ᠤᠯᠠᠨ ᠲᠦᠮᠡᠨ ᠤ ᠠᠰᠢᠭ ᠲᠤᠰᠠ ᠪᠣᠯ ᠠᠯᠢᠪᠠ ᠠᠴᠠ ᠡᠷᠬᠢᠮ ᠶᠤᠮ
ᠨᠡᠶᠢᠲᠡᠯᠡᠭᠰᠡᠨ ᠴᠠᠭ᠄
2025/3/28
          ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠪᠠ᠂ ᠲᠥᠯᠥᠭᠡᠯᠡᠭᠴᠢ ᠪᠣᠯᠤᠭᠰᠠᠨ ᠤ ᠬᠤᠪᠢ ᠳᠤ ᠠᠷᠠᠳ ᠲᠦᠮᠡᠨ ᠤ ᠲᠥᠯᠥᠭᠡ ᠵᠢᠳᠬᠦᠬᠦ ᠶᠣᠰᠣᠲᠠᠢ᠂ ᠤᠯᠠᠨ ᠲᠦᠮᠡᠨ ᠤ ᠠᠰᠢᠭ ᠲᠤᠰᠠ ᠪᠣᠯ ᠠᠯᠢᠪᠠ ᠠᠴᠠ ᠡᠷᠬᠢᠮ ᠶᠤᠮ︾᠃ ᠡᠨᠡ ᠪᠣᠯ ᠠᠯᠠᠱᠠ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠷᠠᠭᠤᠨ ᠪᠡᠯ ᠪᠠᠯᠭᠠᠰᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂  ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠲᠤᠮᠦ᠋ᠩᠬᠡ ᠶᠢᠨ ᠣᠯᠠᠨ ᠲᠦᠮᠡᠨ ᠳᠤ ᠬᠢᠭᠰᠡᠨ ᠠᠮᠠᠯᠠᠯᠲᠠ ᠪᠣᠯᠣᠨ᠎ᠠ᠃ ᠡᠨᠡ ᠬᠦ ᠠᠮᠠᠯᠠᠯᠲᠠ ᠶᠢᠨ ᠲᠥᠯᠥᠭᠡ᠂ ᠲᠡᠷᠡ ᠢᠮᠠᠭᠲᠠ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠲᠥᠯᠥᠭᠡ ᠪᠣᠳᠣᠯᠬᠢᠯᠠᠨ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠨ᠂ ᠤᠯᠠᠨ ᠲᠦᠮᠡᠨ ᠤ ︽ᠭᠡᠷ ᠤᠨ ᠬᠥᠮᠥᠰ︾ ᠪᠣᠯᠵᠤ᠂ ᠤᠯᠠᠨ ᠲᠦᠮᠡᠨ ᠤ ᠣᠯᠵᠤ ᠠᠯᠳᠠᠬᠤ ᠳᠤ ᠬᠤᠯᠪᠣᠭᠳᠠᠬᠤ ︽ᠭᠡᠷ ᠤᠨ ᠶᠠᠪᠤᠳᠠᠯ︾  ᠢ ᠰᠠᠶᠢᠲᠤᠷ ᠰᠢᠢᠳᠪᠦᠷᠢᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠶᠠᠪᠤᠭᠰᠠᠨ ᠶᠤᠮ᠃          ᠲᠦᠷᠦᠭᠦᠬᠡᠨ ᠣᠷᠣᠭᠰᠠᠨ ᠴᠠᠰᠤᠨ ᠤ ᠳᠠᠷᠠᠭ᠎ᠠ ᠪᠠᠲᠤᠮᠦ᠋ᠩᠬᠡ ᠪᠠᠷᠠᠭᠤᠨ ᠪᠡᠯ ᠪᠠᠯᠭᠠᠰᠤᠨ ᠤ ᠭᠠᠩᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ᠯᠢᠦ ᠵᠢᠶᠠᠨ ᠬᠤᠸᠠ ᠲᠠᠢ ᠬᠠᠮᠲᠤ ᠣᠷᠣᠨ ᠰᠠᠭᠤᠴᠠ ᠶᠢᠨ ᠲᠣᠭᠤᠷᠢᠭ ᠪᠣᠯᠣᠨ ᠲᠡᠵᠢᠭᠡᠨ ᠦᠷᠡᠵᠢᠭᠦᠯᠬᠦ ᠲᠣᠭᠤᠷᠢᠭ ᠤᠨ ᠬᠤᠭᠤᠷᠣᠨᠳᠣᠭᠢ ᠰᠢᠨ᠎ᠡ ᠳᠡᠪᠢᠰᠦᠭᠰᠡᠨ ᠵᠠᠮ ᠤᠨ ᠪᠠᠶᠢᠳᠠᠯ ᠢ ᠪᠠᠶᠢᠴᠠᠭᠠᠨ ᠦᠵᠡᠪᠡ᠃ ᠡᠨᠡ ᠵᠠᠮ ᠢ ᠵᠠᠰᠠᠬᠤ ᠠᠴᠠ ᠡᠮᠦᠨ᠎ᠡ ᠴᠠᠰᠤ ᠪᠣᠷᠣᠭᠠᠨ ᠤ ᠳᠠᠷᠠᠭ᠎ᠠ ᠡᠭᠦᠪᠡᠷ ᠶᠠᠪᠤᠬᠤ ᠳᠤ ᠰᠢᠪᠠᠷ ᠪᠠᠯᠴᠢᠭ ᠲᠠᠢ ᠲᠤᠯᠠ ᠲᠤᠶᠢᠯ ᠤᠨ ᠳᠦᠭᠦᠮ ᠦᠭᠡᠢ ᠪᠠᠶᠢᠵᠠᠢ᠃ ᠪᠠᠲᠤᠮᠦ᠋ᠩᠬᠡ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠪᠤᠯᠬᠤ ᠠᠯᠠᠱᠠ ᠠᠶᠢᠮᠠᠭ ᠤᠨ ᠨᠠᠪᠴᠢᠨ ᠲᠠᠮᠠᠬᠢᠨ ᠤ ᠺᠤᠮᠫᠠᠨᠢ ᠲᠠᠢ ᠢᠳᠡᠪᠬᠢᠲᠡᠢ ᠬᠠᠷᠢᠴᠠᠨ᠂ 36000 ᠭᠠᠷᠤᠢ ᠲᠥᠭᠦᠷᠢᠭ ᠣᠯᠵᠤ᠂ ᠵᠠᠮ ᠤᠨ ᠰᠠᠭᠤᠷᠢ ᠶᠢ 60 ᠰᠠᠨᠲ᠋ᠢᠮᠧᠲᠷ ᠥᠨᠳᠥᠷᠵᠢᠭᠦᠯᠦᠨ ᠰᠢᠨ᠎ᠡ ᠬᠠᠶᠢᠷ ᠴᠢᠯᠠᠭᠤᠨ ᠵᠠᠮ ᠳᠡᠪᠢᠰᠦᠭᠡᠳ᠂ 17 ᠡᠷᠦᠭᠡ ᠰᠠᠭᠤᠭᠠᠯᠢ ᠠᠷᠠᠳ ᠤᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠵᠡᠢ᠃          ᠲᠦᠷᠭᠡᠨ ᠭᠠᠴᠠᠭᠠᠨ ᠤ 8 ᠡᠷᠦᠭᠡ ᠣᠯᠠᠨ ᠲᠦᠮᠡᠨ ᠤ ᠣᠷᠣᠰᠢᠨ ᠰᠠᠭᠤᠬᠤ ᠭᠠᠵᠠᠷ ᠤᠨ ᠪᠠᠶᠢᠴᠠ ᠥᠨᠳᠥᠷ ᠪᠣᠯᠬᠤᠷ ᠦᠷᠭᠦᠯᠵᠢ ᠵᠢᠯ ᠪᠦᠷᠢ ᠶᠢᠨ 6 ᠰᠠᠷ᠎ᠠ ᠠᠴᠠ 10 ᠰᠠᠷ᠎ᠠ ᠶᠢᠨ ᠬᠤᠭᠤᠷᠣᠨᠳᠤ ᠤᠰᠤ ᠬᠦᠷᠦᠯᠴᠡᠬᠦ ᠦᠭᠡᠢ ᠠᠰᠠᠭᠤᠳᠠᠯ ᠭᠠᠷᠳᠠᠭ᠃ ᠪᠠᠲᠤᠮᠦ᠋ᠩᠬᠡ ᠣᠯᠠᠨ ᠤᠳᠠᠭ᠎ᠠ ᠭᠠᠴᠠᠭ᠎ᠠ ᠯᠤᠭ᠎ᠠ ᠰᠢᠢᠳᠪᠦᠷᠢᠯᠡᠬᠦ ᠠᠷᠭ᠎ᠠ ᠶᠢ ᠵᠥᠪᠳᠡᠯᠴᠡᠵᠦ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠷᠢᠯᠴᠠᠨ᠂ ᠤᠰᠤᠨ ᠬᠤᠭᠤᠯᠠᠢ ᠶᠢ ᠰᠢᠨ᠎ᠡ ᠪᠠᠷ ᠳᠡᠪᠢᠰᠴᠦ᠂ ᠣᠯᠠᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃          2022 ᠣᠨ ᠤ 7 ᠰᠠᠷ᠎ᠠ ᠳᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ ᠱᠤᠭᠤᠮ ᠢ ᠡᠬᠢᠯᠡᠨ ᠪᠠᠶᠢᠭᠤᠯᠪᠠ᠃ ᠱᠠᠩᠬᠠᠢ ᠭᠠᠴᠠᠭᠠᠨ ᠤ ᠮᠠᠯᠴᠢᠨ ᠲᠠᠷᠢᠶᠠᠴᠢᠨ ᠤ ᠭᠠᠵᠠᠷ ᠰᠢᠷᠣᠢ ᠶᠢ ᠲᠠᠲᠠᠪᠤᠷᠢᠯᠠᠭᠰᠠᠨ ᠳᠤ ᠨᠥᠬᠦᠪᠦᠷᠢ ᠥᠭᠬᠦ᠂ ᠣᠷᠣᠨ ᠰᠠᠭᠤᠴᠠ ᠲᠥᠪᠬᠢᠨᠡᠭᠦᠯᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠠᠲᠤᠮᠦ᠋ᠩᠬᠡ ᠬᠠᠮᠲᠤ ᠠᠵᠢᠯᠯᠠᠭᠰᠠᠳ ᠲᠠᠢ ᠪᠠᠨ ᠣᠯᠠᠨ ᠲᠠᠯ᠎ᠠ ᠶᠢᠨ ᠬᠤᠷᠠᠯ ᠢ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠠᠯᠪᠠᠯᠠᠬᠤ᠂ ᠡᠷᠦᠭᠡ ᠳᠤ ᠣᠷᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2738.931 ᠮᠦ ᠭᠠᠵᠠᠷ ᠰᠢᠷᠣᠢ ᠲᠠᠲᠠᠪᠤᠷᠢᠯᠠᠬᠤ ᠶᠢ ᠵᠣᠬᠢᠴᠠᠭᠤᠯᠤᠨ ᠠᠬᠢᠭᠤᠯᠵᠤ᠂ 1000 ᠭᠠᠷᠤᠢ ᠲᠦᠮᠡᠨ ᠲᠥᠭᠦᠷᠢᠭ ᠤᠨ ᠨᠥᠬᠦᠪᠦᠷᠢ ᠮᠥᠩᠭᠦ ᠨᠥᠬᠦᠪᠦᠷᠢᠯᠡᠪᠡ᠃ ︽ᠡᠮᠦᠨᠡᠬᠢ ᠬᠤᠭᠤᠴᠠᠭᠠᠨ ᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠴᠠ ᠠᠪᠤᠭᠠᠳ ᠲᠤᠬᠠᠢ ᠶᠢᠨ ᠲᠠᠯᠠᠪᠤᠷ ᠲᠤ ᠵᠣᠬᠢᠴᠠᠭᠤᠯᠬᠤ ᠭᠦᠷᠲᠡᠯ᠎ᠡ᠂ ᠪᠢᠳᠡ ᠪᠠᠯᠭᠠᠰᠤᠨ ᠤ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠲᠡᠢ ᠳᠡᠮᠵᠢᠯᠭᠡ ᠶᠢ ᠣᠯᠵᠠᠢ᠃ ᠣᠳᠣᠬᠠᠨ ᠳᠤ᠂ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ ᠪᠠᠶᠢᠨ᠎ᠠ ᠭᠡᠵᠦ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ ᠱᠤᠭᠤᠮ ᠤᠨ ᠲᠦᠷᠦᠯ ᠵᠦᠢᠯ ᠤᠨ ᠬᠡᠯᠲᠡᠰ ᠤᠨ ᠨᠢᠭᠡᠳᠦᠭᠡᠷ ᠬᠤᠪᠢᠶᠠᠷᠢ ᠬᠡᠯᠲᠡᠰ ᠤᠨ ᠳᠡᠳ᠋ ᠱᠦᠵᠢ᠂ ᠳᠡᠳ᠋ ᠳᠠᠭᠠᠭᠠᠮᠠᠯ ᠰᠢᠦᠢ ᡁᠢ ᠴᠢᠶᠠᠩ ᠶᠠᠷᠢᠨ᠎ᠠ᠃          ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠪᠣᠯ ᠵᠠᠩᠭᠢᠯᠠᠭ᠎ᠠ ᠪᠣᠯᠣᠨ᠎ᠠ᠃ ᠪᠠᠲᠤᠮᠦ᠋ᠩᠬᠡ ᠰᠣᠩᠭᠤᠭᠤᠯᠢ ᠶᠢᠨ ᠠᠷᠠᠳ ᠬᠢᠭᠡᠳ ᠲᠥᠯᠥᠭᠡᠯᠡᠭᠴᠢ᠂ ᠲᠥᠯᠥᠭᠡᠯᠡᠭᠴᠢ ᠬᠢᠭᠡᠳ ᠵᠠᠰᠠᠭ ᠤᠨ ᠣᠷᠳᠣᠨ᠂ ᠵᠠᠰᠠᠭ ᠤᠨ ᠣᠷᠳᠣᠨ ᠬᠢᠭᠡᠳ ᠰᠣᠩᠭᠤᠭᠤᠯᠢ ᠶᠢᠨ ᠠᠷᠠᠳ ᠤᠨ ᠬᠤᠭᠤᠷᠣᠨᠳᠣᠭᠢ ᠰᠠᠶᠢᠨ ᠰᠠᠶᠢᠬᠠᠨ ᠬᠠᠷᠢᠯᠴᠠᠭ᠎ᠠ ᠶᠢ ᠪᠤᠶ ᠪᠣᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠬᠠᠢ ᠰᠡᠳᠦᠪᠲᠦ ᠪᠣᠯᠪᠠᠰᠤᠷᠠᠯ ᠰᠤᠷᠤᠯᠴᠠᠯᠭ᠎ᠠ᠂ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠵᠡᠷᠭᠡ ᠶᠢ ᠤᠯᠠᠨ ᠤᠳᠠᠭ᠎ᠠ ᠵᠣᠬᠢᠶᠠᠨ ᠪᠠᠶᠢᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠪᠦᠭᠦ ᠪᠠᠯᠭᠠᠰᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠴᠢᠷᠮᠠᠶᠢᠨ ᠠᠵᠢᠯᠯᠠᠵᠠᠢ᠃ ᠶᠡᠷᠦᠩᠬᠡᠢ ᠪᠡᠯᠡ ᠣᠷᠣᠭᠤᠯᠤᠯᠲᠠ ᠨᠢ 546 ᠲᠦᠮᠡᠨ ᠲᠥᠭᠦᠷᠢᠭ ᠤᠨ ᠱᠠᠩᠬᠠᠢ ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠪᠣᠯ ᠳᠠᠷᠤᠢ ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠦᠰᠡᠯ ᠡᠷᠡᠮᠡᠯᠵᠡᠯ ᠪᠣᠯᠣᠨ᠎ᠠ᠃ ᠣᠳᠣᠬᠠᠨ ᠳᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠦᠨᠳᠦᠰᠦᠨ ᠳᠡᠭᠡᠨ ᠳᠠᠭᠤᠰᠬᠠᠵᠤ᠂ ᠡᠨᠡ ᠵᠢᠯ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠪᠠᠶᠢᠨ᠎ᠠ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠴᠡᠭᠡᠵᠢᠯᠡᠵᠦ᠂ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠨ᠂ ᠤᠯᠠᠨ ᠲᠦᠮᠡᠨ ᠤ ᠰᠠᠨᠠᠯ ᠪᠠ ᠬᠡᠷᠡᠭᠴᠡᠭᠡ ᠶᠢ ᠢᠳᠡᠪᠬᠢᠲᠡᠢ ᠲᠤᠰᠬᠠᠵᠤ᠂ ᠤᠯᠠᠨ ᠲᠦᠮᠡᠨ ᠤ ᠲᠥᠯᠥᠭᠡ ᠦᠭᠡ ᠶᠠᠷᠢᠨ᠂ ᠤᠯᠠᠨ ᠲᠦᠮᠡᠨ ᠳᠤ ᠠᠰᠢᠭ ᠬᠦᠷᠲᠡᠭᠡᠵᠦ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ ᠥᠭᠭᠦᠨ᠎ᠡ︾ ᠭᠡᠵᠦ ᠪᠠᠲᠤᠮᠦ᠋ᠩᠬᠡ ᠦᠷᠭᠦᠯᠵᠢ ᠶᠠᠷᠢᠳᠠᠭ ᠶᠤᠮ᠃ ︵ᠰᠦᠡᠭ ᠶᠢᠨ ᠸᠧᠢ     ᠦᠢᠯᠡᠰ︶  
 
ᠢᠷᠡᠯᠲᠡ᠄ ᠠᠯᠠᠱᠠ ᠶᠢᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号