- ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠤᠷᠪᠠᠨᠲᠠ ᠥᠭᠦᠯᠡᠬᠦ ᠨᠢ | | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ 2025 ᠣᠨ ᠳᠤ ︽ | ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠳᠤᠷᠠᠳᠪᠠ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠪᠣᠯ ᠡᠭᠦᠨ ᠤ ᠳᠣᠲᠣᠷᠠᠬᠢ ᠨᠢᠭᠡᠨ ᠴᠢᠬᠤᠯᠠ ᠠᠭᠤᠯᠭ᠎ᠠ ᠪᠣᠯᠣᠨ᠎ᠠ᠃ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠭᠦᠢᠴᠡᠳ ᠠᠵᠢᠯ | ᠣᠯᠭᠤᠯᠲᠠ ᠶᠢ ᠠᠬᠢᠭᠤᠯᠬᠤ ᠨᠢ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠠᠵᠤ ᠠᠬᠤᠢ ᠶᠢᠨ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠵᠤ ᠠᠬᠤᠢ ᠨᠡᠶᠢᠭᠡᠮ ᠤᠨ ᠨᠡᠩ ᠥᠨᠳᠥᠷ ᠪᠦᠲᠦᠮᠵᠢᠲᠡᠢ | ᠠᠵᠢᠯᠯᠠᠭᠠᠨ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠳᠤ ᠠᠰᠢᠭᠲᠠᠢ ᠶᠤᠮ᠃ | ᠠᠵᠤ ᠠᠬᠤᠢ ᠶᠢᠨ ᠬᠥᠭᠵᠢᠯᠲᠡ ᠪᠠ ᠠᠵᠢᠯ ᠣᠯᠭᠤᠯᠲᠠ ᠶᠢᠨ ᠪᠠᠶᠢᠳᠠᠯ ᠨᠢᠭᠲᠠ ᠬᠤᠯᠪᠤᠭ᠎ᠠ ᠲᠠᠢ | ᠪᠠᠶᠢᠳᠠᠭ᠃ ᠮᠠᠨ ᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠪᠦᠭᠦ ᠤᠯᠤᠰ ᠤᠨ ᠬᠢ ᠠᠴᠠ | ᠳᠣᠣᠷ᠎ᠠ ᠪᠠᠶᠢᠵᠤ᠂ ᠥᠩᠭᠡᠨ ᠲᠠᠯ᠎ᠠ ᠠᠴᠠ ᠨᠢ ᠦᠵᠡᠪᠡᠯ ᠵᠥᠷᠢᠶ᠎ᠡ ᠨᠢ ᠴᠠᠯᠢᠩ ᠤᠨ ᠴᠢᠨᠠᠷᠲᠠᠢ ᠣᠷᠣᠯᠭ᠎ᠠ ᠳᠡᠭᠡᠷ᠎ᠡ | ᠪᠠᠶᠢᠭᠰᠠᠨ ᠴᠸ᠂ ᠦᠨᠳᠦᠰᠦ ᠨᠢ ᠠᠵᠢᠯ ᠣᠯᠭᠤᠯᠲᠠ ᠳᠤ ᠪᠤᠢ᠃ ᠡᠭᠦᠨ ᠳᠤ ᠪᠦᠭᠦ ᠣᠷᠣᠨ ᠤ ᠡᠯ᠎ᠡ ᠭᠠᠵᠠᠷ ᠤᠨ | ᠬᠢᠨ ᠠᠷᠭ᠎ᠠ ᠤᠬᠠᠭᠠᠨ ᠰᠦᠪᠡᠭᠴᠢᠯᠡᠵᠦ ᠢᠯᠡᠭᠦᠬᠡᠨ ᠠᠵᠤ ᠠᠬᠤᠶᠢᠯᠠᠯ ᠡᠷᠭᠢᠯᠡᠵᠤ᠂ ᠤᠯᠠᠨ ᠠᠷᠭ᠎ᠠ ᠵᠠᠮ ᠢᠶᠠᠷ ᠠᠵᠢᠯ | ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠨᠡᠩ ᠤᠯᠠᠨ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠬᠦ | ᠬᠡᠷᠡᠭᠲᠡᠢ᠃ ᠲᠣᠮᠣ ᠳᠤᠮᠳᠠ ᠵᠢᠵᠢᠭ ᠠᠵᠤ ᠠᠬᠤᠶᠢᠯᠠᠯ ᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠦᠢᠯᠡᠰ ᠪᠣᠰᠬᠠᠬᠤ ᠶᠢ ᠵᠣᠷᠢᠭᠵᠢᠭᠤᠯᠬᠤ᠂ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠭᠦ ᠵᠡᠷᠭᠡ ᠪᠠᠷ ᠳᠠᠮᠵᠢᠨ᠂ ᠨᠡᠩ ᠣᠯᠠᠨ ᠠᠵᠤ ᠠᠬᠤᠶᠢᠯᠠᠯ ᠢ | ᠳᠠᠳᠠᠨ ᠣᠷᠣᠭᠤᠯᠵᠤ ᠲᠥᠪᠯᠡᠷᠡᠭᠦᠯᠦᠨ ᠴᠤᠭᠯᠠᠷᠠᠭᠤᠯᠵᠤ ᠨᠤᠲᠤᠭᠰᠢᠭᠤᠯᠤᠨ᠎ᠠ᠃ ᠢᠯᠠᠩᠭᠤᠶ᠎ᠠ ᠭᠤᠣᠯᠳᠠᠯᠭ᠎ᠠ ᠲᠠᠢ | ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠵᠢᠯ ᠣᠯᠭᠤᠯᠲᠠ ᠶᠢ ᠰᠢᠩᠭᠡᠬᠡᠨ ᠠᠪᠬᠤ | ᠴᠢᠳᠠᠪᠤᠷᠢ ᠪᠠᠷ ᠴᠢᠩᠭ᠎ᠠ ᠨᠡᠩ ᠤᠯᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠬᠥᠭᠵᠢᠭᠦᠯᠬᠦ | ᠬᠡᠷᠡᠭᠲᠡᠢ᠃ ᠠᠵᠤ ᠠᠬᠤᠶᠢᠯᠠᠯ ᠳᠤ ᠲᠤᠬᠠᠢ ᠶᠢᠨ ᠭᠠᠵᠠᠷ ᠤᠨ ᠬᠥᠮᠥᠨ ᠢ ᠢᠯᠡᠭᠦᠬᠡᠨ ᠬᠡᠷᠡᠭᠯᠡᠭᠦᠯᠵᠦ᠂ ᠮᠠᠨ ᠤ | ᠣᠷᠣᠨ ᠤ ᠴᠥᠭᠡᠨ ᠪᠤᠰᠤ ᠠᠵᠤ ᠠᠬᠤᠶᠢᠯᠠᠯ ᠡᠷᠭᠢᠨ ᠲᠣᠭᠤᠷᠢᠨ ᠤ ᠮᠤᠵᠢ ᠴᠢᠨᠠᠭᠰᠢᠯᠠᠪᠠᠯ ᠨᠠᠩ ᠬᠤᠯᠠ ᠭᠠᠵᠠᠷ ᠲᠤ | ᠬᠦᠷᠴᠦ ᠠᠵᠢᠯᠴᠢᠨ ᠡᠯᠰᠡᠵᠦ ᠪᠤᠢ᠂ ᠰᠢᠯᠲᠠᠭᠠᠨ ᠢ ᠨᠢ ᠪᠠᠰᠠ ᠰᠤᠳᠤᠯᠤᠨ ᠲᠣᠳᠣᠷᠬᠠᠶᠢᠯᠠᠵᠤ᠂ ᠬᠠᠨᠳᠤᠯᠭᠠᠲᠤ | ᠴᠢᠨᠠᠷᠲᠠᠢ ᠪᠠᠷ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ | ᠭᠠᠵᠠᠷ ᠠᠴᠠ ᠢᠯᠡᠭᠦᠬᠡᠨ ︽ᠴᠡᠷᠢᠭ ᠮᠣᠷᠢ ᠡᠯᠰᠡᠬᠦ︾ ᠬᠡᠷᠡᠭᠲᠡᠢ᠃ | ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠬᠦ ᠪᠣᠯ ᠠᠵᠢᠯ ᠣᠯᠭᠤᠯᠲᠠ ᠶᠢ | ᠠᠬᠢᠭᠤᠯᠬᠤ ᠬᠦᠴᠦᠲᠡᠢ ᠪᠠᠲᠤᠯᠠᠭ᠎ᠠ ᠮᠥᠨ᠃ ᠦᠢᠯᠡᠴᠢᠯᠡᠭᠡ ᠡᠷᠲᠡ ᠨᠢᠭᠡ ᠡᠳᠦᠷ ᠪᠡᠶᠡᠯᠡᠭᠳᠡᠪᠡᠯ᠂ ᠠᠵᠢᠯ ᠡᠷᠢᠭᠰᠡᠳ | ᠨᠡᠩ ᠢᠲᠡᠭᠡᠯ ᠲᠠᠢ ᠮᠥᠷᠲᠡᠭᠡᠨ ᠰᠠᠨᠠᠭ᠎ᠠ ᠠᠮᠤᠷ ᠪᠣᠯᠵᠤ᠂ ᠵᠣᠪᠠᠨᠢᠯ ᠪᠠ ᠳᠠᠷᠤᠯᠲᠠ ᠲᠡᠳᠦᠢ ᠪᠠᠭ᠎ᠠ ᠪᠣᠯᠣᠨ᠎ᠠ᠃ | ᠦᠨᠳᠦᠰᠦᠨ ᠱᠠᠲᠤᠨ ᠤ ᠵᠠᠰᠠᠭ ᠤᠨ ᠣᠷᠳᠣᠨ ᠪᠠ ᠵᠣᠬᠢᠶᠠᠨ ᠪᠠᠶᠢᠭᠤᠯᠤᠯᠲᠠ ᠨᠤᠭᠤᠳ ᠣᠯᠠᠨ ᠲᠦᠮᠡᠨ ᠢ | ᠬᠠᠪᠰᠤᠷᠤᠨ ᠠᠵᠢᠯ ᠣᠯᠭᠤᠬᠤ ᠶᠢ ᠴᠢᠬᠤᠯᠠ ᠶᠠᠪᠤᠳᠠᠯ ᠪᠣᠯᠭᠠᠨ᠂ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠩᠭᠢ᠂ | ᠭᠦᠳᠡᠯᠮᠦᠷᠢ ᠦᠢᠯᠡᠴᠢᠯᠡᠭᠡᠨ ᠤ ᠬᠤᠷᠰᠢᠶ᠎ᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠯᠴᠢᠨ | ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠭᠤᠯᠵᠤ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ᠂ ᠠᠮᠢᠳᠤᠯᠢᠭ ᠢᠶᠠᠷ | ᠠᠵᠢᠯ ᠣᠯᠭᠤᠬᠤ ᠶᠢ ᠲᠦᠯᠬᠢᠨ ᠠᠬᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠨᠡᠭᠡᠭᠡᠨ ᠬᠥᠭᠵᠢᠭᠦᠯᠬᠦ ᠵᠡᠷᠭᠡ ᠪᠠᠷ ᠳᠠᠮᠵᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠵᠢᠯ ᠣᠯᠭᠤᠯᠲᠠ ᠶᠢ | ᠠᠬᠢᠭᠤᠯᠬᠤ ᠬᠡᠷᠡᠭᠲᠡᠢ᠃ | ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠪᠠ ᠨᠢᠯᠬᠠᠰ ᠵᠡᠷᠭᠡ | ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ︽ᠭᠡᠷ ᠤᠨ ᠡᠭᠦᠳᠡᠨ ᠳᠡᠭᠡᠨ︾ ᠠᠵᠢᠯ ᠣᠯᠬᠤ ᠳᠤ ᠬᠦᠴᠦᠨ | ᠨᠡᠮᠡᠷᠢᠯᠡᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠠᠵᠢᠯᠲᠠᠨ ᠠᠵᠢᠯᠴᠢᠨ ᠬᠡᠷᠡᠭᠯᠡᠬᠦ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠢ ᠲᠦᠷᠭᠡᠪᠴᠢᠯᠡᠨ | ᠪᠠᠶᠢᠭᠤᠯᠵᠤ᠂ ᠠᠵᠢᠯᠴᠢᠨ ᠬᠡᠷᠡᠭᠯᠡᠬᠦ ᠪᠠ ᠠᠵᠢᠯ ᠡᠷᠢᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ | ᠠᠷᠠᠳ ᠣᠯᠠᠨ ᠳᠤ ᠬᠠᠮᠢᠭ᠎ᠠ ᠠᠴᠠ ᠠᠵᠢᠯᠲᠠᠨ ᠡᠯᠰᠡᠬᠦ ᠶᠢ ᠮᠡᠳᠡᠭᠦᠯᠵᠦ᠂ ᠠᠵᠤ ᠠᠬᠤᠶᠢᠯᠠᠯ ᠳᠤ ᠬᠠᠮᠢᠭ᠎ᠠ ᠠᠴᠠ | ᠬᠥᠮᠥᠨ ᠡᠷᠢᠬᠦ ᠶᠢ ᠮᠡᠳᠡᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠨᠤᠭᠤᠳ ᠵᠥᠪᠭᠡᠨ ᠲᠤᠰ ᠬᠤᠭᠤᠴᠠᠭᠠᠨ ᠤ | ᠲᠡᠭᠦᠰᠦᠭᠰᠡᠳ ᠤᠨ ᠠᠵᠢᠯ ᠣᠯᠭᠤᠯᠲᠠ ᠶᠢ ᠯᠡ ᠠᠩᠬᠠᠷᠴᠤ ᠪᠤᠯᠬᠤ ᠦᠭᠡᠢ᠂ ᠪᠠᠰᠠ ᠰᠤᠷᠭᠠᠭᠤᠯᠢ ᠳᠤ ᠪᠠᠶᠢᠭ᠎ᠠ | ᠰᠤᠷᠤᠬᠴᠢᠳ ᠤᠨ ᠬᠡᠳᠦᠨ ᠵᠢᠯ ᠤᠨ ᠳᠠᠷᠠᠭᠠᠬᠢ ᠠᠵᠢᠯ ᠣᠯᠭᠤᠯᠲᠠ ᠶᠢ ᠤᠷᠢᠳᠴᠢᠯᠠᠨ ᠠᠩᠬᠠᠷᠴᠤ᠂ ᠵᠠᠷᠢᠮ | ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠪᠠᠶᠢᠭᠤᠯᠬᠤ ᠪᠠᠷ ᠪᠠᠶᠢᠭ᠎ᠠ ᠢᠨᠵᠧᠨᠧᠷᠢᠩ ᠤᠨ ᠬᠥᠮᠥᠨ ᠤ ᠬᠦᠴᠦᠨ ᠤ | ᠬᠡᠷᠡᠭᠴᠡᠭᠡ ᠶᠢ ᠦᠨᠳᠦᠰᠦᠯᠡᠨ᠂ ᠬᠠᠩᠭᠠᠯᠭ᠎ᠠ ᠬᠡᠷᠡᠭᠴᠡᠭᠡ ᠶᠢ ᠤᠷᠢᠳᠴᠢᠯᠠᠨ ᠵᠣᠯᠭᠠᠭᠤᠯᠵᠤ᠂ ᠵᠠᠬᠢᠶᠠᠯᠠᠭ᠎ᠠ ᠶᠢᠨ | ᠮᠠᠶ᠋ᠢᠭ ᠤᠨ ᠬᠥᠮᠦᠵᠢᠯ ᠢ ᠥᠷᠨᠢᠭᠦᠯᠦᠨ᠂ ᠰᠤᠷᠤᠬᠴᠢᠳ ᠢ ᠰᠤᠷᠭᠠᠭᠤᠯᠢ ᠲᠡᠭᠦᠰᠦᠮᠡᠭᠴᠡ ᠳᠠᠷᠤᠢ ᠠᠵᠢᠯ ᠣᠯᠭᠤᠬᠤ | ᠬᠡᠷᠡᠭᠲᠡᠢ᠃ | ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠦᠢᠯ ᠢ ᠪᠠᠲᠤᠯᠠᠬᠤ | ᠤᠬᠠᠮᠰᠠᠷ ᠲᠠᠢ ᠪᠠᠶᠢᠬᠤ ᠪᠠᠷ ᠪᠠᠷᠠᠬᠤ ᠦᠭᠡᠢ ᠪᠠᠰᠠ ᠰᠢᠰᠲ᠋ᠧᠮ ᠤᠨ ᠰᠡᠳᠬᠢᠬᠦᠢ ᠲᠠᠢ ᠪᠠᠶᠢᠵᠤ᠂ ᠬᠠᠩᠭᠠᠯᠭ᠎ᠠ | ᠬᠡᠷᠡᠭᠴᠡᠭᠡ ᠶᠢᠨ ᠲᠣᠬᠢᠷᠠᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠥᠵᠢᠭᠦᠯᠬᠦ ᠳᠤ | ᠭᠠᠭᠴᠠ ᠬᠦ ᠵᠠᠬ᠎ᠠ ᠳᠡᠯᠭᠡᠭᠦᠷ ᠤᠨ ᠬᠤᠪᠢᠷᠠᠯᠲᠠ ᠪᠠ ᠠᠵᠤ ᠦᠢᠯᠡᠰ ᠤᠨ ᠬᠡᠷᠡᠭᠴᠡᠭᠡ ᠳᠤ ᠵᠣᠬᠢᠴᠠᠭᠤᠯᠪᠠᠯ ᠰᠠᠶ᠋ᠢ ︽ | ᠬᠥᠮᠥᠨ ᠪᠠᠶᠢᠭᠠᠳ ᠬᠢᠬᠦ ᠠᠵᠢᠯ ᠦᠭᠡᠢ︾ ᠪᠠ ︽ᠠᠵᠢᠯ ᠪᠠᠶᠢᠭᠠᠳ ᠬᠢᠬᠦ ᠬᠥᠮᠥᠨ ᠦᠭᠡᠢ︾ ᠵᠡᠷᠭᠡ ᠪᠠᠷ | ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠪᠠ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠪᠠᠨ ᠲᠣᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠶᠠᠮᠠᠷ ᠬᠥᠮᠥᠨ | ᠬᠡᠷᠡᠭᠴᠡᠭᠡ ᠲᠠᠢ ᠪᠣᠯ ᠲᠡᠭᠦᠨ ᠢ ᠬᠥᠮᠥᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠭᠤᠣᠯᠳᠠᠯᠭ᠎ᠠ ᠲᠠᠢ ᠪᠦᠯᠭᠦᠮ ᠨᠡᠶᠢᠳᠡ ᠶᠢᠨ ᠠᠵᠢᠯ ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ | ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠲᠠᠯᠪᠢᠵᠤ᠂ ᠠᠷᠭ᠎ᠠ ᠮᠠᠶ᠋ᠢᠭ | ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠪᠣᠯᠪᠠᠰᠤᠷᠠᠯ ᠬᠦᠷᠲᠡᠭᠰᠡᠳ ᠲᠤ ᠦᠨᠡᠨᠬᠦ ᠡᠷᠳᠡᠮ ᠴᠢᠳᠠᠪᠤᠷᠢ ᠬᠦᠷᠲᠡᠭᠡᠵᠦ | ᠂ ᠠᠵᠢᠯ ᠣᠯᠭᠤᠵᠤ ᠳᠡᠶᠢᠯᠭᠦ ᠶᠢ ᠪᠠᠲᠤᠯᠠᠬᠤ ᠬᠡᠷᠡᠭᠲᠡᠢ᠃ | ᠠᠯᠢᠪᠠ ᠶᠠᠪᠤᠳᠠᠯ ᠳᠤ ᠪᠦᠷ ᠭᠤᠣᠯᠳᠠᠯᠭ᠎ᠠ ᠪᠠᠶᠢᠳᠠᠭ᠂ ᠭᠤᠣᠯᠳᠠᠯᠭ᠎ᠠ ᠶᠢ ᠠᠳᠬᠤᠵᠤ ᠴᠢᠳᠠᠪᠠᠯ ᠶᠠᠪᠤᠳᠠᠯ | ᠪᠦᠲᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠬᠥᠳᠡᠯᠦᠯᠴᠡᠵᠦ᠂ ᠣᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠦᠨ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ | ᠣᠯᠭᠤᠯᠲᠠ ᠶᠢ ᠠᠬᠢᠭᠤᠯᠬᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠠᠵᠢᠯ ᠣᠯᠭᠤᠬᠤ ᠠᠵᠠ ᠲᠣᠭᠢᠶᠠᠯ ᠢ | ᠨᠠᠩ ᠭᠦᠢᠴᠡᠳ ᠪᠤᠯᠭᠠᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠨᠠᠩ ᠵᠣᠬᠢᠴᠠᠭᠤᠯᠬᠤ᠂ ᠠᠵᠢᠯ | ᠣᠯᠭᠤᠯᠲᠠ ᠶᠢᠨ ᠪᠦᠲᠦᠴᠡ ᠶᠢ ᠨᠠᠩ ᠰᠢᠯᠢᠳᠡᠭᠵᠢᠭᠦᠯᠬᠦ ᠶᠢ ᠪᠦᠭᠦ ᠬᠦᠴᠦᠨ ᠢᠶᠠᠷ ᠪᠠᠲᠤᠯᠠᠵᠤ᠂ ᠴᠢᠨᠠᠷ ᠰᠠᠶᠢᠲᠠᠢ | ᠪᠥᠭᠡᠳ ᠭᠦᠢᠴᠡᠳ ᠠᠵᠢᠯ ᠣᠯᠭᠤᠯᠲᠠ ᠪᠠᠷ ᠣᠯᠠᠨ ᠲᠦᠮᠡᠨ ᠤ ︽ᠠᠮᠤᠷ ᠲᠣᠭᠲᠠᠭᠤᠨ ᠠᠵᠠ ᠵᠢᠷᠭᠠᠯ︾ ᠢ | ᠪᠠᠲᠤᠯᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ | ᠠᠮᠢᠵᠢᠷᠠᠯ ᠤᠨ ᠬᠦᠴᠦᠨ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ | | |