ᠪᠦᠯᠬᠦᠮᠳᠡᠪᠡᠰᠦ ᠬᠦᠴᠦᠨ ᠶᠡᠭᠡ
ᠨᠡᠶᠢᠲᠡᠯᠡᠭᠰᠡᠨ ᠴᠠᠭ᠄
2025/3/28
                           ᠣᠶᠢᠷ᠎ᠠ ᠳᠤ᠂ ᠭᠦᠭᠡᠬᠤᠲᠠ ᠶᠢᠨ ᠲᠣᠭᠲᠠᠬᠤ ᠰᠢᠶᠠᠨ ᠳᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠵᠢᠴᠢ ︽ᠠᠨᠠᠷ ᠤᠨ ᠬᠡᠯᠬᠢᠶ᠎ᠡ - ᠲᠥᠷᠥ ᠶᠢᠨ ᠪᠣᠳᠣᠯᠭ᠎ᠠ ᠬᠦᠷᠭᠡᠬᠦ ᠮᠡᠷᠭᠡᠵᠢᠯ ᠬᠦᠷᠭᠡᠬᠦ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠠᠪᠤᠭᠳᠠᠪᠠ᠃ ᠡᠭᠦᠨ ᠳᠤ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠠᠯᠪᠠᠨ ᠵᠢᠷᠤᠮ ᠤᠨ ᠡᠮᠴᠢᠯᠡᠭᠡ ᠬᠢᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠬᠦ ᠵᠡᠷᠭᠡ ᠡᠯᠪᠡᠭ ᠪᠠᠶᠠᠯᠢᠭ ᠠᠭᠤᠯᠭ᠎ᠠ ᠭᠡᠯᠪᠡᠷᠢ ᠪᠦᠬᠦᠢ ᠠᠷᠭ᠎ᠠ ᠬᠢᠳᠡᠯ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠢᠶᠡᠯᠡᠯ ᠢ ᠣᠯᠵᠤ᠂ ᠬᠠᠶᠢᠷ᠎ᠠ ᠰᠡᠳᠬᠢᠯᠭᠡ ᠶᠢᠨ ᠨᠡᠪᠲᠡᠷᠡᠯᠴᠡᠭᠡ ᠰᠣᠯᠢᠯᠴᠠᠭ᠎ᠠ ᠶᠢ ᠨᠡᠮᠡᠭᠳᠡᠭᠦᠯᠦᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠰᠤᠷᠤᠯᠴᠠᠬᠤ᠂ ᠣᠶᠢᠯᠠᠭᠠᠯᠴᠠᠭ᠎ᠠ ᠪᠠ ᠨᠥᠬᠦᠷᠯᠡᠯ ᠢᠶᠠᠨ ᠵᠤᠵᠠᠭᠠᠳᠬᠠᠬᠤ ᠶᠢ ᠬᠥᠲᠥᠯᠥᠨ ᠵᠢᠯᠤᠭᠤᠳᠴᠤ᠂ ᠤᠯᠠᠨ ᠲᠦᠮᠡᠨ ᠤ ᠣᠶᠤᠨ ᠰᠠᠨᠠᠭᠠᠨ ᠤ ᠭᠦᠨ ᠳᠤ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠰᠠᠴᠤᠵᠤ᠂ ︽ᠪᠦᠯᠬᠦᠮᠳᠡᠪᠡᠰᠦ ᠬᠦᠴᠦᠨ ᠶᠡᠭᠡ ︾ ᠭᠡᠬᠦ ᠭᠦᠨ ᠭᠦᠨᠵᠡᠭᠡᠢ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠪᠠ᠃          ᠨᠠᠮ ᠤᠨ ᠪᠠᠶᠢᠭᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠢᠭᠲᠠ ᠤᠶᠠᠯᠳᠤᠭᠤᠯᠬᠤ  ᠨᠢ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ᠂ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠵᠠᠩᠭᠢᠯᠠᠭ᠎ᠠ ᠪᠣᠯᠣᠨ᠎ᠠ᠃ ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠳᠠᠪᠰᠢᠯᠲᠠ︾ ᠭᠡᠬᠦ ᠡᠨᠡ ᠬᠦ ᠭᠤᠣᠯ ᠰᠡᠳᠦᠪ ᠤᠨ ᠲᠣᠭᠤᠷᠢᠨ ᠳᠤ᠂ ᠪᠢᠳᠡ ᠡᠷᠬᠡᠪᠰᠢ ᠲᠡᠭᠦᠨ ᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠢᠳᠡᠪᠬᠢᠲᠡᠢ ᠬᠥᠳᠡᠯᠦᠯᠴᠡᠨ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠴᠣᠭᠴᠠᠯᠠᠬᠤ ᠶᠢᠨ ᠴᠢᠬᠤᠯᠠ ᠴᠢᠨᠠᠷ ᠢ ᠭᠦᠢᠴᠡᠳ ᠤᠬᠠᠪᠤᠷᠢᠯᠠᠪᠠᠯ ᠵᠣᠬᠢᠨ᠎ᠠ᠃ ᠡᠭᠦᠨ ᠳᠤ ᠨᠠᠮ ᠤᠨ ᠪᠠᠶᠢᠭᠤᠯᠤᠯᠲᠠ ᠪᠣᠯ ᠨᠡᠶᠢᠭᠡᠮ ᠤᠨ ᠳᠠᠪᠰᠢᠯᠲᠠ ᠶᠢ ᠬᠥᠲᠥᠯᠥᠨ ᠳᠠᠭᠠᠭᠤᠯᠬᠤ ᠭᠠᠯ ᠪᠠᠮᠪᠠᠷ ᠪᠤᠯᠬᠤ ᠶᠣᠰᠣ ᠤᠴᠢᠷ ᠢ ᠲᠠᠨᠢᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠥᠷᠨᠢᠭᠦᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠨᠢ ᠳᠤᠩ ᠴᠢᠬᠤᠯᠠ᠃           ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠲᠠᠪᠰᠢᠯᠳᠠ︾ ᠶᠢᠨ ᠵᠠᠭᠪᠤᠷ ᠨᠢ ᠨᠢᠭᠡᠨ ᠬᠥᠭᠦᠷᠭᠡ ᠬᠤᠯᠪᠣᠭᠠᠰᠤ ᠮᠡᠲᠦ ᠪᠠᠶᠢᠵᠤ᠂ ᠨᠠᠮ ᠤᠨ ᠪᠠᠶᠢᠭᠤᠯᠤᠯᠲᠠ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠨᠢᠭᠲᠠ ᠬᠤᠯᠪᠣᠵᠤ᠂ ᠬᠤᠶᠠᠭᠤᠯᠠ ᠶᠢᠨ ᠣᠷᠭᠠᠨᠢᠭ ᠢᠶᠠᠷ ᠤᠶᠠᠯᠳᠤᠬᠤ ᠪᠠ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ ᠴᠢᠳᠠᠨ᠎ᠠ᠃ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠪᠠᠷ ᠳᠠᠮᠵᠢᠠ᠂ ᠪᠢᠳᠡ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠲᠦᠮᠡᠨ ᠳᠤ ᠨᠡᠩ ᠰᠠᠶᠢᠲᠤᠷ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠣᠷᠣᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ ᠪᠣᠯᠣᠨ᠎ᠠ᠃ ᠡᠭᠦᠨ ᠤ ᠬᠠᠮᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠪᠠᠷ ᠲᠠᠮᠵᠢᠨ᠂ ᠪᠢᠳᠡ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠵᠤ ᠪᠣᠯᠣᠨ᠎ᠠ᠃          ᠪᠣᠳᠠᠲᠠᠢ ᠦᠢᠯᠡᠳᠦᠯᠭᠡ ᠳᠤᠮᠳᠠ᠂ ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠳᠠᠪᠰᠢᠯᠲᠠ︾  ᠶᠢᠨ ᠵᠠᠭᠪᠤᠷ ᠢ ᠠᠮᠢᠳᠤᠯᠢᠭ ᠢᠯᠡᠷᠡᠭᠦᠯᠬᠦ ᠲᠠᠯ᠎ᠠ ᠪᠠᠷ᠂ ᠨᠠᠮ ᠤᠨ ᠭᠡᠰᠢᠭᠦᠨ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠬᠡᠷᠡᠭᠴᠡᠭᠡ ᠶᠢ ᠣᠶᠢᠯᠠᠭᠠᠵᠤ᠂ ᠲᠡᠳᠡᠨ ᠤ ᠬᠦᠴᠢᠷᠳᠡᠯ ᠵᠣᠪᠠᠨᠢᠯ ᠢ ᠰᠢᠢᠳᠪᠦᠷᠢᠯᠡᠵᠦ ᠥᠭᠬᠦ᠂ ᠣᠯᠠᠨ ᠶᠠᠩᠵᠤ ᠭᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠲᠤᠬᠠᠢ ᠬᠠᠮᠲᠤ ᠶᠢᠨ ᠲᠠᠨᠢᠯᠲᠠ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠬᠦ ᠪᠣᠳᠠᠲᠠᠢ ᠠᠵᠢᠯᠯᠠᠭ᠎ᠠ ᠶᠢ ᠬᠥᠮᠥᠰ ᠤᠨ ᠰᠡᠳᠬᠢᠯ ᠳᠤ ᠰᠠᠭᠤᠭᠳᠠᠲᠠᠯ᠎ᠠ ᠥᠷᠨᠢᠭᠦᠯᠵᠦ ᠴᠢᠳᠠᠬᠤ ᠳᠤ ᠭᠦᠷᠪᠡᠯ᠂ ᠦᠨᠳᠦᠰᠦᠲᠡᠨ ᠨᠦᠭᠦᠳ ᠤᠨ ᠬᠤᠭᠤᠷᠣᠨᠳᠣᠭᠢ ᠰᠣᠯᠢᠯᠴᠠᠭ᠎ᠠ ᠪᠠ ᠬᠠᠮᠲᠤᠷᠠᠯᠴᠠᠭ᠎ᠠ ᠡᠳᠦᠷ ᠢᠷᠡᠬᠦᠶ᠎ᠡ ᠣᠯᠠᠰᠢᠷᠠᠵᠤ᠂ ᠠᠵᠤ ᠠᠬᠤᠢ ᠨᠡᠶᠢᠭᠡᠮ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠪᠣᠯᠣᠨ᠎ᠠ᠃          ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠬᠥᠮᠥᠰ ᠤᠨ ᠰᠡᠳᠬᠢᠯ ᠰᠠᠨᠠᠭ᠎ᠠ ᠶᠢ ᠨᠢᠭᠡᠳᠬᠡᠨ ᠬᠦᠴᠦᠨ ᠴᠢᠳᠠᠯ ᠢ ᠬᠠᠮᠲᠤᠳᠬᠠᠬᠤ ᠵᠥᠪ ᠡᠨᠧᠷᠭᠢ ᠶᠢ ᠨᠡᠶᠢᠭᠡᠮ ᠳᠠᠶᠠᠭᠠᠷ ᠲᠤ ᠢᠳᠡᠪᠬᠢᠲᠡᠢ ᠪᠠᠷ ᠤᠯᠠᠮᠵᠢᠯᠠᠪᠠᠯ᠂ ᠡᠯ᠎ᠡ ᠵᠦᠢᠯ ᠤᠨ ᠥᠷᠢᠰᠦᠯᠳᠦᠭᠡᠨ ᠪᠠ ᠬᠦᠴᠢᠷᠳᠡᠯ ᠢ ᠢᠯᠡᠨ ᠳᠠᠪᠠᠵᠤ ᠴᠢᠳᠠᠨ᠎ᠠ᠃ ᠡᠨᠡ ᠬᠦ ᠵᠥᠪ ᠡᠨᠧᠷᠭᠢ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠠᠭᠤᠰᠤᠯᠴᠠᠭᠤᠯᠪᠠᠯ ᠬᠦᠴᠦᠷᠬᠡᠭ ᠶᠡᠭᠡ ᠬᠥᠳᠡᠯᠭᠡᠬᠦ ᠬᠦᠴᠦᠨ ᠢ ᠠᠭᠤᠳᠠᠯᠤᠨ ᠭᠠᠷᠭᠠᠵᠤ᠂ ᠪᠦᠯᠬᠦᠮᠳᠡᠯ ᠤᠨ ᠬᠦᠴᠦᠨ ᠤ ᠭᠡᠷᠡᠯ ᠭᠢᠯᠪᠠᠭ᠎ᠠ ᠶᠢ ᠨᠡᠩ ᠭᠦᠢᠴᠡᠳ ᠰᠠᠴᠤᠷᠠᠭᠤᠯᠬᠤ ᠨᠢ ᠯᠠᠪᠲᠠᠢ᠃          ᠦᠨᠳᠦᠰᠦᠲᠡᠨ ᠤ ᠪᠦᠯᠬᠦᠮᠳᠡᠯ ᠲᠠᠪᠰᠢᠯᠳᠠ ᠪᠣᠯ ᠪᠠᠰᠠ ᠴᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠮᠥᠨ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠤᠯᠤᠰ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠥᠨᠢ ᠤᠳᠠᠭᠠᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠰᠣᠶᠣᠯ ᠤᠨ ᠦᠨᠡᠲᠦ ᠡᠷᠳᠡᠨᠢ ᠶᠢ ᠬᠠᠮᠲᠤ ᠪᠠᠷ ᠡᠭᠦᠳᠦᠨ ᠪᠦᠲᠦᠭᠡᠭᠰᠡᠨ ᠶᠤᠮ᠃ ᠣᠳᠣᠬᠢᠴᠢᠯᠠᠯᠲᠠ ᠶᠢᠨ ᠠᠬᠢᠴᠠ ᠳᠤᠮᠳᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠭᠢ ᠣᠶᠢᠯᠠᠭᠠᠯᠴᠠᠭ᠎ᠠ ᠪᠠ ᠨᠡᠪᠲᠡᠷᠡᠯᠴᠡᠭᠡ ᠶᠢ ᠨᠡᠮᠡᠭᠳᠡᠭᠦᠯᠬᠦ ᠨᠢ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃          ᠪᠦᠯᠬᠦᠮᠳᠡᠪᠡᠰᠦ ᠬᠦᠴᠦᠨ ᠶᠡᠭᠡ᠃ ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠳᠠᠪᠰᠢᠯᠲᠠ︾ ᠪᠣᠯ ᠡᠨᠡ ᠬᠦ ᠬᠦᠴᠦᠨ ᠴᠢᠳᠠᠯ ᠤᠨ ᠡᠬᠢ ᠪᠤᠯᠠᠭ ᠤᠨ ᠨᠢᠭᠡ ᠪᠣᠯᠣᠨ᠎ᠠ᠃ ᠪᠢᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ ᠴᠢᠷᠮᠠᠶᠢᠨ᠂ ᠡᠨᠡ ᠬᠦ ᠵᠠᠭᠪᠤᠷ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠶᠢᠨ ᠬᠠᠮᠲᠤ ᠢᠳᠡᠪᠬᠢᠲᠡᠢ ᠬᠥᠳᠡᠯᠦᠯᠴᠡᠵᠦ᠂ ᠪᠦᠯᠬᠦᠮᠳᠡᠯ ᠢᠶᠠᠷ ᠬᠥᠭᠦᠷᠭᠡ ᠬᠤᠯᠪᠣᠭᠠᠰᠤ ᠪᠣᠯᠭᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠵᠡᠭᠡᠶ᠎ᠡ᠃                                                                                    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号