠣᠨ ᠤ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ ᠳᠤ ᠪᠠᠰᠠ ︽ᠬᠡᠮᠵᠢᠶ᠎ᠡ︾ ᠪᠠ ︽ᠵᠠᠭᠠᠭ ︾ ᠢ ᠰᠠᠶᠢᠲᠤᠷ ᠡᠵᠡᠮᠳᠡᠵᠦ᠂ ᠤᠴᠢᠷ ᠦᠭᠡᠢ ᠪᠣᠯ ᠬᠠᠷᠰᠢᠯᠠᠬᠤ ᠦᠭᠡᠢ᠂ ᠳᠠᠭᠤᠳᠠᠪᠠᠯ ᠡᠷᠬᠡᠪᠰᠢ ᠲᠡᠷᠡ ᠳᠠᠷᠤᠢ ᠳᠤᠨᠢ ᠬᠠᠷᠢᠭᠤ ᠥᠭᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠬᠠᠤᠯᠢ ᠬᠡᠷᠡᠭᠵᠢᠭᠦᠯᠬᠦ ᠪᠠᠨ ᠵᠢᠷᠤᠮᠵᠢᠭᠤᠯᠵᠤ᠂ ᠤᠴᠢᠷ ᠦᠭᠡᠢ ᠪᠣᠯ ᠠᠵᠤ ᠠᠬᠤᠶᠢᠯᠠᠯ ᠲᠡᠶᠢᠰᠢ ᠭᠦᠶᠦᠬᠦ ᠪᠠᠨ ᠪᠣᠯᠢᠵᠤ᠂ ᠴᠢᠬᠤᠯᠠ ᠪᠦᠬᠦᠢ ᠪᠠᠶᠢᠴᠠᠭᠠᠯᠲᠠ ᠳᠤ ᠴᠤ ︽ᠳᠥᠷᠪᠡ ᠦᠭᠡᠢ ᠬᠤᠶᠠᠷ ᠰᠢᠭᠤᠳ︾ ᠵᠡᠷᠭᠡ ᠠᠷᠭ᠎ᠠ ᠭᠡᠯᠪᠡᠷᠢ ᠶᠢ ᠢᠯᠡᠭᠦᠬᠡᠨ ᠬᠡᠷᠡᠭᠯᠡᠵᠦ᠂ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠵᠦ ᠪᠣᠯᠪᠠᠯ ᠬᠥᠮᠥᠨ ᠬᠡᠷᠡᠭᠯᠡᠬᠦ ᠪᠠᠨ ᠪᠠᠭᠠᠰᠬᠠᠬᠤ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯ ᠢ ᠲᠤᠰᠠᠯᠠᠬᠤ ᠭᠡᠳᠡᠭ ᠨᠢ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠶᠢᠨ ᠬᠠᠮᠲᠤ ᠦᠨᠡᠨ ᠪᠣᠳᠠᠲᠠᠢ ᠪᠠᠷ ᠬᠠᠷᠢᠭᠤ ᠲᠤᠰᠬᠠᠵᠤ᠂ ᠬᠠᠷᠢᠭᠤ ᠲᠤᠰᠬᠠᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠲᠠᠯᠪᠢᠬᠤ ᠶᠢ ᠬᠡᠯᠡᠵᠦ ᠪᠤᠶ᠃ ᠵᠥᠭᠡᠯᠡᠨ ᠢᠶᠠᠷ ᠬᠠᠤᠯᠢ ᠬᠡᠷᠡᠭᠵᠢᠭᠦᠯᠬᠦ ᠶᠢ ᠴᠢᠬᠤᠯᠠᠴᠢᠯᠠᠵᠤ᠂ ︽ᠥᠨᠳᠡᠭᠡᠨ ᠠᠴᠠ ᠶᠠᠰᠤ ᠡᠷᠢᠵᠦ︾ ᠪᠤᠯᠬᠤ ᠦᠭᠡᠢ᠃           ︽ᠪᠢ ᠨᠡᠷᠡᠨ ᠤ ᠭᠡᠷᠡᠯ ᠬᠤᠷ᠎ᠠ ᠪᠣᠷᠣᠭᠠᠨ ᠬᠠᠩᠭᠠᠶ᠎ᠠ᠂ ᠲᠠ ᠢᠳᠡᠷᠡᠭᠦᠨ ᠢᠶᠠᠷ ᠦᠰᠦᠨ ᠪᠣᠶᠢᠵᠢᠭᠠᠷᠠᠢ︾᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠣᠶᠢᠯᠠᠭᠠᠨ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠤᠯᠭᠠᠵᠤ᠂ ᠪᠦᠭᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠬᠦᠴᠢᠷ ᠢ ᠲᠤᠭᠤᠯᠵᠤ᠂ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠵᠦ᠂ ᠠᠵᠤ ᠠᠬᠤᠶᠢᠯᠠᠯ ᠤᠨ ︽ᠭᠠᠭᠴᠠᠭᠠᠷ ᠠᠵᠢᠯᠯᠠᠵᠤ ᠲᠡᠮᠡᠴᠡᠬᠦ︾ ᠶᠢ ᠵᠠᠰᠠᠭ ᠠᠵᠤ ᠠᠬᠤᠶᠢᠯᠠᠯ ᠤᠨ ᠰᠡᠳᠬᠢᠯ ᠨᠢᠭᠡᠳᠦᠨ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ ᠪᠣᠯᠭᠠᠪᠠᠯ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠶᠢ ᠨᠡᠩ ᠡᠷᠴᠢᠮᠲᠡᠢ ᠪᠤᠯᠭᠠᠵᠤ ᠴᠢᠳᠠᠨ᠎ᠠ᠃                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号