ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠵᠠᠩ ᠷᠦᠢ᠄ | | ᠰᠤᠷᠪᠤᠯᠵᠢᠯᠠᠬᠴᠢ ᠹᠧᠩ ᠰᠢᠤᠸᠠᠢ ᠢᠦᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠦᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠣᠶᠣᠯ ᠤᠨ | ᠦᠢᠯᠡᠴᠢᠯᠡᠭᠡ ᠪᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠬᠦ᠂ ᠰᠣᠶᠣᠯ | ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠵᠡᠷᠭᠡ | ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠰᠣᠶᠣᠯ ᠪᠠ ᠵᠢᠭᠤᠯᠴᠢᠯᠠᠯ ᠤᠨ | ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ | ᠦᠨᠳᠦᠰᠦᠨ ᠵᠢᠷᠤᠮᠯᠠᠯ ᠬᠠᠩᠭᠠᠵᠠᠢ᠃ ᠣᠶᠢᠷ᠎ᠠ ᠳᠤ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠶᠢ | ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠳᠤ ᠶᠠᠮᠠᠷᠰᠢᠤ ᠪᠣᠳᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠬᠤ ᠪᠤᠶ︖ | ᠵᠠᠩ ᠷᠦᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠨ᠂ ︽ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠠᠵᠢᠯ ᠤᠨ ᠲᠥᠰᠥᠯ︾ ᠢ ᠰᠤᠳᠤᠯᠤᠨ ᠲᠣᠭᠲᠠᠭᠠᠵᠤ᠂ 5 ᠲᠠᠯ᠎ᠠ᠂ 26 | ᠵᠦᠢᠯ ᠤᠨ ᠠᠵᠢᠯ ᠤᠨ ᠡᠭᠦᠷᠭᠡ ᠪᠠ 68 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠠ | ᠳᠠᠭᠠᠭᠠᠴᠢᠯᠠᠨ ᠬᠠᠷᠢᠯᠴᠠᠬᠤ ᠲᠢᠩᠬᠢᠮ ᠤᠨ ᠤᠳᠤᠷᠢᠳᠤᠯᠭ᠎ᠠ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠲᠣᠭᠲᠠᠴᠠ ᠶᠢ | ᠪᠠᠶᠢᠭᠤᠯᠵᠤ᠂ ᠰᠣᠶᠣᠯ ᠤᠨ ᠪᠠᠶᠢᠭᠤᠯᠤᠯ ᠪᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ | ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠣᠶᠣᠯ ᠤᠨ | ᠡᠯᠧᠮᠧᠨ᠋ᠲ᠂ ᠵᠢᠭᠤᠯᠴᠢᠯᠠᠯ ᠤᠨ ᠡᠬᠢ ᠪᠠᠶᠠᠯᠢᠭ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠢᠶᠠᠷ ᠡᠨᠧᠷᠭᠢ ᠣᠯᠭᠤᠬᠤ᠂ ᠳᠠᠮᠵᠢᠭᠤᠯᠭ᠎ᠠ ᠶᠢᠨ ᠦᠷ᠎ᠡ ᠪᠦᠲᠦᠮᠵᠢ ᠶᠢ | ᠲᠡᠭᠡᠭᠰᠢᠯᠡᠭᠦᠯᠭᠦ᠂ ᠴᠢᠳᠠᠪᠤᠷᠢᠲᠠᠨ ᠤ ᠲᠤᠯᠭᠠᠭᠤᠷᠢᠯᠠᠯ ᠬᠠᠷᠢᠯᠴᠠᠨ ᠨᠡᠪᠴᠢᠬᠦ ᠶᠢ ᠪᠡᠶᠡᠯᠡᠭᠦᠯᠵᠦ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠡᠵᠡᠩᠨᠡᠯᠲᠡ ᠶᠢᠨ ᠭᠡᠯᠪᠡᠷᠢ ᠶᠢ ᠲᠠᠰᠤᠷᠠᠯᠲᠠ ᠦᠭᠡᠢ ᠪᠤᠶ | ᠪᠤᠯᠭᠠᠵᠤ᠂ ᠠᠭᠤᠰᠤᠯᠴᠠᠨ ᠬᠥᠭᠵᠢᠬᠦ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠨ᠎ᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠡᠷᠬᠡ ᠶᠢᠨ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠬᠦ ᠪᠠ ᠪᠠᠶᠢᠭᠤᠯᠭ᠎ᠠ ᠶᠢᠨ ᠰᠤᠷᠲᠠᠯ ᠢ | ᠥᠭᠡᠷᠡᠴᠢᠯᠡᠬᠦ ᠶᠢ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠪᠠ᠃ ᠲᠡᠭᠡᠪᠡᠯ ᠰᠣᠶᠣᠯ ᠪᠠ ᠵᠢᠭᠤᠯᠴᠢᠯᠠᠯ ᠤᠨ | ᠲᠢᠩᠬᠢᠮ ᠳᠤ ᠶᠠᠮᠠᠷ ᠶᠠᠮᠠᠷ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠶᠢᠬᠤ ᠪᠤᠶ︖ | ᠵᠠᠩ ᠷᠦᠢ᠄ ᠲᠣᠭᠲᠠᠴᠠ ᠶᠢ ᠥᠭᠡᠷᠡᠴᠢᠯᠡᠬᠦ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠤᠷᠲᠠᠯ ᠢ ᠥᠭᠡᠷᠡᠴᠢᠯᠡᠬᠦ ᠪᠣᠯ | ᠥᠭᠡᠷᠡᠴᠢᠯᠡᠯᠲᠡ ᠶᠢ ᠰᠠᠶᠢᠲᠤᠷ ᠠᠳᠬᠤᠬᠤ ᠶᠢᠨ ᠴᠢᠬᠤᠯᠠ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠨ ᠴᠡᠭᠴᠡᠯᠡᠬᠦ᠂ ᠵᠢᠷᠤᠮᠵᠢᠭᠤᠯᠬᠤ᠂ ᠬᠤᠷᠳᠤᠴᠠ ᠶᠢ ᠲᠦᠷᠭᠡᠳᠬᠡᠬᠦ᠂ | ᠦᠷ᠎ᠡ ᠠᠰᠢᠭ ᠢ ᠨᠡᠮᠡᠭᠳᠡᠭᠦᠯᠬᠦ ᠲᠣᠭᠤᠷᠢᠨ ᠳᠤ᠂ ︽ᠤᠯᠠᠮ ᠨᠢᠭᠡ ᠠᠯᠬᠤᠮ ᠲᠣᠭᠲᠠᠴᠠ ᠶᠢ ᠥᠭᠡᠷᠡᠴᠢᠯᠡᠵᠦ ᠰᠤᠷᠲᠠᠯ | ᠢ ᠰᠠᠶᠢᠵᠢᠷᠠᠭᠤᠯᠬᠤ ᠠᠵᠢᠯ ᠤᠨ ᠲᠥᠰᠥᠯ︾ ᠢ ᠲᠣᠭᠲᠠᠭᠠᠪᠠ᠃ ᠲᠣᠭᠲᠠᠴᠠ ᠶᠢ ᠥᠭᠡᠷᠡᠴᠢᠯᠡᠬᠦ ᠲᠠᠯ᠎ᠠ ᠪᠠᠷ᠂ ︽ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠳᠣᠲᠣᠭᠠᠳᠤ ᠳᠠᠬᠢ ᠭᠦᠢᠴᠡᠳᠬᠡᠬᠦ ᠲᠠᠰ ᠳᠠᠷᠠᠭᠠᠯᠠᠯ ᠤᠨ ᠲᠣᠭᠲᠠᠭᠠᠯ︾ | ᠳᠤ ᠵᠠᠰᠠᠪᠤᠷᠢ ᠣᠷᠣᠭᠤᠯᠵᠤ᠂ ᠬᠢᠨᠠᠨ ᠵᠥᠪᠰᠢᠶᠡᠷᠡᠬᠦ ᠨᠠᠷᠢᠨ ᠲᠠᠩᠰᠠ ᠪᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠲᠡᠭᠦᠯᠳᠡᠷᠵᠢᠭᠦᠯᠪᠡ;︽ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠦᠨᠡᠮᠯᠡᠯ ᠤᠨ ᠲᠤᠰᠬᠠᠢ | ᠲᠠᠮᠠᠭ᠎ᠠ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠ ᠵᠢᠭᠤᠯᠴᠢᠯᠠᠯ ᠤᠨ ᠵᠠᠮᠴᠢᠯᠠᠭᠴᠢ ᠶᠢᠨ ᠦᠨᠡᠮᠯᠡᠯ ᠢ ᠬᠠᠷᠭᠤᠭᠤᠯᠤᠨ | ᠣᠯᠭᠤᠬᠤ ᠶᠢ 2025 ᠣᠨ ᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠳᠤ ᠤᠷᠤᠭᠤᠯᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠬᠢᠨᠠᠨ ᠵᠥᠪᠰᠢᠶᠡᠷᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠪᠡ;ᠠᠩᠬ᠎ᠠ ᠤᠳᠠᠭ᠎ᠠ ᠵᠥᠷᠢᠴᠡᠭᠰᠡᠨ ᠢ ᠲᠣᠷᠭᠠᠬᠤ ᠠᠴᠠ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠪᠠᠷ ᠳᠠᠮᠵᠢᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ ᠰᠠᠶᠢᠵᠢᠷᠠᠭᠤᠯᠵᠤ᠂ ᠡᠯ᠎ᠡ | ᠵᠦᠢᠯ ᠤᠨ ᠠᠵᠢᠯ ᠤᠨ ᠦᠷ᠎ᠡ ᠪᠦᠲᠦᠮᠵᠢ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠪᠡ᠃ ᠰᠤᠷᠲᠠᠯ ᠢ | ᠰᠠᠶᠢᠵᠢᠷᠠᠭᠤᠯᠬᠤ ᠲᠠᠯ᠎ᠠ ᠪᠠᠷ᠂ ᠠᠯᠪᠠᠨ ᠪᠢᠴᠢᠭ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ | ᠬᠤᠷᠠᠯ ᠤᠨ ᠬᠠᠮᠢᠶᠠᠷᠤᠯᠲᠠ ᠶᠢ ᠴᠢᠩᠳᠠᠯᠠᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠶᠢ | ᠵᠢᠷᠤᠮᠵᠢᠭᠤᠯᠬᠤ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠡᠳ᠋ | ᠬᠥᠷᠥᠩᠭᠡ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠠᠵᠢᠯ ᠢ ᠰᠠᠶᠢᠲᠤᠷ ᠠᠳᠬᠤᠬᠤ ᠵᠡᠷᠭᠡ 9 ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ | ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ | ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ ᠲᠤᠰᠬᠠᠢ ᠲᠦᠷᠤᠯ ᠤᠨ ᠪᠡᠯᠡ ᠮᠥᠩᠭᠦ ᠶᠢᠨ | ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠲᠤᠰᠬᠠᠢ ᠲᠦᠷᠤᠯ ᠤᠨ ᠡᠭᠦᠷᠭᠡ ᠶᠢᠨ ᠠᠮᠵᠢᠯᠲᠠ | ᠪᠦᠲᠦᠮᠵᠢ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠵᠤ ᠠᠬᠤᠶᠢᠯᠠᠯ ᠳᠤ | ᠬᠤᠯᠪᠣᠭᠳᠠᠭᠰᠠᠨ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠬᠦ ᠶᠢ ᠪᠠᠲᠤᠯᠠᠨ᠎ᠠ᠃ | ᠡᠳ᠋ ᠤᠨ ᠶᠠᠪᠤᠳᠠᠯ ᠤᠨ ᠳᠠᠩᠰᠠ ᠲᠠᠶᠢᠯᠬᠤ ᠶᠠᠪᠤᠴᠠ ᠶᠢ ᠳᠥᠭᠦᠮᠴᠢᠯᠡᠵᠦ᠂ ᠡᠳ᠋ ᠬᠥᠷᠥᠩᠭᠡ ᠶᠢ ᠰᠢᠢᠳᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠶᠠᠷ ᠳᠤᠷᠠᠰᠬᠠᠯ ᠤᠨ ᠠᠵᠢᠯᠯᠠᠭ᠎ᠠ ᠶᠢ ᠮᠡᠳᠡᠭᠦᠯᠦᠨ ᠳᠠᠩᠰᠠᠯᠠᠭᠤᠯᠵᠤ | ᠬᠢᠨᠠᠨ ᠵᠥᠪᠰᠢᠶᠡᠷᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠥᠪᠰᠢᠶᠡᠷᠡᠭᠦᠯᠦᠭᠡᠳᠦᠢ ᠪᠠᠷ ᠤᠷᠢᠳ ᠢᠶᠠᠷ ᠬᠢᠬᠦ᠂ | ᠵᠥᠪᠰᠢᠶᠡᠷᠡᠭᠦᠯᠦᠭᠡᠳᠦᠢ ᠪᠠᠷ ᠳᠤᠷ᠎ᠠ ᠪᠠᠷ ᠢᠶᠠᠨ ᠬᠢᠬᠦ ᠶᠢ ᠴᠢᠩᠭ᠎ᠠ ᠴᠠᠭᠠᠵᠠᠯᠠᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠬᠡᠷᠬᠢᠨ ᠥᠭᠡᠷᠡᠴᠢᠯᠡᠯᠲᠡ ᠶᠢᠨ ᠠᠵᠠ ᠲᠣᠭᠢᠶᠠᠯ ᠢ ᠠᠮᠵᠢᠵᠤ᠂ ᠰᠣᠶᠣᠯ ᠵᠢᠭᠤᠯᠴᠢᠯᠠᠯ ᠤᠨ | ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ | ᠪᠤᠶ︖ | ᠵᠠᠩ ᠷᠦᠢ᠄ ᠮᠠᠨ ᠤ ᠲᠢᠩᠬᠢᠮ ᠥᠭᠡᠷᠡᠴᠢᠯᠡᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠣᠶᠣᠯ ᠢᠶᠠᠷ | ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ︽ᠨᠢᠭᠡ ᠢᠵᠢ | ᠲᠥᠷᠥ ᠶᠢᠨ ᠪᠣᠳᠣᠯᠭ᠎ᠠ︾ ᠶᠢ ᠪᠦᠷᠢᠨᠰᠢᠭᠦᠯᠬᠦ᠂ ︽ᠬᠤᠶᠠᠷ ᠶᠡᠭᠡ ᠲᠦᠷᠦᠯ ᠲᠡᠮᠳᠡᠭ︾ ᠢ ᠠᠯᠳᠠᠷᠰᠢᠭᠤᠯᠬᠤ᠂ ︽ | ᠵᠢᠷᠭᠤᠭᠠᠨ ᠭᠤᠣᠯᠳᠠᠯᠭ᠎ᠠ︾ ᠶᠢ ᠴᠢᠩᠭᠠᠳᠬᠠᠬᠤ ᠪᠠᠷ ᠭᠠᠷᠳᠠᠴᠠ ᠪᠤᠯᠭᠠᠵᠤ᠂ ᠰᠣᠶᠣᠯ ᠪᠠ ᠵᠢᠭᠤᠯᠴᠢᠯᠠᠯ ᠤᠨ ᠨᠠᠩ | ᠥᠷᠭᠡᠨ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠂ ᠨᠠᠩ ᠥᠨᠳᠥᠷ ᠲᠦᠪᠰᠢᠨ ᠤ ᠠᠭᠤᠰᠤᠯᠴᠠᠯ ᠢ ᠠᠬᠢᠭᠤᠯᠪᠠ᠃ | ︽ᠨᠢᠭᠡ ᠢᠵᠢ ᠲᠦᠷᠦ ᠶᠢᠨ ᠪᠣᠳᠣᠯᠭ᠎ᠠ︾ ᠶᠢ ᠲᠡᠭᠦᠯᠳᠡᠷᠵᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠡᠮᠬᠢᠳᠬᠡᠯ︾ ᠢ ᠰᠢᠰᠲ᠋ᠧᠮ ᠲᠠᠢ ᠡᠮᠬᠢᠯᠡᠬᠦ ᠶᠢᠨ | ᠵᠡᠷᠭᠡ ᠪᠠᠷ ᠨᠠᠶᠢᠷᠠᠭᠤᠯᠤᠨ ᠵᠣᠬᠢᠶᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠭᠠᠵᠠᠷ | ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠡᠳ᠋ ᠤᠨ ᠵᠠᠰᠠᠭ ᠤᠨ ᠪᠠᠲᠤᠯᠠᠭ᠎ᠠ᠂ ᠲᠥᠬᠦᠭᠡᠷᠦᠮᠵᠢ ᠶᠢᠨ ᠰᠢᠨᠡᠴᠢᠯᠡᠯᠲᠡ ᠵᠡᠷᠭᠡ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠰᠤᠳᠤᠯᠤᠨ | ᠰᠤᠷᠤᠯᠴᠠᠬᠤ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠢ ᠮᠠᠭᠠᠳᠯᠠᠨ ᠲᠣᠭᠲᠠᠭᠠᠬᠤ ᠵᠡᠷᠭᠡ 9 ᠠᠵᠢᠯ | ᠲᠥᠷᠥᠯ ᠤᠨ ᠪᠠᠷᠢᠮᠵᠢᠶ᠎ᠠ ᠶᠢ ᠲᠣᠭᠲᠠᠭᠠᠪᠠ᠃ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠳᠦᠷᠢᠮ ᠢ | ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠤᠨ ᠵᠢᠯ ᠤᠨ ᠠᠵᠢᠯᠯᠠᠭᠠᠨ ︵ | 2025 ᠣᠨ - 2030 ᠣᠨ︶ ᠤ ᠲᠥᠰᠥᠯ ᠢ ᠲᠣᠭᠲᠠᠭᠠᠪᠠ᠃ ︽ᠬᠤᠶᠠᠷ ᠶᠡᠭᠡ ᠲᠦᠷᠦᠯ ᠲᠡᠮᠳᠡᠭ︾ ᠢ | ᠠᠯᠳᠠᠷᠰᠢᠭᠤᠯᠪᠠ᠃ ᠨᠢᠭᠡ ᠨᠢ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ᠂ ᠤᠯᠤᠰ ᠤᠨ ᠥᠮᠴᠢᠯᠡᠯ ᠤᠨ | ᠤᠷᠠᠨ ᠰᠠᠶᠢᠬᠠᠨ ᠤ ᠬᠦᠷᠢᠶᠡᠯᠡᠩ ᠪᠦᠯᠭᠦᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ | ᠠᠬᠤᠢ ᠶᠢᠨ ᠦᠷ᠎ᠡ ᠠᠰᠢᠭ᠂ ᠰᠣᠶᠣᠯ ᠤᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠣᠯᠠᠨ ᠣᠯᠬᠤ ᠶᠢ | ᠪᠡᠶᠡᠯᠡᠭᠦᠯᠦᠨ᠎ᠡ᠃ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠢ ᠬᠤᠪᠢᠶᠠᠷᠢ | ᠣᠷᠳᠣᠨ ᠤ ᠳᠦᠷᠢᠮ ᠤᠨ ᠪᠠᠶᠢᠭᠤᠯᠤᠯᠲᠠ ᠶᠢ ᠳᠡᠮᠵᠢᠵᠦ᠂ ︽ᠳᠥᠷᠪᠡᠨ ᠤᠯᠠᠷᠢᠯ︾ ᠤᠨ ᠲᠣᠰᠬᠤᠨ ᠤ | ᠦᠳᠡᠰᠢᠯᠡᠭᠡ᠂ ︽ᠤᠮᠠᠷᠠᠲᠤ ᠬᠢᠯᠢ ᠶᠢᠨ ᠳᠠᠭᠤᠷᠢᠰᠤᠯ︾᠂ ︽ᠤᠮᠠᠷᠠᠲᠤ ᠬᠢᠯᠢ ᠶᠢᠨ ᠤᠩᠰᠢᠯᠭ᠎ᠠ︾ ᠵᠡᠷᠭᠡ ᠣᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠤᠯᠠᠭᠠᠨᠮᠥ᠋ᠴᠢᠷ ᠤᠨ ᠬᠢᠯᠢ ᠬᠢᠵᠠᠭᠠᠷ ᠣᠷᠣᠨ ᠢᠶᠠᠷ ᠶᠠᠪᠤᠬᠤ ᠦᠨᠳᠦᠰᠦᠨ ᠱᠠᠲᠤᠨ ᠳᠤ ᠪᠠᠭᠤᠬᠤ ᠵᠡᠷᠭᠡ | ᠦᠢᠯᠡᠴᠢᠯᠡᠭᠡᠨ ᠤ ᠠᠵᠢᠯᠯᠠᠭ᠎ᠠ ᠶᠢ 1.14 ᠲᠦᠮᠡᠨ ᠤᠳᠠᠭ᠎ᠠ ᠥᠷᠨᠢᠭᠦᠯᠵᠦ᠂ ᠪᠡᠭᠡᠵᠢᠩ ᠳᠤ 150 ᠭᠠᠷᠤᠢ ᠤᠳᠠᠭ᠎ᠠ | ᠲᠣᠬᠯᠠᠯᠲᠠ ᠭᠠᠷᠭᠠᠪᠠ᠃ ᠨᠥᠭᠦᠭᠡ ᠨᠢ ︽ᠥᠪᠥᠷ ᠮᠣᠩᠭᠤᠯ ᠢᠶᠠᠨ ᠮᠠᠭᠲᠠᠨ ᠳᠠᠭᠤᠯᠠᠬᠤ︾ ᠲᠦᠷᠦᠯ ᠲᠡᠮᠳᠡᠭ | ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ ᠢ ᠨᠡᠶᠢᠲᠡᠯᠡᠵᠦ᠂ ᠭᠦᠭᠡᠬᠤᠲᠠ᠂ ᠬᠥᠯᠥᠨ ᠪᠤᠶᠢᠷ | ᠵᠡᠷᠭᠡ ᠭᠠᠵᠠᠷ ᠲᠤ ᠡ᠊ᠩ ᠲᠡᠷᠢᠭᠦᠨ ᠳᠤ ᠠᠯᠬᠤᠮ ᠠᠯᠬᠤᠮ ᠢᠶᠠᠷ ᠥᠷᠨᠢᠭᠦᠯᠵᠦ᠂ ᠰᠣᠶᠣᠯ ᠤᠨ ᠲᠠᠯᠠᠪᠠᠶ ᠣᠷᠳᠣᠨ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠵᠡᠷᠭᠡ ᠲᠠᠯᠠᠪᠤᠷ ᠲᠤ ᠪᠦᠭᠦ ᠲᠠᠯ᠎ᠠ ᠪᠠᠷ | ᠠᠭᠤᠰᠤᠯᠴᠠᠵᠤ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ᠂ ᠠᠷᠠᠳ ᠲᠤ ᠠᠰᠢᠭ ᠬᠦᠷᠲᠡᠭᠡᠬᠦ ᠲᠣᠬᠯᠠᠯᠲᠠ ᠪᠠ | ᠪᠡᠶ᠎ᠡ ᠶᠢᠨ ᠲᠠᠮᠢᠷ ᠤᠨ ᠤᠷᠤᠯᠳᠤᠭᠠᠨ ᠳᠤ ᠠᠭᠤᠰᠤᠯᠴᠠᠭᠤᠯᠤᠨ᠎ᠠ᠃ ︽ᠵᠢᠷᠭᠤᠭᠠᠨ ᠭᠤᠣᠯᠳᠠᠯᠭ᠎ᠠ︾ ᠶᠢ | ᠴᠢᠩᠭᠠᠳᠬᠠᠪᠠ᠄ ᠨᠢᠭᠡ ᠳᠤ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠪᠠ᠃ ᠰᠢᠨ᠎ᠡ ᠴᠠᠭ ᠦᠶ᠎ᠡ ᠶᠢᠨ | ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠢᠷᠢᠰ ᠢᠨᠵᠧᠨᠧᠷᠢᠩ ᠢ ᠬᠡᠷᠡᠭᠵᠢᠭᠦᠯᠵᠦ᠂ ︽ᠭᠦᠨᠵᠡᠭᠡᠢ ᠪᠡᠶᠡᠴᠢᠯᠡᠨ | ᠣᠶᠢᠯᠠᠭᠠᠬᠤ ᠮᠠᠶ᠋ᠢᠭ︾ ᠤᠨ ᠲᠣᠬᠯᠠᠯᠲᠠ ᠪᠠ ᠪᠣᠳᠠᠲᠤ ᠦᠵᠡᠭᠳᠡᠯᠲᠦ ᠵᠦᠴᠦᠭᠡ ᠶᠢᠨ ᠵᠣᠬᠢᠶᠠᠨ ᠪᠦᠲᠦᠭᠡᠯᠭᠡ ᠶᠢ | ᠬᠥᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ︽ᠰᠣᠶᠣᠯ ᠤᠨ ᠥᠷᠲᠡᠭᠡ︾ ᠶᠢ ᠰᠢᠨ᠎ᠡ ᠶᠢ ᠡᠭᠦᠳᠦᠨ ᠥᠷᠭᠡᠳᠬᠡᠪᠡ᠃ ᠪᠣᠳᠠᠰ ᠤᠨ ᠪᠤᠰᠤ | ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠵᠤ᠂ ︽ | ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠪᠠᠶᠠᠷ︾ ᠵᠡᠷᠭᠡ ᠰᠣᠶᠣᠯ ᠤᠨ ᠨᠠᠶᠢᠷ ᠢ ᠡᠷᠭᠢᠯᠡᠪᠡ᠃ | ᠬᠤᠶᠠᠷ ᠲᠤ᠂ ᠥᠪ ᠬᠥᠷᠥᠩᠭᠡ ᠶᠢᠨ ᠬᠠᠮᠠᠭᠠᠯᠠᠯᠲᠠ ᠶᠢ ᠴᠢᠩᠭᠠᠳᠬᠠᠪᠠ᠃ ᠨᠢᠭᠡ ᠪᠦᠯᠦᠭ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ | ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠤᠩ ᠱᠠᠨ ᠰᠣᠶᠣᠯ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ | ᠵᠡᠷᠭᠡ ᠶᠢ ᠰᠤᠳᠤᠯᠤᠨ ᠲᠠᠶᠢᠯᠪᠤᠷᠢᠯᠠᠬᠤ ᠶᠢ ᠴᠢᠩᠭᠠᠳᠬᠠᠪᠠ᠃ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ | ᠬᠠᠶᠢᠨ ᠰᠢᠨᠵᠢᠯᠡᠬᠦ︾᠂ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠲᠥᠷᠥᠯ ᠵᠦᠢᠯ ᠢ | ᠥᠷᠨᠢᠭᠦᠯᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢᠶᠠᠷ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ | ᠨᠢᠭᠡ ᠴᠣᠭᠴᠠᠵᠢᠭᠰᠠᠨ ᠲᠡᠦᠬᠡᠨ ᠠᠬᠢᠴᠠ ᠶᠢ ᠭᠡᠷᠡᠴᠢᠯᠡᠪᠡ᠃ ᠭᠠᠵᠠᠷ ᠳᠡᠭᠡᠷᠡᠬᠢ ᠲᠡᠦᠬᠡ ᠶᠢᠨ ᠳᠤᠷᠠᠰᠬᠠᠯᠲᠤ | ᠵᠦᠢᠯᠡᠰ ᠢ ︽ᠤᠷᠢᠳᠠᠪᠠᠷ ᠪᠠᠶᠢᠴᠠᠭᠠᠵᠤ᠂ ᠳᠠᠷᠠᠭ᠎ᠠ ᠨᠢ ᠪᠦᠲᠦᠭᠡᠨ ᠪᠠᠶᠢᠭᠤᠯᠬᠤ︾᠂ ᠭᠠᠵᠠᠷ ᠳᠣᠣᠷᠠᠬᠢ ᠲᠡᠦᠬᠡ ᠶᠢᠨ | ᠳᠤᠷᠠᠰᠬᠠᠯᠲᠤ ᠵᠦᠢᠯᠡᠰ ᠢ ︽ᠤᠷᠢᠳ ᠢᠶᠠᠷ ᠬᠠᠭᠤᠴᠢ ᠰᠤᠳᠤᠯᠤᠯ ᠬᠢᠵᠦ᠂ ᠳᠠᠷᠠᠭ᠎ᠠ ᠨᠢ ᠡᠷᠬᠡ ᠶᠢ ᠰᠢᠯᠵᠢᠭᠦᠯᠦᠨ | ᠥᠭᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠬᠤ᠂ | ᠪᠠᠶᠢᠭᠤᠯᠬᠤ ᠶᠢᠨ ᠳᠠᠭᠠᠤ ᠵᠥᠪᠰᠢᠶᠡᠷᠡᠬᠦ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠭᠤᠷᠪᠠ ᠳᠤ᠂ ᠦᠢᠯᠡᠳᠬᠦᠨ ᠤ | ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠪᠠ᠃ ᠵᠡᠭᠦᠨ ᠳᠤᠮᠳᠠ ᠪᠠᠷᠠᠭᠤᠨ ᠬᠡᠰᠡᠭ ᠤᠨ ᠭᠡᠯᠪᠡᠷᠢ ᠪᠠᠶᠢᠳᠠᠯ ᠣᠯᠠᠨ | ᠡᠰᠢᠵᠢᠭᠰᠡᠨ᠂ ᠪᠦᠲᠦᠭᠡᠭᠳᠡᠬᠦᠨ ᠡᠯᠪᠡᠭ ᠪᠠᠶᠠᠯᠢᠭ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠢ | ᠠᠭᠤᠳᠠᠯᠵᠤ᠂ ᠥᠪᠡᠷ ᠲᠡᠭᠡᠨ ᠲᠡᠷᠭᠡ ᠵᠢᠯᠤᠭᠤᠳᠬᠤ 10 ᠵᠤᠷᠪᠤᠰ ᠰᠣᠳᠣᠨ ᠵᠠᠮ ᠱᠤᠭᠤᠮ ᠢ ᠭᠠᠷᠭᠠᠵᠤ᠂ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠵᠡᠷᠭᠡ ᠲᠥᠷᠥᠯ ᠲᠡᠮᠳᠡᠭᠲᠦ ᠵᠢᠭᠤᠯᠴᠢᠯᠠᠯ ᠤᠨ ᠠᠵᠢᠯᠯᠠᠭ᠎ᠠ ᠶᠢ | ᠡᠷᠭᠢᠯᠡᠵᠦ᠂ ᠬᠡᠪᠲᠡᠭᠡ ᠦᠬᠡᠷ ᠤᠨ ᠲᠣᠬᠤᠢ ᠶᠢᠨ ᠬᠠᠲᠤᠨ ᠭᠤᠣᠯ ᠤᠨ ᠶᠡᠭᠡ ᠬᠠᠪᠴᠢᠯ᠂ ᠤᠯᠠᠭᠠᠢ ᠶᠢᠨ ᠤᠯᠠᠨ | ᠲᠣᠬᠤᠢ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠰ ᠳᠡᠪᠰᠢᠬᠦ ᠶᠢ ᠲᠦᠷᠭᠡᠳᠬᠡᠨ ᠠᠭᠢᠭᠤᠯᠪᠡ; | ᠳᠥᠷᠪᠡᠨ ᠤᠯᠠᠷᠢᠯ ᠤᠨ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ 25 ᠵᠤᠷᠪᠤᠰ ᠣᠨᠴᠠᠯᠢᠭᠲᠤ ᠮᠥᠰᠥ | ᠴᠠᠰᠤᠨ ᠤ ᠵᠢᠭᠤᠯᠴᠢᠯᠠᠯ ᠤᠨ ᠱᠤᠭᠤᠮ᠂ ︽ᠡᠳᠦᠷ ᠪᠦᠷᠢ ᠨᠠᠶᠢᠷ ᠨᠠᠭᠠᠳᠤᠮ ᠡᠷᠭᠢᠯᠡᠭᠦ︾ ᠵᠡᠷᠭᠡ ᠡᠪᠦᠯ ᠤᠨ | ᠤᠯᠠᠷᠢᠯ ᠤᠨ ᠵᠢᠭᠤᠯᠴᠢᠯᠠᠯ ᠤᠨ ᠦᠢᠯᠡᠳᠬᠦᠨ ᠢ ᠭᠤᠣᠯᠳᠠᠯᠭ᠎ᠠ ᠲᠠᠢ ᠭᠠᠷᠭᠠᠵᠤ᠂ ᠥᠪᠥᠷ ᠮᠣᠩᠭᠤᠯ ᠤᠨ | ᠵᠢᠭᠤᠯᠴᠢᠯᠠᠯ ᠤᠨ ᠵᠢᠯ ᠤᠨ ᠳᠥᠷᠪᠡᠨ ᠤᠯᠠᠷᠢᠯ ᠢ ᠴᠥᠮ ᠬᠥᠭᠵᠢᠶᠡᠨ ᠲᠠᠢ ᠪᠣᠯᠭᠠᠪᠠ᠃ ᠳᠥᠷᠪᠡ ᠳᠤ᠂ ᠠᠵᠤ | ᠦᠢᠯᠡᠰ ᠤᠨ ᠪᠤᠶᠢᠵᠢᠯᠲᠠ ᠶᠢ ᠴᠢᠩᠭᠠᠳᠬᠠᠪᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠳᠡᠮᠵᠢᠯᠭᠡ ᠶᠢᠨ 7 ᠲᠥᠷᠥᠯ ᠵᠦᠢᠯ ᠢ ᠣᠯᠬᠤ ᠪᠠᠷ ᠭᠤᠶᠤᠴᠢᠯᠠᠪᠠ᠃ | ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠲᠥᠪᠯᠡᠷᠡᠭᠰᠡᠨ ᠣᠷᠣᠨ ᠢ 3 | ᠡᠭᠦᠳᠦᠨ ᠪᠠᠶᠢᠭᠤᠯᠪᠠ᠃ ᠡᠷᠭᠢᠨ ᠲᠣᠭᠤᠷᠢᠨ ᠤ ᠮᠤᠵᠢ ᠣᠷᠣᠨ ᠯᠤᠭ᠎ᠠ ᠶᠢᠨ ᠵᠢᠭᠤᠯᠴᠢᠯᠠᠯ ᠤᠨ ᠬᠠᠮᠵᠢᠯᠴᠠᠭ᠎ᠠ ᠪᠠᠨ | ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠬᠠᠮᠵᠢᠯᠴᠠᠨ ︽ᠵᠢᠭᠤᠯᠴᠢᠯᠠᠯ ᠢ ᠳᠠᠭᠢᠨ ᠢᠶᠠᠷ ᠨᠡᠮᠡᠭᠳᠡᠭᠦᠯᠬᠦ | ᠲᠥᠯᠥᠪᠯᠡᠭᠡ︾ ᠶᠢ ᠭᠦᠨᠵᠡᠭᠡᠢ ᠠᠬᠢᠭᠤᠯᠵᠤ᠂ ︽ᠥᠪᠥᠷ ᠮᠣᠩᠭᠤᠯ ᠳᠤ ᠣᠴᠢᠵᠤ ᠴᠠᠰᠤᠨ ᠳᠤ ᠭᠤᠯᠭᠤᠬᠤ︾ | ᠠᠵᠢᠯᠯᠠᠭ᠎ᠠ ᠶᠢ ᠠᠬᠢᠭᠤᠯᠪᠠ᠃ ᠪᠡᠶ᠎ᠡ ᠶᠢᠨ ᠲᠠᠮᠢᠷ᠂ ᠵᠠᠮ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ᠂ ᠮᠠᠯ ᠠᠵᠤ | ᠠᠬᠤᠢ ᠲᠠᠷᠢᠶᠠᠯᠠᠩ ᠵᠡᠷᠭᠡ ᠰᠠᠯᠠᠭ᠎ᠠ ᠮᠥᠴᠢᠷ ᠯᠦᠭᠡ ᠠᠵᠤ ᠦᠢᠯᠡᠰ ᠤᠨ ᠬᠠᠮᠵᠢᠯᠴᠠᠨ ᠬᠠᠮᠲᠤᠷᠠᠯᠴᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠣᠨᠴᠠᠯᠢᠭᠲᠤ ᠲᠠᠸᠠᠷ ᠢ ᠨᠡᠭᠡᠭᠡᠨ ᠬᠥᠭᠵᠢᠭᠦᠯᠬᠦ ᠶᠢ | ᠰᠠᠶᠢᠲᠤᠷ ᠠᠳᠬᠤᠵᠤ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠥᠪᠥᠷ ᠮᠣᠩᠭᠤᠯ ᠤᠨ ᠰᠣᠶᠣᠯ ᠤᠨ | ᠡᠭᠦᠳᠦᠯᠲᠡ ᠶᠢᠨ 370 ᠬᠤᠪᠢ \ ᠢᠵᠢ ᠲᠠᠸᠠᠷ ᠢ ᠰᠢᠨ᠎ᠡ ᠪᠠᠷ ᠭᠡᠷᠡᠴᠢᠯᠡᠨ᠎ᠡ᠃ ᠲᠠᠪᠤ ᠳᠤ᠂ ᠦᠢᠯᠡᠴᠢᠯᠡᠭᠡ ᠶᠢ | ᠴᠢᠩᠭᠠᠳᠬᠠᠨ ᠳᠡᠭᠡᠭᠰᠢᠯᠡᠭᠦᠯᠪᠡ᠃ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠠᠳᠠᠯᠤᠯᠲᠠ ᠬᠢᠵᠦ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠪᠡ᠃ ︽ᠬᠠᠤᠯᠢ ᠶᠢ ᠤᠶᠠᠨ ᠢᠶᠠᠷ ᠬᠡᠷᠡᠭᠵᠢᠭᠦᠯᠬᠦ︾ 6 ᠵᠦᠢᠯ ᠤᠨ | ᠦᠢᠯᠡᠴᠢᠯᠡᠭᠡ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ︽ᠲᠤᠰᠬᠠᠢ ᠭᠠᠯᠲᠤ ᠲᠡᠷᠭᠡᠨ ᠳᠤ ᠰᠠᠭᠤᠵᠤ ᠥᠪᠥᠷ | ᠮᠣᠩᠭᠤᠯ ᠳᠤ ᠵᠢᠭᠤᠯᠴᠢᠯᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠤᠨ ᠵᠢᠭᠤᠯᠴᠢᠯᠠᠬᠰᠠᠳ ᠢ ᠰᠠᠨᠠᠭᠤᠯᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ | ᠵᠤᠭ᠎ᠠ ᠴᠡᠩᠭᠡᠯ ᠤᠨ ᠪᠦᠭᠦ ᠬᠡᠯᠬᠢᠶ᠎ᠡ ᠶᠢ ᠬᠠᠮᠤᠷᠪᠠ᠃ ᠵᠢᠷᠭᠤᠭ᠎ᠠ ᠳᠤ᠂ ᠤᠬᠠᠭᠤᠯᠭ᠎ᠠ ᠪᠣᠷᠤᠯᠠᠭᠤᠯᠭ᠎ᠠ ᠶᠢ | ᠴᠢᠩᠭᠠᠳᠬᠠᠪᠠ᠃ ︽ᠶᠠᠭᠤ ᠢᠳᠡᠬᠦ᠂ ᠶᠠᠭᠤ ᠤᠤᠭᠤᠬᠤ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ︾ ᠶᠢᠨ | ᠲᠣᠭᠤᠷᠢᠨ ᠳᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠥᠰᠥᠪᠯᠡᠬᠦ ᠴᠢᠳᠠᠪᠤᠷᠢ ᠶᠢ ᠳᠡᠭᠡᠭᠰᠢᠯᠡᠭᠦᠯᠪᠡ᠃ | ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠣᠨᠣᠴᠠᠲᠠᠢ ᠤᠬᠠᠭᠤᠯᠵᠤ᠂ ᠵᠠᠯᠠᠭᠤᠴᠤᠳ ᠤᠨ | ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠬᠠᠮ ᠵᠠᠭᠤᠴᠢᠯᠠᠭᠤᠷ ᠤᠨ ᠲᠠᠪᠴᠠᠩ ᠢ | ᠰᠠᠶᠢᠲᠤᠷ ᠠᠰᠢᠭᠯᠠᠵᠤ᠂ ᠬᠤᠪᠢ ᠶᠢᠨ ᠵᠠᠭᠤᠴᠢᠯᠠᠭᠤᠷ᠂ ᠵᠢᠭᠤᠯᠴᠢᠯᠠᠯ ᠤᠨ ᠵᠠᠮᠴᠢᠯᠠᠭᠴᠢ᠂ ᠵᠢᠭᠤᠯᠴᠢᠯᠠᠯ ᠤᠨ ᠳᠦᠷᠢ | ᠲᠥᠷᠬᠦ ᠶᠢᠨ ᠡᠯᠴᠢᠨ ᠵᠡᠷᠭᠡ ︽ᠠᠷᠪᠠᠨ ᠬᠦᠴᠦᠨ︾ ᠢ ᠰᠠᠶᠢᠲᠤᠷ ᠠᠰᠢᠭᠯᠠᠵᠤ᠂ ᠵᠢᠭᠤᠯᠴᠢᠯᠠᠯ ᠤᠨ ᠶᠠᠷᠢᠶᠠᠨ ᠤ | ᠰᠡᠳᠦᠪ ᠢ ᠲᠠᠷᠬᠠᠭᠠᠵᠤ᠂ ᠰᠣᠶᠣᠯ ᠵᠢᠭᠤᠯᠴᠢᠯᠠᠯ ᠤᠨ IP ᠶᠢ ᠡᠭᠦᠳᠴᠦ᠂ ᠥᠪᠥᠷ ᠮᠣᠩᠭᠤᠯ ᠤᠨ ᠵᠢᠭᠤᠯᠴᠢᠯᠠᠯ | ᠬᠥᠭᠵᠢᠶᠡᠨᠲᠡᠢ ᠪᠣᠯᠵᠤ᠂ ᠵᠢᠭᠤᠯᠴᠢᠯᠠᠯ ᠤᠨ ᠪᠦᠲᠦᠭᠡᠭᠳᠡᠬᠦᠨ ᠵᠢᠭᠤᠯᠴᠢᠯᠠᠭᠴᠢᠳ ᠤᠨ ᠲᠠᠭᠠᠰᠢᠶᠠᠯ ᠢ ᠭᠦᠷᠳᠡᠭᠦ ᠶᠢ | ᠠᠬᠢᠭᠤᠯᠤᠨ᠎ᠠ᠃ |