| | ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ | | | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ | ᠪᠠᠶᠢᠯᠭᠠᠬᠤ ᠠᠵᠢᠯ ᠤᠨ ᠠᠯᠪᠠᠨ ᠭᠡᠷ ᠤᠨ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠬᠡᠪ | ᠵᠠᠭᠪᠤᠷ﹀ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ | ﹇2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ | ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠰᠠᠨ ᠪᠠᠶᠢᠳᠠᠯ᠂ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ | ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ | ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ | ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ | ᠵᠢᠯ ᠤᠨ ᠮᠡᠳᠡᠭᠦᠯᠦᠯᠲᠡ ᠶᠢᠨ ᠴᠠᠬᠢᠮ ᠬᠡᠪᠯᠡᠯ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠡᠭᠦᠳᠡ | ᠡᠷᠦᠭᠡ ᠶᠢᠨ ᠰᠦᠯᠵᠢᠶᠡᠨ ᠥᠷᠲᠡᠭᠡ ︵http : / / www . alszq . gov . cn︶ ᠠᠴᠠ ᠡᠬᠢᠯᠡᠨ | ᠶᠠᠪᠤᠭᠳᠠᠵᠤ ᠪᠣᠯᠣᠨ᠎ᠠ᠃ ᠬᠡᠷᠪᠡ ᠲᠤᠰ ᠣᠨ ᠤ ᠮᠡᠳᠡᠭᠦᠯᠦᠯᠲᠡ ᠳᠤ ᠮᠠᠳᠠᠭ ᠲᠠᠢ ᠪᠠᠶᠢᠪᠠᠯ᠂ ᠠᠯᠠᠱᠠ ᠵᠡᠭᠦᠨ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483 - 6110483︶᠃ | ᠨᠢᠭᠡ᠂ ᠲᠦᠢᠮᠣ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠠᠢ᠃ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠠᠵᠢᠯ ᠢ ᠪᠦᠲᠦᠮᠵᠢᠲᠡᠢ ᠠᠬᠢᠭᠤᠯᠬᠤ ᠵᠣᠷᠢᠯᠭ᠎ᠠ ᠪᠠᠷ᠂ ᠬᠤᠰᠢᠭᠤ ᠬᠤᠲᠠ ᠶᠢᠨ ᠬᠠᠤᠯᠢ ᠬᠡᠷᠡᠭᠵᠢᠭᠦᠯᠬᠦ | ᠲᠣᠪᠴᠢᠶ᠎ᠠ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠤᠷᠲᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠬᠤ ᠪᠠᠷ ᠭᠤᠣᠯᠳᠠᠭᠤᠯᠤᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ | ᠨᠢᠭᠡ ᠵᠦᠢᠯ ᠤᠨ ᠤᠬᠠᠮᠰᠠᠷᠲᠤ ᠦᠵᠡᠯ ᠤᠬᠠᠮᠰᠠᠷ ᠪᠣᠯᠣᠨ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠠᠢ᠃ | ᠨᠢᠭᠡ ᠳᠤ ᠤᠳᠤᠷᠢᠳᠬᠤ ᠲᠣᠭᠲᠠᠴᠠ ᠪᠠᠨ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠲᠡᠭᠦᠯᠳᠡᠷᠵᠢᠭᠦᠯᠦᠨ ᠲᠣᠬᠢᠷᠠᠭᠤᠯᠵᠤ᠂ ᠲᠣᠪᠴᠢᠶᠠᠨ ᠳᠠᠷᠤᠭ᠎ᠠ ᠠᠴᠠ | ᠳᠤᠭᠤᠶᠢᠯᠠᠩ ᠤᠨ ᠳᠠᠷᠤᠭ᠎ᠠ ᠪᠤᠯᠭᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠣᠨ ᠬᠤᠶᠠᠳᠤᠭᠠᠷ | ᠱᠠᠲᠤᠨ ᠤ ᠨᠢᠭᠡᠴᠢ ᠶᠢᠨ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠤᠯᠭᠠᠵᠤ᠂ ᠡᠯ᠎ᠡ ᠰᠠᠯᠠᠭ᠎ᠠ | ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠤᠯᠭᠠᠬᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠪᠦᠭᠦ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠵᠤ᠂ ᠵᠢᠯᠤᠭᠤᠳᠴᠤ᠂ ᠵᠣᠬᠢᠴᠠᠭᠤᠯᠵᠤ᠂ ᠰᠢᠮᠳᠠᠭᠤᠯᠵᠠᠢ᠃ ᠡᠭᠦᠨ ᠤ ᠬᠠᠮᠲᠤ ᠲᠣᠪᠴᠢᠶ᠎ᠠ ᠶᠢᠨ ᠠᠯᠪᠠᠨ | ᠭᠡᠷ ᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠦᠷᠦᠭᠦᠯᠡᠬᠦ ᠰᠠᠯᠠᠭ᠎ᠠ ᠮᠥᠴᠢᠷ ᠪᠣᠯᠭᠠᠨ ᠲᠣᠭᠲᠠᠭᠠᠵᠤ᠂ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠦᠨᠡᠨᠬᠦ | ᠪᠠᠲᠤᠯᠠᠪᠠ᠃ ᠬᠤᠶᠠᠷ ᠲᠤ᠂ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ | ᠪᠦᠷᠢᠨᠰᠭᠦᠯᠵᠡᠢ᠃ ᠬᠤᠰᠢᠭᠤ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠦᠭᠦ ᠰᠢᠰᠲ᠋ᠧᠮ ᠤᠨ ᠠᠯᠪᠠᠨ | ᠠᠵᠢᠯ ᠤᠨ ᠪᠠᠶᠢᠳᠠᠯ ᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠱᠠᠭᠠᠷᠳᠠᠯᠭ᠎ᠠ | ᠶᠣᠰᠣᠭᠠᠷ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠠᠷᠢᠭᠤᠴᠠᠯᠭ᠎ᠠ᠂ ᠬᠢᠨᠠᠨ ᠵᠥᠪᠯᠡᠬᠦ᠂ ᠬᠠᠷᠢᠭᠤ | ᠲᠤᠰᠬᠠᠬᠤ᠂ ᠬᠢᠨᠠᠯᠲᠠ ᠲᠠᠯᠪᠢᠬᠤ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠨ᠂ ᠡᠯ᠎ᠡ ᠬᠤᠶᠠᠳᠤᠭᠠᠷ | ᠳᠡᠰ ᠤᠨ ᠪᠠᠶᠢᠭᠤᠯᠤᠯᠭ᠎ᠠ᠂ ᠡᠯ᠎ᠡ ᠰᠠᠯᠠᠭ᠎ᠠ ᠲᠠᠰᠤᠭ᠂ ᠶᠡᠭᠡ ᠠᠩᠭᠢ ᠳᠤ ᠬᠠᠷᠢᠶᠠᠯᠠᠭᠳᠠᠬᠤ ᠭᠤᠣᠯᠳᠠᠯᠭ᠎ᠠ ᠲᠠᠢ ᠤᠴᠢᠷ | ᠶᠠᠪᠤᠳᠠᠯ ᠢ ᠲᠤᠰ ᠲᠤᠰ ᠢᠯᠠ ᠲᠣᠳᠣ ᠪᠣᠯᠭᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ | ᠳᠦᠷᠢᠮᠵᠢᠯᠲᠡ᠂ ᠵᠢᠷᠦᠮᠵᠢᠯᠲᠡ ᠶᠢ ᠠᠬᠢᠭᠤᠯᠵᠠᠢ᠃ ᠭᠤᠷᠪᠠ ᠳᠤ ᠢᠯᠠ ᠲᠣᠳᠣ ᠪᠣᠯᠭᠠᠬᠤ ᠠᠭᠤᠯᠭ᠎ᠠ ᠨᠡᠩ ᠪᠦᠷᠢᠨ | ᠭᠦᠢᠴᠡᠳ ᠪᠠᠶᠢᠬᠤ ᠶᠢ ᠪᠠᠲᠤᠯᠠᠪᠠ᠃ ᠭᠤᠣᠯᠳᠠᠭᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠭᠤᠯᠭ᠎ᠠ ᠶᠢ | ᠣᠨ ᠤ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠡᠯ᠎ᠡ ᠬᠤᠶᠠᠳᠤᠭᠠᠷ ᠱᠠᠲᠤᠨ ᠤ ᠨᠢᠭᠡᠴᠢ᠂ ᠡᠯ᠎ᠡ ᠰᠠᠯᠠᠭ᠎ᠠ | ᠲᠠᠰᠤᠭ᠂ ᠶᠡᠭᠡ ᠠᠩᠭᠢ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠴᠠᠭ ᠲᠤᠬᠠᠢ ᠳᠤᠨᠢ | ᠰᠢᠮᠳᠠᠭᠤᠯᠤᠨ ᠪᠠᠶᠢᠴᠠᠭᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠳᠦᠷᠢᠮ᠂ ᠵᠠᠰᠠᠭ ᠤᠨ ᠶᠠᠪᠤᠳᠠᠯ ᠢ | ᠢᠯᠠ ᠲᠣᠳᠣ ᠪᠠᠶᠢᠯᠭᠠᠬᠤ ᠬᠡᠪᠴᠢᠶ᠎ᠡ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠭᠤᠯᠭ᠎ᠠ᠂ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠭᠡᠯᠪᠡᠷᠢ ᠵᠡᠷᠭᠡ ᠶᠢ ᠤᠯᠠᠮ ᠲᠣᠳᠣᠷᠬᠠᠶᠢᠯᠠᠪᠠ᠃ ᠳᠥᠷᠪᠡ ᠳᠤ ᠢᠯᠠ ᠲᠣᠳᠣ | ᠪᠣᠯᠭᠠᠬᠤ ᠴᠠᠭ ᠬᠤᠭᠤᠴᠠᠭ᠎ᠠ ᠶᠢ ᠨᠡᠩ ᠴᠠᠭ ᠲᠤᠬᠠᠢ ᠳᠤᠨᠢ ᠪᠣᠯᠭᠠᠵᠠᠢ᠃ ᠢᠯᠠ ᠲᠣᠳᠣ ᠪᠣᠯᠭᠠᠬᠤ ᠲᠥᠷᠥᠯ | ᠵᠦᠢᠯ ᠤᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠢᠯᠠ ᠲᠣᠳᠣ ᠪᠣᠯᠭᠠᠬᠤ ᠴᠠᠭ ᠬᠤᠭᠤᠴᠠᠭ᠎ᠠ ᠶᠢ | ᠲᠣᠭᠲᠠᠭᠠᠵᠤ᠂ ᠡᠩ ᠤᠨ ᠴᠢᠨᠠᠷᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠠ ᠲᠣᠳᠣ ᠪᠣᠯᠭᠠᠵᠤ᠂ ᠲᠦᠷ | ᠴᠠᠭ ᠤᠨ ᠴᠢᠨᠠᠷᠲᠠᠢ ᠠᠵᠢᠯ ᠢ ᠴᠠᠭ ᠲᠤᠬᠠᠢ ᠳᠤᠨᠢ ᠢᠯᠠ ᠲᠣᠳᠣ ᠪᠣᠯᠭᠠᠵᠤ᠂ ᠲᠣᠭᠲᠠᠮᠠᠯ ᠴᠢᠨᠠᠷᠲᠠᠢ ᠠᠵᠢᠯ ᠢ ᠤᠷᠲᠤ | ᠬᠤᠭᠤᠴᠠᠭ᠎ᠠ ᠪᠠᠷ ᠢᠯᠠ ᠲᠣᠳᠣ ᠪᠣᠯᠭᠠᠵᠠᠢ᠃ ᠲᠠᠪᠤ ᠳᠤ ᠢᠯᠠ ᠲᠣᠳᠣ ᠪᠣᠯᠭᠠᠬᠤ ᠭᠤᠣᠯᠳᠠᠯᠭ᠎ᠠ ᠶᠢ ᠨᠡᠩ | ᠲᠣᠪᠤᠶᠢᠯᠭᠠᠪᠠ᠃ ᠣᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠠᠴᠠ ᠣᠶᠢᠯᠠᠭᠠᠵᠤ ᠮᠡᠳᠡᠬᠦ | ᠴᠢᠬᠤᠯᠠᠲᠠᠢ ᠵᠦᠢᠯᠡᠰ ᠢ ᠢᠯᠠ ᠲᠣᠳᠣ ᠪᠣᠯᠭᠠᠬᠤ ᠶᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢᠨ | ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ᠂ ᠴᠠᠬᠢᠮ | ᠵᠠᠰᠠᠭ ᠤᠨ ᠶᠠᠪᠤᠳᠠᠯ ᠪᠠ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡ ᠵᠡᠷᠭᠡ ᠭᠤᠷᠪᠠᠨ ᠲᠠᠯ᠎ᠠ ᠠᠴᠠ ᠭᠠᠷᠳᠠᠵᠤ᠂ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠡᠷᠴᠢᠮ ᠢ ᠴᠢᠩᠭᠠᠷᠠᠭᠤᠯᠵᠠᠢ᠃ ᠵᠠᠰᠠᠭ ᠤᠨ ᠶᠠᠪᠤᠳᠠᠯ ᠢ ᠢᠯᠠ | ᠲᠣᠳᠣ ᠪᠠᠶᠢᠯᠭᠠᠬᠤ ᠶᠢ ᠲᠦᠯᠬᠢᠨ ᠠᠬᠢᠭᠤᠯᠬᠤ ᠪᠠᠷ ᠳᠠᠮᠵᠢᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠳᠤ | ᠬᠢᠨᠠᠯᠲᠠ ᠲᠠᠯᠪᠢᠬᠤ ᠪᠠ ᠬᠢᠵᠠᠭᠠᠷᠯᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠠᠷᠢᠭᠤᠨ ᠴᠢᠬᠡᠴᠢ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠢᠯᠵᠠᠷᠠᠯ ᠢ ᠡᠰᠡᠷᠭᠦᠴᠡᠬᠦ | ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠲᠠᠰᠤᠷᠠᠯᠲᠠ ᠤᠶᠢᠭᠡᠢ ᠳ᠋ᠦᠩᠨᠡᠬᠦ ᠶᠢᠨ ᠬᠠᠮᠲᠤ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠳᠦᠷᠢᠮ ᠤᠨ ᠤᠯᠠᠮ ᠲᠡᠭᠦᠯᠳᠡᠷᠵᠢᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠢ | ᠢᠯᠠ ᠲᠣᠳᠣ ᠪᠠᠶᠢᠯᠭᠠᠬᠤ ᠠᠵᠢᠯ ᠤᠨ ᠡᠷᠴᠢᠮᠲᠡᠢ ᠥᠷᠨᠢᠬᠦ ᠶᠢ ᠲᠦᠯᠬᠢᠨ ᠠᠬᠢᠭᠤᠯᠵᠠᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ᠃ ᠲᠤᠰ ᠵᠢᠯ ᠳᠤ | ᠭᠤᠶᠤᠴᠢᠯᠠᠭᠰᠠᠨ ᠢᠯᠡ ᠮᠡᠳᠡᠭᠡ ᠦᠭᠡᠢ᠃ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ᠃ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠶᠢᠨ ᠲᠤᠰᠠᠳᠠ᠂ ᠲᠤᠰᠬᠠᠢ ᠬᠥᠮᠥᠨ ᠲᠣᠬᠢᠷᠠᠭᠤᠯᠤᠨ ᠪᠦᠭᠦ ᠲᠠᠯ᠎ᠠ ᠶᠢᠨ ᠨᠡᠭᠡᠭᠡᠯᠲᠡ ᠲᠠᠢ ᠮᠡᠳᠡᠭᠡᠯᠡᠯ ᠢ | ᠢᠯᠠ ᠲᠣᠳᠣ ᠪᠠᠶᠢᠯᠭᠠᠬᠤ ᠠᠵᠢᠯ ᠢ ᠲᠦᠯᠬᠢᠨ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ | ᠲᠠᠯᠪᠢᠬᠤ ᠶᠢ ᠬᠠᠷᠢᠭᠤᠴᠠᠭᠤᠯᠵᠤ᠂ ᠳᠡᠭᠡᠳᠦ ᠱᠠᠲᠤ ᠯᠤᠭ᠎ᠠ ᠢᠳᠡᠪᠬᠢᠲᠡᠢ ᠵᠣᠯᠭᠠᠯᠳᠤᠭᠤᠯᠵᠤ᠂ ᠳᠡᠭᠡᠳᠦ ᠳᠣᠣᠷᠠᠳᠤ | ᠱᠠᠲᠤ ᠯᠤᠭ᠎ᠠ ᠬᠠᠮᠲᠤᠷᠠᠨ ᠬᠥᠳᠡᠯᠦᠯᠴᠡᠭᠰᠡᠨ᠂ ᠪᠦᠷᠬᠦᠴᠡ ᠶᠢᠨ ᠬᠡᠪᠴᠢᠶ᠎ᠡ ᠨᠢ ᠥᠷᠭᠡᠨ ᠪᠦᠬᠦᠢ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠲᠣᠣᠷ ᠰᠦᠯᠵᠢᠶᠡᠨ ᠤ ᠰᠢᠰᠲ᠋ᠧᠮᠵᠢ ᠶᠢ ᠪᠤᠢ ᠪᠤᠯᠭᠠᠵᠤ᠂ ᠠᠵᠢᠯ ᠤᠨ | ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠪᠠ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠦᠢᠯᠡᠴᠢᠯᠡᠭᠡᠨ ᠤ ᠲᠠᠪᠴᠠᠩ ᠨᠢ ᠮᠡᠳᠡᠭᠡ ᠵᠠᠩᠭᠢ ᠴᠤᠭᠯᠠᠭᠤᠯᠬᠤ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠭᠦ ᠬᠠᠯᠠᠮᠰᠢᠯ ᠤᠲᠠᠰᠤ ᠶᠢ ᠰᠢᠯᠵᠢᠭᠦᠯᠦᠨ ᠭᠦᠢᠴᠡᠳᠬᠡᠬᠦ᠂ | 12319 ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠶᠢ ᠰᠢᠯᠵᠢᠭᠦᠯᠦᠨ ᠭᠦᠢᠴᠡᠳᠬᠡᠬᠦ᠂ ᠨᠡᠶᠢᠭᠡᠮ ᠤᠨ | ᠣᠯᠠᠨ ᠨᠡᠶᠢᠲᠡ ᠶᠢᠨ ᠢᠯᠡᠴᠢᠯᠡᠨ ᠮᠡᠳᠡᠭᠦᠯᠬᠦ᠂ ᠳᠡᠭᠡᠭᠰᠢ ᠮᠡᠳᠡᠭᠦᠯᠬᠦ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ | ᠨᠡᠶᠢᠲᠡ 5004 ᠠᠰᠠᠭᠤᠳᠠᠯ ᠢ ᠳᠡᠭᠡᠭᠰᠢ ᠮᠡᠳᠡᠭᠦᠯᠵᠦ᠂ ᠨᠢᠭᠡᠨᠲᠡ 4547 ᠵᠦᠢᠯ ᠢ ᠨᠢ ᠭᠥᠯᠢᠶᠡᠨ ᠠᠪᠴᠤ | ᠰᠢᠢᠳᠪᠦᠷᠢᠯᠡᠪᠡ᠂ ᠣᠨᠴᠠ ᠵᠠᠷᠢᠮ ᠠᠵᠢᠯ ᠤᠨ ᠬᠠᠭᠤᠳᠠᠰᠤ ᠶᠢ ᠬᠢᠨᠠᠨ ᠬᠠᠷᠭᠤᠭᠤᠯᠤᠭᠠᠳ ᠳᠠᠭᠢᠨ ᠳᠡᠭᠡᠭᠰᠢ ᠮᠡᠳᠡᠭᠦᠯᠬᠦ | ᠪᠤᠶᠤ ᠣᠶᠤᠨ ᠤ ᠮᠡᠳᠡᠭᠡᠯᠡᠯ ᠤᠨ ᠲᠠᠪᠴᠠᠩ ᠤᠨ ᠰᠢᠢᠳᠪᠦᠷᠢᠯᠡᠬᠦ ᠰᠠᠯᠠᠭ᠎ᠠ ᠮᠥᠴᠢᠷ ᠲᠤ ᠬᠠᠷᠢᠶᠠᠯᠠᠭᠳᠠᠬᠤ ᠦᠭᠡᠢ᠂ | ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠦᠭᠡᠢ ᠡᠭᠦᠷᠭᠡ ᠴᠢᠳᠠᠪᠤᠷᠢ ᠪᠠᠨ | ᠡᠭᠡᠭᠦᠯᠦᠨ ᠪᠤᠴᠠᠭᠠᠬᠤ 12345 ᠬᠠᠯᠠᠮᠰᠢᠯ ᠤᠲᠠᠰᠤ ᠵᠡᠷᠭᠡ ᠰᠢᠯᠲᠠᠭᠠᠨ ᠠᠴᠠ ᠪᠣᠯᠵᠤ 457 ᠬᠡᠷᠡᠭ ᠢ ᠬᠦᠴᠦᠨ | ᠦᠭᠡᠢ ᠪᠣᠯᠭᠠᠪᠠ︔ ᠨᠢᠭᠡᠨᠲᠡ ᠳᠠᠭᠤᠰᠬᠠᠭᠰᠠᠨ ᠬᠡᠷᠡᠭ 4227 ᠬᠤᠪᠢ ᠪᠠᠶᠢᠵᠤ᠂ ᠰᠢᠭᠦᠵᠦ ᠳᠠᠭᠤᠰᠬᠠᠭᠰᠠᠨ | ᠨᠣᠷᠮ᠎ᠠ 92.96% ᠪᠠᠶᠢᠨ᠎ᠠ︔ 3355 ᠬᠤᠪᠢ ᠲᠣᠮᠢᠯᠠᠵᠤ᠂ ᠨᠢᠭᠡᠨᠲᠡ 3086 ᠬᠤᠪᠢ ᠶᠢ ᠨᠢ | ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 91.98 % ᠳᠤ ᠬᠦᠷᠴᠡᠢ︔ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ᠃ ᠲᠤᠰᠬᠠᠢ ᠬᠥᠮᠥᠨ ᠢᠶᠠᠷ ᠰᠦᠯᠵᠢᠶᠡᠨ | ᠥᠷᠲᠡᠭᠡᠨ ᠤ ᠮᠡᠳᠡᠭᠡᠯᠡᠯ ᠳᠤ ᠬᠢᠨᠠᠯᠲᠠ ᠲᠠᠯᠪᠢᠵᠤ ᠬᠠᠮᠢᠶᠠᠷᠴᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ᠃ ᠨᠢᠭᠡ ᠳᠤ ᠢᠯᠠ ᠲᠣᠳᠣ ᠪᠣᠯᠭᠠᠬᠤ ᠦᠵᠡᠯ | ᠤᠬᠠᠮᠰᠠᠷ ᠵᠢᠴᠢ ᠠᠭᠤᠯᠭ᠎ᠠ ᠶᠢ ᠤᠯᠠᠮ ᠭᠦᠨᠵᠡᠭᠡᠶᠢᠷᠡᠭᠦᠯᠬᠦ ᠴᠢᠬᠤᠯᠠ ᠲᠠᠢ︔ ᠬᠤᠶᠠᠷ ᠲᠤ ᠢᠯᠠ ᠲᠣᠳᠣ | ᠪᠣᠯᠭᠠᠬᠤ ᠶᠢ ᠠᠳᠬᠤᠬᠤ ᠭᠡᠯᠪᠡᠷᠢ ᠶᠢ ᠬᠦᠨᠳᠦᠳᠬᠡᠬᠦ ᠶᠢ ᠴᠢᠬᠤᠯᠠᠴᠢᠯᠠᠵᠤ᠂ ᠦᠷ᠎ᠡ ᠳ᠋ᠦᠩ ᠢ ᠴᠢᠬᠤᠯᠠᠴᠢᠯᠠᠬᠤ | ᠲᠠᠯ᠎ᠠ ᠪᠠᠷ ᠪᠠᠰᠠ ᠤᠯᠠᠮ ᠴᠢᠩᠭᠠᠳᠬᠠᠬᠤ ᠴᠢᠬᠤᠯᠠᠲᠠᠢ ᠪᠠᠶᠢᠨ᠎ᠠ︔ ᠭᠤᠷᠪᠠ ᠳᠤ᠂ ᠠᠵᠢᠯᠲᠠᠨ ᠤ ᠲᠣᠬᠢᠷᠠᠭᠤᠯᠤᠯᠲᠠ | ᠵᠢᠴᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠤᠯᠠᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ | ︵ᠬᠤᠶᠠᠷ︶ ᠬᠠᠯᠠᠨ ᠰᠠᠶᠢᠵᠢᠷᠠᠭᠤᠯᠬᠤ ᠲᠤᠬᠠᠢ᠃ ᠨᠢᠭᠡ ᠳᠤ ᠢᠯᠠ ᠲᠣᠳᠣ ᠪᠣᠯᠭᠠᠬᠤ ᠠᠭᠤᠯᠭ᠎ᠠ ᠪᠠᠨ | ᠲᠡᠭᠦᠯᠳᠡᠷᠵᠢᠭᠦᠯᠵᠡᠢ᠃ ︽ᠢᠯᠠ ᠲᠣᠳᠣ ᠪᠣᠯᠭᠠᠬᠤ ᠪᠠᠷ ᠵᠠᠷᠴᠢᠮ ᠪᠣᠯᠭᠠᠨ᠂ ᠢᠯᠠ ᠲᠣᠳᠣ ᠪᠣᠯᠭᠠᠬᠤ ᠦᠭᠡᠢ ᠶᠢ ᠨᠢ | ᠣᠨᠴᠣᠭᠤᠢ ᠪᠠᠶᠢᠳᠠᠯ ᠪᠣᠯᠭᠠᠨ︾ ᠪᠦᠬᠦᠢ ᠶᠡᠷᠦᠩᠬᠡᠢ ᠱᠠᠭᠠᠷᠳᠠᠯᠭ᠎ᠠ ᠶᠣᠰᠣᠭᠠᠷ᠂ ᠢᠯᠠ ᠲᠣᠳᠣ ᠪᠣᠯᠭᠠᠬᠤ ᠪᠠ ᠢᠯᠠ | ᠲᠣᠳᠣ ᠪᠣᠯᠭᠠᠬᠤ ᠦᠭᠡᠢ ᠶᠢ ᠨᠢ ᠬᠤᠶᠠᠷ ᠲᠥᠷᠥᠯ ᠤᠨ ᠵᠠᠰᠠᠭ ᠤᠨ ᠣᠷᠳᠣᠨ ᠤ ᠮᠡᠳᠡᠭᠡᠯᠡᠯ ᠢ ᠵᠠᠭᠠᠭᠯᠠᠨ ᠲᠣᠭᠲᠠᠭᠠᠬᠤ | ᠠᠵᠢᠯ ᠢ ᠤᠯᠠᠮ ᠰᠠᠶᠢᠲᠤᠷ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠵᠠᠰᠠᠭ ᠤᠨ | ᠣᠷᠳᠣᠨ ᠤ ᠮᠡᠳᠡᠭᠡᠯᠡᠯ ᠤᠨ ᠭᠠᠷᠴᠠᠭ ᠢ ᠲᠡᠭᠦᠯᠳᠡᠷᠵᠢᠭᠦᠯᠬᠦ ᠬᠡᠷᠡᠭᠲᠡᠢ᠃ ᠣᠯᠠᠨ ᠨᠡᠶᠢᠲᠡ ᠳᠤ ᠠᠩᠬᠠᠷᠤᠭᠳᠠᠯ ᠶᠡᠬᠡᠲᠡᠢ | ᠵᠠᠰᠠᠭ ᠤᠨ ᠣᠷᠳᠣᠨ ᠤ ᠮᠡᠳᠡᠭᠡᠯᠡᠯ ᠢ ᠡᠮᠬᠢᠯᠡᠨ ᠲᠢᠭᠯᠡᠭᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠠᠨᠠᠯ ᠢ | ᠭᠦᠢᠴᠡᠳ ᠬᠤᠷᠢᠶᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠲᠦᠯᠬᠢᠨ ᠠᠬᠢᠭᠤᠯᠵᠠᠢ᠃ ᠬᠤᠶᠠᠷ ᠲᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠤᠪᠤᠷᠠᠯ ᠢ | ᠵᠢᠷᠤᠮᠵᠢᠭᠤᠯᠤᠨ᠂ ᠭᠤᠶᠤᠴᠢᠯᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ | ᠮᠡᠳᠡᠭᠡᠯᠡᠯ ᠢ ᠨᠡᠶᠢᠲᠡ ᠣᠯᠠᠨ ᠤ ᠣᠯᠬᠤ ᠳᠤ ᠳᠥᠭᠦᠮ ᠦᠵᠡᠭᠦᠯᠵᠡᠢ᠃ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠵᠠᠢ᠃ | ᠭᠤᠷᠪᠠ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ ᠤ | ᠬᠢᠷᠢ ᠬᠡᠮᠵᠢᠶ᠎ᠡ ᠶᠢ ᠤᠯᠠᠮ ᠳᠡᠭᠡᠭᠰᠢᠯᠡᠭᠦᠯᠪᠡ᠃ ᠪᠢᠳᠡ ᠦᠷᠭᠦᠯᠵᠢᠯᠡᠨ ᠬᠤᠰᠢᠭᠤ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠰᠡᠳᠬᠢᠮᠵᠢ ᠳᠡᠭᠡᠨ ᠰᠢᠨ᠎ᠡ ᠶᠢ ᠡᠭᠦᠳᠴᠦ᠂ | ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ | ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠢᠯᠡ ᠲᠣᠳᠣ | ᠵᠠᠰᠠᠭ ᠤᠨ ᠣᠷᠳᠣᠨ ᠢ ᠪᠠᠶᠢᠭᠤᠯᠬᠤ ᠪᠠ ᠮᠠᠨ ᠤ ᠲᠣᠪᠴᠢᠶᠠᠨ ᠤ ᠡᠯ᠎ᠡ ᠲᠥᠷᠥᠯ ᠤᠨ ᠠᠵᠢᠯ ᠢ ᠲᠦᠯᠬᠢᠨ | ᠠᠬᠢᠭᠤᠯᠬᠤ ᠳᠤ ᠨᠡᠩ ᠰᠠᠶᠢᠲᠤᠷ ᠦᠢᠯᠡᠴᠢᠯᠡᠵᠡᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | ︵ᠨᠢᠭᠡ︶ 2024 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠡᠯᠡᠯ ᠢ ᠢᠯᠡ ᠲᠣᠳᠣ | ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃ | ︵ᠬᠤᠶᠠᠷ︶ 2024 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠥᠷᠥ ᠶᠢᠨ ᠶᠠᠪᠤᠳᠠᠯ ᠤᠨ ᠠᠯᠪᠠᠨ ᠭᠡᠷ | ᠂ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ | ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠨ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠠᠢ᠃ ᠨᠢᠭᠡ ᠳᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠴᠢᠨᠠᠷ ᠴᠢᠨᠰᠠᠭ᠎ᠠ ᠪᠠ ᠪᠣᠳᠠᠲᠤ ᠦᠷ᠎ᠡ ᠠᠰᠢᠭ ᠢ ᠳᠡᠭᠡᠭᠰᠢᠯᠡᠭᠦᠯᠵᠦ᠂ ᠠᠭᠤᠯᠭ᠎ᠠ ᠶᠢ ᠤᠯᠠᠮ | ᠨᠠᠷᠢᠯᠢᠭᠵᠢᠭᠤᠯᠵᠤ᠂ ᠦᠭᠡ ᠭᠡᠯᠡ ᠶᠢ ᠪᠣᠯᠪᠠᠰᠤᠷᠠᠭᠤᠯᠤᠨ᠂ ᠣᠯᠠᠨ ᠨᠡᠶᠢᠲᠡ ᠶᠢᠨ ᠣᠶᠢᠯᠠᠭᠠᠵᠤ ᠴᠢᠳᠠᠬᠤ᠂ | ᠴᠢᠳᠠᠮᠠᠭᠠᠢ ᠬᠡᠷᠡᠭᠯᠡᠬᠦ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠨᠠᠷᠢᠯᠢᠭ ᠦᠢᠯᠡᠳᠬᠦ᠂ ᠨᠠᠷᠢᠯᠢᠭ | ᠬᠠᠮᠢᠶᠠᠷᠬᠤ᠂ ᠨᠠᠷᠢᠯᠢᠭ ᠣᠨᠣᠪᠴᠢᠲᠠᠢ ᠲᠦᠯᠬᠢᠨ ᠠᠬᠢᠭᠤᠯᠬᠤ ᠶᠢ ᠪᠠᠲᠤᠯᠠᠵᠠᠢ᠃ ᠬᠤᠶᠠᠷ ᠲᠤ ᠵᠠᠰᠠᠭ ᠤᠨ ᠶᠠᠪᠤᠳᠠᠯ ᠢ | ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠨᠡᠶᠢᠲᠡᠯᠡᠬᠦ ᠶᠠᠪᠤᠴᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠦᠢᠯᠡᠰ ᠤᠨ ᠨᠠᠷᠢᠨ | ᠬᠠᠭᠤᠳᠠᠰᠤ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ᠂ ︽ᠬᠤᠶᠠᠷ ᠢ | ᠰᠤᠭᠤᠴᠢᠵᠤ ᠨᠢᠭᠡ ᠶᠢ ᠢᠯᠠ ᠲᠣᠳᠣ ᠪᠣᠯᠭᠠᠬᠤ︾ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠦᠨᠡᠨᠬᠦ ᠰᠠᠶᠢᠲᠤᠷ ᠭᠦᠢᠴᠡᠳᠬᠡᠵᠡᠢ᠃ ᠭᠤᠷᠪᠠ ᠳᠤ | ᠠᠷᠠᠳ ᠤᠨ ᠠᠮᠢᠳᠤᠷᠠᠯ ᠤᠨ ᠴᠢᠬᠤᠯᠠ ᠵᠦᠢᠯᠡᠰ᠂ ᠳᠥᠭᠦᠮ ᠣᠶᠢᠯᠠᠭᠠᠮᠵᠢᠲᠠᠢ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ ᠶᠢ ᠲᠥᠪᠯᠡᠷᠡᠭᠦᠯᠦᠨ᠂ ᠡᠷᠴᠢᠮᠲᠡᠢ ᠲᠠᠶᠢᠯᠪᠤᠷᠢᠯᠠᠬᠤ ᠪᠠ ᠶᠡᠷᠦᠩᠬᠡᠶᠢᠯᠡᠨ ᠵᠢᠯᠤᠭᠤᠳᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠰᠠᠨᠠᠭᠠᠴᠢᠯᠠᠭᠠᠲᠤ᠂ ᠲᠦᠢᠯ ᠤᠨ᠂ | ᠣᠶᠤᠨᠴᠢ ᠪᠠᠷ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠵᠠᠢ᠃ | | ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠮᠦᠳᠡᠨ ᠣᠷᠴᠢᠭᠤᠯᠵᠤ᠂ ᠡᠷᠳᠡᠨᠢᠬᠦᠦ ᠨᠠᠶᠢᠷᠠᠭᠤᠯᠤᠨ | ᠬᠢᠨᠠᠵᠤ᠂ ᠨᠠᠮᠤᠷ ᠳᠠᠪᠲᠠᠨ ᠬᠢᠨᠠᠪᠠ᠃ | | |