ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠠ  ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠰᠤᠭᠠᠢ
ᠨᠡᠶᠢᠲᠡᠯᠡᠭᠰᠡᠨ ᠴᠠᠭ᠄
2025/3/28
- ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ                               ︽ᠢᠯᠵᠠᠷᠠᠯ ᠪᠣᠯ ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠠᠷᠠᠯ ᠢ ᠡᠰᠡᠷᠭᠦᠴᠡᠬᠦ ᠪᠣᠯ ᠬᠠᠮᠤᠭ ᠤᠨ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠮᠥᠨ︾᠃ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ᠂ ᠰᠢᠨ᠎ᠡ ᠴᠠᠭ ᠦᠶ᠎ᠡ ᠠᠴᠠ ᠨᠠᠭᠠᠰᠢᠬᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠣᠳᠣᠬᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠄ ︽ᠡᠯ᠎ᠡ ᠵᠦᠢᠯ ᠤᠨ ᠪᠤᠷᠤᠭᠤ ᠲᠠᠨᠢᠯᠲᠠ ᠶᠢ ᠡᠷᠡᠰ ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃          ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠪᠡᠷ ᠪᠡᠶ᠎ᠡ ᠶᠢᠨ ᠬᠤᠪᠢᠰᠬᠠᠯ ᠬᠢᠬᠦ ᠳᠡᠭᠡᠳᠦ ᠬᠡᠮᠵᠢᠶᠡᠨ ᠤ ᠤᠬᠠᠮᠰᠠᠷ ᠢᠶᠠᠷ᠂ ︽ᠮᠢᠩᠭ᠎ᠠ ᠲᠦᠮᠡᠨ ᠬᠥᠮᠥᠨ ᠲᠠᠢ ᠥᠰᠢᠯᠳᠦᠭᠰᠡᠨ ᠴᠤ ᠠᠷᠪᠠᠨ ᠲᠦᠷᠪᠡᠨ ᠳ᠋ᠦᠩᠰᠢᠭᠤᠷ ᠬᠥᠮᠥᠨ ᠢ ᠦᠯᠦ ᠬᠥᠰᠡᠷᠳᠡᠭᠦᠯᠬᠦ︾ ᠬᠠᠷᠢᠭᠤᠴᠠᠯᠭ᠎ᠠ ᠡᠭᠦᠷᠭᠡᠯᠡᠯ ᠢᠶᠠᠷ᠂ ᠪᠦᠭᠦ ᠨᠠᠮ ᠢ ᠳᠠᠭᠠᠭᠤᠯᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠢᠯᠵᠠᠷᠠᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠭᠰᠡᠨ ᠡᠷᠴᠢᠮ ᠤᠷᠢᠳ ᠡᠮᠦᠨ᠎ᠡ ᠪᠠᠶᠢᠭ᠎ᠠ ᠦᠭᠡᠢ᠂ ᠦᠷ᠎ᠡ ᠪᠦᠲᠦᠮᠵᠢ ᠶᠢ ᠬᠥᠮᠥᠨ ᠪᠦᠭᠦᠨ ᠣᠯᠵᠤ ᠬᠠᠷᠠᠭᠰᠠᠨ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ︽ᠪᠠᠷᠰ ᠢ ᠴᠣᠬᠢᠬᠤ︾ ᠳᠤ ᠬᠤᠷᠢᠭᠠᠲᠤ ᠣᠷᠣᠨ ᠦᠭᠡᠢ᠂ ᠡᠭᠦᠨ ᠤ ᠵᠡᠷᠭᠡ ᠪᠠᠷ ︽ᠪᠠᠭ᠎ᠠ ᠱᠠᠮᠰᠢᠯ ᠪᠢᠴᠢᠯ ᠢᠯᠵᠠᠷᠠᠯ︾ ᠢ ᠵᠠᠯᠬᠠᠭᠠᠨ ᠰᠢᠢᠳᠬᠡᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ 70 ᠲᠦᠮᠡ ᠭᠠᠷᠤᠢ ᠪᠠᠶᠢᠴᠠᠭᠠᠨ ᠰᠢᠢᠳᠪᠦᠷᠢᠯᠡᠵᠡᠢ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠨᠠᠮ ᠤᠨ ᠰᠡᠳᠬᠢᠯ ᠴᠡᠷᠢᠭ ᠤᠨ ᠰᠡᠳᠬᠢᠯ ᠠᠷᠠᠳ ᠤᠨ ᠰᠡᠳᠬᠢᠯ ᠤᠷᠢᠳ ᠡᠮᠦᠨ᠎ᠡ ᠪᠠᠶᠢᠭ᠎ᠠ ᠦᠭᠡᠢ ᠨᠢᠭᠲᠠᠷᠠᠵᠤ ᠪᠠᠳᠠᠷᠠᠭᠰᠠᠨ ᠤ ᠨᠢᠭᠡᠨ ᠴᠢᠬᠤᠯᠠ ᠰᠢᠯᠲᠠᠭᠠᠨ ᠪᠣᠯ ᠳᠠᠷᠤᠢ ᠮᠠᠨ ᠤ ᠨᠠᠮ ᠢᠮᠠᠭᠲᠠ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠬᠡᠭᠰᠡᠨ ᠳᠤ ᠪᠤᠢ᠃ ᠶᠡᠷᠦᠩᠬᠡᠢ ᠱᠦᠵᠢ ᠰᠢ  ᠶᠢᠨ ᠫᠢᠩ ᠴᠢᠬᠤᠯᠠ ᠶᠠᠷᠢᠶᠠᠨ ᠳᠠᠭᠠᠨ ︽ᠲᠡᠦᠬᠡ ᠶᠢᠨ ᠬᠤᠶᠠᠷ ᠰᠠᠨᠠᠭᠠᠴᠢᠯᠠᠭᠠᠲᠤ ᠡᠷᠬᠡ︾ ᠶᠢ ᠣᠯᠣᠭᠰᠠᠨ ᠲᠤᠬᠠᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠪᠠ᠄ ︽ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠣᠯᠵᠤ ᠂ ᠨᠠᠮ ᠤᠨ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠬᠠᠮᠲᠤ ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠠᠢ︾᠃          ᠡᠭᠦᠨ ᠤ ᠵᠡᠷᠭᠡᠪᠡᠷ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠠ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠵᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠠ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠪᠣᠳᠠᠲᠤ ᠪᠠᠶᠢᠳᠠᠯ ᠠᠴᠠ ᠦᠵᠡᠪᠡᠯ᠂ ᠢᠯᠵᠠᠷᠠᠯ ᠤᠨ ᠦᠯᠡᠳᠡᠭᠳᠡᠯ ᠢ ᠬᠠᠷᠠᠬᠠᠨ ᠪᠦᠷᠢᠮᠦᠰᠦᠨ ᠠᠷᠢᠯᠭᠠᠭᠠᠳᠤᠢ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ ᠪᠠᠶᠢᠨ᠎ᠠ᠃ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠠᠴᠠ ᠦᠵᠡᠪᠡᠯ᠂ ᠵᠠᠷᠢᠮ ᠨᠢ ᠪᠠᠰᠠ ᠪᠠᠶᠢᠳᠠᠯ ᠤᠨ ᠲᠤᠬᠠᠢ ᠵᠠᠷᠢᠮ ᠪᠤᠷᠤᠭᠤ ᠮᠠᠭᠠᠳᠯᠠᠯᠲᠠ ᠪᠠ ᠲᠠᠨᠢᠨ ᠮᠡᠳᠡᠬᠦᠢ ᠲᠠᠢ ᠪᠠᠶᠢᠨ᠎ᠠ᠃ ᠭᠠᠭᠴᠠ ᠬᠦ ᠡᠯ᠎ᠡ ᠵᠦᠢᠯ ᠤᠨ ᠪᠤᠷᠤᠭᠤ ᠲᠠᠨᠢᠯᠲᠠ ᠶᠢ ᠡᠷᠡᠰ ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠪᠠᠯ ᠰᠠᠶ᠋ᠢ ᠤᠯᠠᠮ ᠨᠢᠭᠡ ᠠᠯᠬᠤᠮ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯᠯᠠᠭᠠᠨ ᠤ ᠤᠬᠠᠮᠰᠠᠷ ᠢᠶᠠᠨ ᠨᠡᠮᠡᠭᠳᠡᠭᠦᠯᠵᠦ ᠴᠢᠳᠠᠨ᠎ᠠ᠃          ᠢᠯᠵᠠᠷᠠᠯ ᠪᠠ ᠡᠷᠬᠡ ᠪᠣᠯ ᠢᠮᠠᠭᠲᠠ ᠬᠠᠷᠢᠯᠴᠠᠨ ᠳᠠᠭᠠᠯᠳᠤᠨ ᠡᠭᠦᠰᠳᠡᠭ᠂ ᠡᠨᠡ ᠨᠢ ᠢᠯᠵᠠᠷᠠᠯ ᠢ ᠡᠰᠡᠷᠭᠦᠴᠡᠬᠦ ᠲᠡᠮᠡᠴᠡᠯ ᠪᠣᠯ ᠨᠢᠭᠡᠨ ᠤᠷᠳᠦ ᠬᠤᠭᠤᠴᠠᠭᠠᠨ ᠤ ᠲᠡᠦᠬᠡᠨ ᠶᠠᠪᠤᠴᠠ ᠮᠥᠨ ᠭᠡᠳᠡᠭ ᠢ ᠲᠣᠭᠲᠠᠭᠠᠭᠰᠠᠨ ᠢ ᠣᠯᠵᠤ ᠬᠠᠷᠠᠬᠤ ᠬᠡᠷᠡᠭᠲᠡᠢ᠃                      ᠢᠯᠵᠠᠷᠠᠯ ᠡᠭᠦᠰᠬᠦ ᠬᠥᠷᠥᠰᠥ ᠰᠢᠷᠣᠢ ᠪᠠ ᠨᠥᠬᠦᠴᠡᠯ ᠮᠥᠨ ᠯᠠ ᠣᠷᠣᠰᠢᠵᠤ ᠪᠠᠶᠢᠳᠠᠭ ᠯᠠ ᠶᠤᠮ ᠪᠣᠯ ᠢᠯᠵᠠᠷᠠᠯ ᠢ ᠡᠰᠡᠷᠭᠦᠴᠡᠬᠦ ᠲᠡᠮᠡᠴᠡᠯ ᠬᠡᠵᠢᠶᠡᠳᠡ ᠳᠠᠭᠤᠰᠤᠰᠢ ᠦᠭᠡᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ ᠪᠠᠶᠢᠴᠠᠭᠠᠨ ᠰᠢᠢᠳᠪᠦᠷᠢᠯᠡᠭᠰᠡᠨ ᠢᠯᠵᠠᠷᠠᠮᠠᠯ ᠡᠲᠡᠭᠡᠳ ᠢ ᠭᠦᠨᠵᠡᠭᠡᠢ ᠵᠠᠳᠠᠯᠬᠤ ᠳᠤ᠂ ᠡᠭᠦᠨ ᠤ ᠳᠣᠲᠣᠷᠠᠬᠢ ᠵᠣᠩᠬᠢᠯᠠᠬᠤ ᠤᠯᠠᠨ ᠲᠣᠭᠠᠨ ᠤ ᠬᠥᠮᠥᠰ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠴᠥᠮ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨ᠎ᠡ ᠪᠠᠶᠢᠭᠰᠠᠨ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠡᠭᠦᠯᠡᠷ ᠪᠤᠯᠲᠠᠯ᠎ᠠ ᠦᠷᠭᠦᠯᠵᠢᠯᠡᠪᠡ᠂ ᠡᠨᠡ ᠨᠢ ᠨᠡᠮᠡᠭᠳᠡᠯ ᠪᠤᠯᠬᠤ ᠪᠥᠭᠡᠳ ᠪᠠᠰᠠ ᠦᠯᠡᠳᠡᠭᠳᠡᠯ ᠢᠯᠵᠠᠷᠠᠯ ᠪᠤᠯᠬᠤ ᠶᠤᠮ᠃ ᠢᠯᠵᠠᠷᠠᠯ ᠢ ᠡᠰᠡᠷᠭᠦᠴᠡᠬᠦ ᠰᠢᠨ᠎ᠡ ᠮᠡᠷᠭᠡᠵᠢᠯ᠂ ᠠᠷᠭ᠎ᠠ ᠪᠠᠷᠢᠯ ᠂ ᠠᠷᠭ᠎ᠠ ᠬᠡᠮᠵᠢᠶ᠎ᠡ ᠵᠡᠷᠭᠡ ᠶᠢᠨ ᠡᠮᠦᠨ᠎ᠡ᠂ ᠢᠯᠵᠠᠷᠠᠮᠠᠯ ᠡᠲᠡᠭᠡᠳ ᠶᠠᠪᠤᠬᠤ ᠲᠤᠳᠤᠮ ᠳᠠᠯᠳᠠᠯᠠᠬᠤ ᠭᠠᠵᠠᠷ ᠦᠭᠡᠢ ᠪᠣᠯᠵᠤ ᠪᠠᠶᠢᠨ᠎ᠠ᠃ ᠢᠯᠵᠠᠷᠠᠯ ᠨᠢ ᠲᠥᠪ ᠭᠤᠣᠯᠴᠢ ᠰᠢᠳᠤᠷᠭᠤ ᠶᠣᠰᠣ ᠶᠢ ᠬᠤᠬᠢᠷᠠᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠡᠪᠳᠡᠵᠦ᠂ ᠠᠵᠤ ᠠᠬᠤᠢ ᠶᠢᠨ ᠡᠮᠬᠢ ᠳᠢᠭᠯᠢᠮ ᠢ ᠰᠠᠮᠠᠭᠤᠷᠠᠭᠤᠯᠵᠤ ᠪᠠᠶᠢᠨ᠎ᠠ᠃ ᠭᠠᠭᠴᠠ ᠬᠦ ᠡᠨᠡ ᠬᠦ ᠬᠤᠣᠷᠲᠤ ᠬᠠᠪᠤᠳᠠᠷ ᠢ ᠡᠷᠡᠰ ᠲᠤᠶᠢᠯᠪᠤᠷᠢᠲᠠᠢ ᠠᠷᠢᠯᠭᠠᠪᠠᠯ ᠰᠠᠢᠢ ᠥᠷᠭᠡᠨ ᠤᠯᠠᠨ ᠺᠠᠳ᠋ᠷ ᠢ ᠠᠷᠢᠭᠤᠨ ᠴᠢᠬᠡᠴᠢ ᠪᠠᠷ ᠠᠵᠢᠯ ᠶᠠᠪᠤᠳᠠᠯ ᠭᠢᠯᠭᠡᠵᠤ᠂ ᠵᠣᠷᠢᠭᠲᠠᠢ ᠪᠠᠷ ᠠᠵᠢᠯ ᠶᠠᠪᠤᠳᠠᠯ ᠭᠢᠯᠭᠡᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠰᠠᠨᠠᠭ᠎ᠠ ᠠᠮᠤᠷ ᠦᠢᠯᠡᠰ ᠪᠣᠰᠬᠠᠬᠤ ᠶᠢ ᠪᠡᠶᠡᠯᠡᠭᠦᠯᠵᠦ ᠴᠢᠳᠠᠨ᠎ᠠ᠃          ᠶᠡᠷᠦᠩᠬᠡᠢ ᠱᠦᠵᠢ ᠰᠢ ᠶᠢᠨ ᠫᠢᠩ᠄ ︽ᠢᠯᠵᠠᠷᠠᠯ ᠢ ᠡᠰᠡᠷᠭᠦᠴᠡᠬᠦ ᠲᠡᠮᠡᠴᠡᠯ ᠢ ᠲᠠᠨᠢᠬᠤ ᠳᠤ ᠵᠠᠪᠠᠯ ᠲᠡᠦᠬᠡ ᠶᠢᠨ ᠬᠠᠷᠠᠴᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ᠂ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠣᠳᠣᠯᠬᠢᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠶᠠᠭᠤ ᠶᠢ ᠲᠡᠦᠬᠡ ᠶᠢᠨ ᠬᠠᠷᠠᠴᠠ ᠭᠡᠬᠦ ᠪᠤᠢ︖ ᠵᠠᠩᠭᠢᠯᠠᠭ᠎ᠠ ᠨᠢ ᠲᠡᠦᠬᠡ ᠠᠴᠠ ᠴᠢᠳᠠᠮᠠᠭᠠᠢ ᠪᠠᠷ ᠰᠤᠷᠭᠠᠮᠵᠢ ᠠᠪᠴᠤ᠂ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠦᠷᠲᠡᠭ ᠤᠨ ᠵᠣᠷᠢᠯᠲᠠ ᠪᠠᠨ ᠡᠵᠡᠮᠳᠡᠵᠦ᠂ ᠮᠠᠨ ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠡᠷᠬᠡᠪᠰᠢ ᠢᠯᠵᠠᠷᠠᠯ ᠭᠡᠬᠦ ᠡᠨᠡ ᠬᠦ ᠬᠠᠮᠤᠭ ᠤᠨ ᠶᠡᠭᠡ ᠰᠦᠷᠳᠡᠭᠦᠯᠦᠯ ᠢ ᠠᠷᠢᠯᠭᠠᠬᠤ ᠬᠡᠷᠡᠭᠲᠡᠢ ᠭᠡᠳᠡᠭ ᠢ ᠲᠠᠨᠢᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠥᠨᠳᠥᠷᠴᠡ  ᠠᠴᠠ ᠦᠵᠡᠪᠡᠯ᠂ ᠣᠳᠣᠬᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠳᠤ ᠴᠥᠮ ᠲᠤᠶᠢᠯ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠬᠤᠪᠢᠷᠠᠯᠲᠠ ᠭᠠᠷᠴᠤ ᠪᠠᠶᠢᠨ᠎ᠠ᠂ ᠭᠠᠭᠴᠠ ᠬᠦ ᠡᠷᠡᠰ ᠭᠤᠶᠢᠪᠢᠰᠢ ᠦᠭᠡᠢ ᠪᠠᠷ ᠢᠯᠵᠠᠷᠠᠯ ᠢ ᠡᠰᠡᠷᠭᠦᠴᠡᠨ᠂ ᠨᠠᠮ ᠤᠨ ᠪᠡᠶ᠎ᠡ ᠴᠣᠭᠴᠠᠰ ᠤᠨ ᠡᠷᠡᠭᠦᠯ ᠴᠢᠭᠢᠷᠠᠭ᠂ ᠲᠡᠷᠢᠭᠦᠨ ᠤ ᠴᠡᠪᠡᠷ ᠴᠢᠨᠠᠷ ᠢ ᠡᠭᠦᠷᠢᠳᠡ ᠪᠠᠲᠤᠯᠠᠪᠠᠯ ᠰᠠᠶ᠋ᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠯᠠᠪᠳᠠᠭᠤᠨ ᠢᠶᠠᠷ ᠵᠠᠮᠨᠠᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠳᠤᠮᠳᠠ ᠢᠮᠠᠭᠲᠠ ᠢᠯᠠᠭᠳᠠᠰᠢ ᠦᠭᠡᠢ ᠪᠠᠶᠢᠷᠢᠨ ᠳᠤ ᠪᠠᠶᠢᠵᠤ ᠴᠢᠳᠠᠨ᠎ᠠ᠃ ᠨᠠᠮ ᠤᠨ ᠭᠡᠰᠢᠭᠦᠨ ᠺᠠᠳ᠋ᠷᠴᠤᠳ ᠲᠤ ᠠᠪᠴᠤ ᠬᠡᠯᠡᠪᠡᠯ᠂ ᠡᠯ᠎ᠡ ᠵᠦᠢᠯ ᠤᠨ ᠥᠳᠥᠭᠡᠯᠭᠡ ᠶᠢᠨ ᠡᠮᠦᠨ᠎ᠡ᠂ ᠮᠠᠨ ᠤ ᠨᠠᠮ ᠤᠨ ᠡᠭᠦᠨ ᠤ ᠲᠥᠯᠥᠭᠡ ᠲᠡᠮᠡᠴᠡᠬᠦ ᠬᠤᠪᠢᠰᠬᠠᠯᠲᠤ ᠬᠦᠰᠡᠯᠡᠩ ᠢ ᠢᠯᠡᠭᠦᠬᠡᠨ ᠪᠣᠳᠣᠯᠬᠢᠯᠠᠵᠤ᠂ ᠲᠤᠭ᠎ᠠ ᠲᠣᠮᠰᠢ ᠦᠭᠡᠢ ᠬᠥᠮᠥᠨ ᠠᠷᠢᠭᠤᠨ ᠨᠠᠨᠳᠢᠨ ᠠᠮᠢ ᠨᠠᠰᠤ ᠪᠠᠨ ᠵᠣᠷᠢᠭᠤᠯᠤᠨ᠂ ᠬᠠᠯᠠᠭᠤᠨ ᠴᠢᠰᠤ ᠪᠠᠨ ᠤᠷᠤᠰᠬᠠᠭᠰᠠᠨ ᠠᠬᠠᠮᠠᠳ ᠦᠶ᠎ᠡ ᠶᠢᠨ  ᠬᠢᠨ ᠢ ᠪᠣᠳᠣᠯᠬᠢᠯᠠᠵᠤ᠂ ᠨᠠᠮ ᠪᠠ ᠠᠷᠠᠳ ᠲᠦᠮᠡᠨ ᠤ ᠰᠡᠳᠬᠢᠯ ᠳᠠᠬᠢ ᠬᠤᠪᠢ ᠶᠢᠨ ᠵᠢᠩ ᠢ ᠪᠣᠳᠣᠯᠬᠢᠯᠠᠨ᠂ ᠱᠠᠮᠰᠢᠵᠤ ᠢᠯᠵᠠᠷᠠᠨ ᠳᠣᠷᠣᠶᠢᠲᠠᠭᠰᠠᠨ ᠤ ᠦᠷ᠎ᠡ ᠤᠷᠰᠢᠭ ᠪᠠ ᠬᠤᠣᠷ ᠬᠥᠨᠥᠭᠡᠯ ᠢ ᠪᠣᠳᠣᠯᠬᠢᠯᠠᠵᠤ᠂ ᠳᠡᠯᠡᠬᠡᠢ ᠶᠢᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠠᠳᠠᠯᠢ ᠪᠤᠰᠤ ᠬᠤᠪᠢ ᠵᠠᠶᠠᠭ᠎ᠠ ᠶᠢ ᠪᠣᠳᠣᠯᠬᠢᠯᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠮᠠᠭᠤ ᠶᠢ ᠨᠢ ᠮᠠᠭᠤᠰᠢᠶᠠᠵᠤ ᠰᠠᠶᠢᠨ ᠢ  ᠨᠢ ᠰᠠᠶᠢᠰᠢᠶᠠᠪᠠᠯ ᠰᠠᠶ᠋ᠢ ᠦᠨᠡᠨ ᠬᠦ ᠰᠠᠶᠢᠲᠤᠷ ᠲᠣᠭᠲᠠᠪᠤᠷᠢᠵᠢᠭᠤᠯᠵᠤ᠂ ᠰᠠᠶᠢᠲᠤᠷ ᠰᠠᠬᠢᠵᠤ᠂ ᠡᠪ ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠲᠤᠯᠠᠵᠤ ᠴᠢᠳᠠᠨ᠎ᠠ᠃          ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠳᠤ ᠶᠡᠷᠦ ᠪᠤᠰᠤ ᠶᠢᠨ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠂ ᠶᠡᠷᠦ ᠪᠤᠰᠤ ᠶᠢᠨ ᠡᠷᠡᠰ ᠰᠢᠭᠤᠷᠬᠠᠢ ᠣᠪᠣᠷ ᠠᠪᠬᠤ ᠬᠡᠷᠡᠭᠲᠡᠢ᠂ ᠶᠠᠭᠠᠬᠢᠭᠰᠠᠨ ᠴᠤ ᠰᠤᠯᠠᠷᠠᠭᠤᠯᠵᠤ ᠪᠤᠯᠬᠤ ᠦᠭᠡᠢ᠂ ᠶᠠᠭᠠᠬᠢᠭᠰᠠᠨ ᠴᠤ ᠵᠥᠭᠡᠯᠡᠨ ᠬᠠᠨᠳᠤᠵᠤ ᠪᠤᠯᠬᠤ ᠦᠭᠡᠢ᠃ ᠡᠷᠬᠡᠪᠰᠢ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠬᠰᠣᠬᠤ ᠦᠭᠡᠢ᠂ ᠬᠠᠭᠠᠰ ᠠᠯᠬᠤᠮ ᠴᠤ ᠨᠠᠶᠢᠷ ᠲᠠᠯᠪᠢᠬᠤ ᠦᠭᠡᠢ ᠪᠠᠶᠢᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠬᠡᠷᠡᠭᠲᠡᠢ᠃ ᠡᠨᠡ ᠬᠦ ᠠᠷᠠᠳ ᠤᠨ ᠰᠡᠳᠬᠢᠯ ᠤᠨ ᠬᠠᠨᠳᠤᠰᠢ᠂ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠳᠡᠭᠡᠷ᠎ᠡ᠂ ᠪᠢᠳᠠ ᠰᠢᠨ᠎ᠡ ᠴᠠᠭ ᠦᠶ᠎ᠡ ᠶᠢᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠭᠦᠨᠵᠡᠭᠡᠢ ᠡᠵᠡᠮᠳᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠤ ᠡᠷᠡᠰ ᠪᠠᠲᠤ ᠵᠣᠷᠢᠭ ᠪᠣᠯᠣᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃                        
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号