ᠨᠠᠷᠠᠨ᠎ᠠ᠂ ᠡᠷᠳᠡᠨᠢᠬᠦᠦ | ᠸᠠᠩ ᠨᠠᠷᠠᠨ ᠲᠥᠯᠥᠭᠡᠯᠡᠭᠴᠢ᠄ | ᠬᠠᠯᠠᠭᠤᠨ ᠰᠡᠳᠬᠢᠯ ᠢᠶᠠᠷ ᠤᠯᠠᠠ ᠲᠦᠮᠡᠨ ᠤ ᠡᠷᠡᠭᠦᠯ ᠮᠡᠨᠳᠦ ᠶᠢ ᠬᠠᠮᠠᠭᠠᠯᠠᠵᠤ ᠶᠠᠪᠤᠨ᠎ᠠ | | | 2004 ᠣᠨ ᠳᠤ ᠸᠠᠩ ᠨᠠᠷᠠᠨ ᠠᠵᠢᠯ ᠳᠤ ᠭᠠᠷᠤᠭᠰᠠᠨ ᠠᠴᠠ ᠨᠠᠭᠠᠰᠢ᠂ ᠤᠷᠢᠳ ᠬᠤᠵᠢᠳ ᠠᠯᠠᠱᠠ | ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠮᠡᠰᠡ ᠵᠠᠰᠠᠯ ᠤᠨ ᠮᠢᠨᠴᠦᠭᠦᠷᠡᠭᠦᠯᠬᠦ ᠰᠠᠯᠠᠭ᠎ᠠ᠂ ᠶᠡᠷᠦᠩᠬᠡᠶᠢᠯᠡᠭᠰᠡᠨ | ᠭᠠᠳᠠᠷ ᠰᠠᠯᠠᠭᠠᠨ ᠤ ᠰᠤᠪᠢᠯᠠᠯᠲᠠ ᠶᠢᠨ ᠬᠡᠯᠲᠡᠰ ᠲᠤ ᠠᠵᠢᠯᠯᠠᠵᠠᠢ᠃ 2021 ᠣᠨ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠠᠵᠢᠯᠲᠠᠨ | ᠪᠣᠯᠤᠭᠰᠠᠨ ᠤ ᠬᠤᠪᠢ ᠳᠤ᠂ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ | ᠤᠷᠢᠳᠴᠢᠯᠠᠨ ᠰᠡᠷᠭᠡᠶᠢᠯᠡᠬᠦ ᠬᠠᠮᠵᠢᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ᠂ ᠤᠯᠠᠨ ᠲᠡᠰ ᠳᠠᠪᠬᠤᠷᠭ᠎ᠠ᠂ | ᠤᠯᠠᠨ ᠲᠤᠰᠬᠠᠢ ᠮᠡᠷᠭᠡᠵᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ | ᠪᠠᠶᠢᠭᠤᠯᠬᠤ ᠨᠢ ᠪᠣᠳᠠᠲᠠᠢ ᠬᠡᠷᠡᠭᠴᠡᠭᠡ ᠱᠠᠭᠠᠷᠳᠠᠯᠭ᠎ᠠ ᠮᠥᠨ ᠭᠡᠳᠡᠭ ᠢ ᠲᠡᠷᠡᠪᠡᠷ ᠭᠦᠨᠵᠡᠭᠡᠢ ᠣᠶᠢᠯᠠᠭᠠᠵᠤ ᠪᠠᠶᠢᠪᠠ᠃ | ᠲᠡᠶᠢᠨᠬᠦ ᠤᠯᠠᠨ ᠲᠦᠮᠡᠨ ᠤ ᠡᠪᠡᠳᠴᠢᠨ ᠦᠵᠡᠭᠦᠯᠭᠦ ᠳᠤ ᠤᠯᠠᠮ ᠳᠦᠭᠦᠮ ᠢ ᠠᠪᠴᠢᠷᠠᠬᠤ ᠨᠢ ᠲᠡᠭᠦᠨ ᠤ ᠨᠠᠮ ᠤᠨ | ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠤᠭ ᠶᠡᠭᠡ ᠬᠦᠰᠡᠯ ᠡᠷᠡᠮᠡᠯᠵᠡᠯ ᠪᠣᠯᠤᠭᠰᠠᠨ | ᠪᠠᠶᠢᠯ᠎ᠠ᠃ | 12 ᠰᠠᠷ᠎ᠠ ᠶᠢᠨ 6 ᠤ ᠡᠳᠦᠷ᠂ ᠸᠠᠩ ᠨᠠᠷᠠᠨ ᠡᠮᠦᠨ᠎ᠡ ᠡᠳᠦᠷ ᠤᠨ ᠰᠦᠯᠵᠢᠶᠡᠨ ᠳᠡᠭᠡᠷᠡᠬᠢ | ᠰᠤᠪᠢᠯᠠᠯᠲᠠ ᠶᠢᠨ ᠦᠢᠯᠡᠴᠢᠯᠡᠭᠡᠨ ᠤ ᠵᠠᠬᠢᠶᠠᠯᠠᠭ᠎ᠠ ᠶᠢᠨ ᠬᠠᠭᠤᠳᠠᠰᠤ ᠶᠢ ᠦᠨᠳᠦᠰᠦᠯᠡᠨ᠂ ᠬᠠᠮᠲᠤ ᠠᠵᠢᠯᠯᠠᠭᠰᠠᠳ ᠲᠠᠢ | ᠪᠠᠨ ᠡᠪᠡᠳᠴᠢᠲᠡᠨ ᠵᠠᠩ ᠶᠢᠨ ᠴᠧᠩ ᠨᠠᠰᠤᠲᠠᠨ ᠤ ᠭᠡᠷ ᠲᠤ ᠬᠦᠷᠴᠦ ᠨᠠᠮᠵᠢᠭᠤᠨ ᠰᠤᠳᠠᠯ ᠢᠶᠠᠷ ᠴᠢᠰᠤ ᠠᠪᠬᠤ | ᠦᠢᠯᠡᠴᠢᠯᠡᠭᠡ ᠬᠢᠪᠡ᠃ ᠮᠡᠳᠡᠭᠡ ᠵᠠᠩᠭᠢ ᠶᠢ ᠳᠠᠩᠰᠠᠯᠠᠬᠤ᠂ ᠦᠢᠯᠡᠴᠢᠯᠡᠭᠡᠨ ᠤ ᠠᠭᠤᠯᠭ᠎ᠠ ᠶᠢ ᠬᠠᠷᠭᠤᠭᠤᠯᠬᠤ᠂ | ᠡᠪᠡᠳᠴᠢᠨ ᠤ ᠪᠠᠶᠢᠳᠠᠯ ᠢ ᠯᠠᠪᠯᠠᠨ ᠠᠰᠠᠭᠤᠬᠤ᠂ ᠠᠷᠢᠭᠤᠳᠬᠠᠵᠤ ᠴᠢᠰᠤ ᠠᠪᠬᠤ ᠵᠡᠷᠭᠡ ᠣᠯᠠᠨ ᠶᠠᠪᠤᠴᠠ ᠪᠠᠷ | ᠳᠡᠮᠵᠢᠨ᠂ ᠲᠤᠬᠠᠢ ᠶᠢᠨ ᠡᠳᠦᠷ ᠤᠨ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢ | ᠭᠦᠢᠴᠡᠳᠬᠡᠵᠡᠢ᠃ ᠵᠠᠩ ᠶᠢᠨ ᠴᠧᠩ ᠨᠠᠰᠤᠲᠠᠨ ᠨᠠᠰᠤ ᠠᠬᠢᠭᠰᠠᠨ ᠪᠥᠭᠡᠳ ᠡᠪᠡᠳᠴᠢᠨ ᠡᠮᠭᠡᠭ ᠲᠤ ᠨᠡᠷᠪᠡᠭᠳᠡᠭᠡᠳ | ᠶᠠᠪᠤᠵᠤ ᠰᠠᠭᠤᠬᠤ ᠳᠤ ᠳᠥᠭᠦᠮ ᠦᠭᠡᠢ ᠪᠠᠶᠢᠭᠰᠠᠨ ᠠᠴᠠ ︽ᠭᠠᠷ ᠤᠲᠠᠰᠤ ᠪᠠᠷ ᠵᠠᠬᠢᠶᠠᠯᠠᠬᠤ︾ ᠪᠠᠷ ᠳᠠᠮᠵᠢᠨ᠂ | ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠦᠢᠯᠡᠴᠢᠯᠡᠭᠡ ᠶᠢ ᠭᠡᠷ ᠲᠡᠭᠡᠨ ᠭᠦᠷᠳᠡᠭᠦ ᠪᠣᠯᠵᠠᠢ᠃ | ᠵᠠᠩ ᠶᠢᠨ ᠴᠧᠩ᠄ ︽ᠡᠮᠨᠡᠯᠭᠡ ᠶᠢᠨ ᠬᠤᠷᠢᠶᠠᠨ ᠤ ᠡᠨᠡ ᠬᠦ ᠦᠢᠯᠡᠴᠢᠯᠡᠭᠡ ᠨᠢ ᠶᠠᠪᠤᠵᠤ ᠰᠠᠭᠤᠬᠤ ᠳᠤ ᠳᠥᠭᠦᠮ | ᠦᠭᠡᠢ ᠨᠠᠳᠠᠳᠤ ᠶᠡᠭᠡ ᠲᠥᠭᠦᠮ ᠢ ᠠᠪᠴᠢᠷᠠᠪᠠ︾ ᠭᠡᠵᠦ ᠪᠠᠶᠢᠯ᠎ᠠ᠃ | ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠡᠷ ᠪᠦᠯᠢ ᠶᠢᠨ ᠠᠰᠠᠷᠠᠨ ᠰᠤᠪᠢᠯᠠᠬᠤ | ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠸᠠᠩ ᠨᠠᠷᠠᠨ 62 ᠭᠤᠣᠯᠯᠠᠭᠴᠢ ᠰᠤᠪᠢᠯᠠᠭᠴᠢ ᠶᠢ | ᠰᠣᠩᠭᠤᠨ ︽ᠠᠯᠲᠠᠨ ᠮᠧᠳᠠᠯᠳᠤ ᠰᠤᠪᠢᠯᠠᠭᠴᠢ︾ ᠶᠢᠨ ᠪᠦᠯᠭᠦᠮ ᠢ ᠪᠦᠷᠢᠯᠳᠦᠭᠦᠯᠵᠦ᠂ ᠠᠯᠠᠱᠠ ᠠᠶᠢᠮᠠᠭ ᠤᠨ ︽ | ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢᠨ ᠲᠤᠷᠰᠢᠯᠲᠠ ᠶᠢᠨ ᠠᠵᠢᠯ ᠢ ᠰᠦᠪᠡᠭᠴᠢᠯᠡᠨ | ᠥᠷᠨᠢᠭᠦᠯᠵᠦ᠂ ᠰᠦᠯᠵᠢᠶᠡᠨ ᠳᠡᠭᠡᠷ᠎ᠡ ᠬᠠᠭᠤᠳᠠᠰᠤ ᠭᠥᠯᠢᠶᠡᠨ᠂ ︽ᠡᠪᠡᠳᠴᠢᠲᠡᠨ ᠢ ᠳᠤᠲᠠᠭᠤ ᠭᠦᠶᠦᠯᠭᠡᠬᠦ᠂ | ᠰᠤᠪᠢᠯᠠᠯᠲᠠ ᠶᠢ ᠭᠡᠷ ᠲᠤᠨᠢ ᠬᠦᠷᠭᠡᠬᠦ︾ ᠶᠢ ᠪᠡᠶᠡᠯᠡᠭᠦᠯᠵᠦ ᠪᠠᠶᠢᠨ᠎ᠠ᠃ 11 ᠰᠠᠷ᠎ᠠ ᠶᠢᠨ ᠰᠡᠭᠦᠯᠴᠢ ᠪᠤᠯᠲᠠᠯ᠎ᠠ᠂ | ᠸᠠᠩ ᠨᠠᠷᠠᠨ ᠪᠦᠯᠭᠦᠮ ᠲᠠᠢ ᠪᠠᠨ 302 ᠬᠥᠮᠥᠨ ᠤᠳᠠᠭ᠎ᠠ ᠶᠢᠨ ᠬᠠᠭᠤᠳᠠᠰᠤ ᠶᠢ ᠭᠥᠯᠢᠶᠡᠨ ᠠᠪᠴᠤ᠂ 3 ᠬᠡᠮᠡᠷᠯᠢᠭ | ᠲᠤᠭ ᠢ ᠬᠦᠷᠲᠡᠵᠦ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ | ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠬᠠᠨᠤᠮᠵᠢ ᠶᠢᠨ ᠲᠤᠬᠠᠢ ᠸᠠᠩ ᠨᠠᠷᠠᠨ ︽ᠡᠭᠦᠳᠡᠨ | ᠡᠮᠨᠡᠯᠭᠡ ᠶᠢᠨ ᠦᠢᠯᠡᠴᠢᠯᠡᠭᠡᠨ ᠤ ᠲᠠᠪᠴᠠᠩ ᠡᠷᠬᠡᠪᠰᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ | ᠴᠢᠩᠭᠠᠳᠬᠠᠵᠤ᠂ ᠡᠪᠡᠳᠴᠢᠲᠡᠨ ᠢ ᠲᠥᠷᠥᠯ ᠰᠠᠳᠤᠨ ᠢᠶᠠᠨ ᠪᠤᠯᠭᠠᠵᠤ᠂ ᠰᠡᠳᠬᠢᠴᠡ ᠠᠴᠠ ᠪᠡᠶ᠎ᠡ ᠮᠠᠬᠠᠪᠤᠳ | ᠭᠦᠷᠲᠡᠯ᠎ᠡ ᠬᠠᠯᠠᠭᠤᠨ ᠳᠤᠯᠠᠭᠠᠨ᠂ ᠲᠠᠭᠠᠯᠠᠮᠵᠢᠲᠠᠢ᠂ ᠪᠦᠷᠢᠨ ᠭᠦᠢᠴᠡᠳ ᠬᠥᠮᠥᠡᠯᠢᠭ ᠦᠢᠯᠡᠴᠢᠯᠡᠭᠡ ᠬᠠᠩᠭᠠᠬᠤ | ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠡᠭᠦᠳᠡᠨ ᠡᠮᠨᠡᠯᠭᠡ ᠶᠢᠨ ᠶᠡᠭᠡ ᠲᠢᠩᠬᠢᠮ ᠳᠤ ᠡᠮᠴᠢᠯᠡᠭᠡᠨ ᠤ | ᠵᠢᠯᠣᠭᠤᠳᠤᠮᠵᠢ ᠶᠢᠨ ᠯᠠᠪᠯᠠᠯᠲᠠ ᠶᠢᠨ ᠲᠠᠪᠴᠠᠩ ᠭᠠᠷᠭᠠᠵᠤ᠂ ᠡᠳᠦᠷ ᠪᠦᠷᠢ ᠡᠮᠴᠢᠯᠡᠭᠡᠨ ᠤ ᠵᠢᠯᠣᠭᠤᠳᠤᠮᠵᠢ ᠶᠢᠨ | ᠬᠥᠮᠥᠰ ᠢ ᠶᠡᠭᠡ ᠲᠢᠩᠬᠢᠮ ᠳᠤ ᠲᠣᠭᠤᠷᠢᠨ ᠪᠠᠶᠢᠴᠠᠭᠠᠯᠭᠠᠵᠤ᠂ ᠡᠪᠡᠳᠴᠢᠲᠡᠨ ᠤ ᠮᠠᠳᠠᠭ ᠲᠠᠢ ᠠᠰᠠᠭᠤᠳᠠᠯ ᠢ ᠴᠠᠭ | ᠲᠤᠬᠠᠢ ᠳᠤᠨᠢ ᠲᠠᠶᠢᠯᠪᠤᠷᠢᠯᠠᠨ ᠥᠭᠴᠦ᠂ ᠡᠪᠡᠳᠴᠢᠲᠡᠨ ᠳᠤ ᠬᠠᠪᠰᠤᠷᠤᠠ ᠭᠠᠷ ᠭᠦᠢᠴᠡᠳᠬᠡᠯ ᠢ ᠨᠢ ᠬᠢᠵᠦ ᠥᠭᠬᠦ᠂ | ᠬᠥᠭᠰᠢᠨ ᠪᠠᠭᠤᠷᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠪᠥᠭᠡᠳ ᠭᠠᠭᠴᠠᠭᠠᠷ ᠪᠠᠶᠢᠬᠤ ᠡᠪᠡᠳᠴᠢᠲᠡᠨ ᠳᠤ | ᠬᠠᠪᠰᠤᠷᠤᠯᠭ᠎ᠠ ᠦᠵᠡᠭᠦᠯᠭᠦ᠂ ᠡᠮᠴᠢᠯᠡᠭᠡᠨ ᠳᠤᠨᠢ ᠬᠠᠨᠢ ᠪᠤᠯᠬᠤ ᠵᠡᠷᠭᠡ ᠦᠢᠯᠡᠴᠢᠯᠡᠭᠡ ᠬᠠᠩᠭᠠᠬᠤ ᠶᠢ ᠴᠢᠬᠤᠯᠠᠴᠢᠯᠠᠨ | ᠠᠳᠬᠤᠵᠠᠢ᠃ | |