ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ ᠪᠠᠶᠢᠳᠠᠯ ᠢ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/28
     ᠪᠠᠷᠢᠮᠲᠠᠵᠢᠭᠤᠯᠤᠭᠰᠠᠨ ᠳ᠋ᠤᠭᠠᠷ᠄ 1115292101176492 × G / 2025-00440      ᠨᠡᠶᠢᠲᠡᠯᠡᠭᠰᠡᠨ ᠪᠠᠶᠢᠭᠤᠯᠤᠮᠵᠢ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ      ᠢᠯᠡ ᠲᠣᠳᠣ ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠲᠣᠳᠣ ᠪᠠᠶᠢᠯᠭᠠᠬᠤ ᠠᠩᠭᠢᠯᠠᠯ᠄ ᠮᠡᠳᠡᠭᠳᠡᠯ      ᠪᠠᠷᠢᠮᠲᠠ ᠪᠢᠴᠢᠭ ᠤᠨ ᠳ᠋ᠤᠭᠠᠷ᠄      ᠪᠠᠲᠤᠯᠠᠭᠳᠠᠭᠰᠠᠨ ᠴᠠᠭ ᠬᠤᠭᠤᠴᠠᠭ᠎ᠠ᠄ 2025-02-28            ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠤᠶᠠᠯᠳᠤᠭ᠎ᠠ ᠶᠢ ᠤᠯᠠᠮ ᠴᠢᠩᠭᠠᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠠᠯᠪᠠᠨ ᠭᠡᠷ ︵2022︶ 9 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ 2015 ᠣᠨ ᠪᠤᠯᠲᠠᠯ᠎ᠠ 2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢ ᠠᠬᠢᠭᠤᠯᠵᠤ ᠪᠠᠭᠤᠯᠭᠠᠭᠰᠠᠨ ᠪᠠᠶᠢᠳᠠᠯ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ 10 ᠡᠳᠦᠷ ︵2025 2025 ᠣᠨ ᠤ 2 ᠳ᠋ᠤᠭᠠᠷ ᠰᠠᠷ᠎ᠠ ᠶᠢᠨ 28 ᠤ ᠡᠳᠦᠷ — 2025 ᠣᠨ ᠤ 3 ᠳ᠋ᠤᠭᠠᠷ ᠰᠠᠷ᠎ᠠ ᠶᠢᠨ 9 ᠤ ᠡᠳᠦᠷ︶ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠭᠰᠠᠨ ᠲᠤᠰᠠᠯᠠᠮᠵᠢ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠪᠠᠶᠢᠳᠠᠯ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠬᠡᠷᠪᠡ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠪᠣᠯᠣᠨ ᠰᠠᠨᠠᠭᠤᠯᠭ᠎ᠠ ᠪᠠᠨ ᠳᠤᠷᠠᠳᠬᠤ ᠬᠡᠷᠡᠭᠲᠡᠢ᠃      ᠬᠠᠷᠢᠯᠴᠠᠬᠤ ᠤᠲᠠᠰᠤ᠄ 8222 26212317      ᠴᠠᠬᠢᠮ ᠰᠢᠤᠳᠠᠨ᠄ azqczjnmys@163. com      ᠬᠠᠶ᠋ᠢᠭ᠄ ᠪᠠᠷᠠᠭᠤᠨ ᠬᠤᠲᠠ ᠶᠢᠨ ᠲᠣᠭᠤᠷᠢᠭ ᠤᠨ ᠠᠵᠤ ᠠᠬᠤᠢ ᠶᠢᠨ ᠰᠤᠷᠠᠭ ᠵᠠᠩᠭᠢ ᠶᠢᠨ ᠶᠡᠷᠦᠩᠬᠡᠢ ᠦᠢᠯᠡᠴᠢᠯᠡᠭᠡᠨ ᠤ ᠠᠰᠠᠷ ᠤᠨ 412 ᠳ᠋ᠤᠭᠠᠷ ᠲᠠᠰᠤᠭ      ᠠᠯᠠᠱᠠ ᠵᠡᠭᠦᠨ ᠬᠤᠰᠢᠭᠤᠨ ᠤ ᠡᠳ᠋ ᠤᠨ ᠶᠠᠪᠤᠳᠠᠯ ᠤᠨ ᠲᠣᠪᠴᠢᠶ᠎ᠠ      2025 ᠣᠨ ᠪᠤᠯᠲᠠᠯ᠎ᠠ 2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ ᠤᠶᠠᠯᠳᠤᠭᠤᠯᠤᠨ ᠠᠬᠢᠭᠤᠯᠬᠤ ᠲᠤᠬᠠᠢ      ᠬᠥᠳᠡᠭᠡ ᠲᠣᠰᠬᠤᠨ ᠢ ᠬᠥᠭᠵᠢᠭᠦᠯᠬᠦ ᠨᠥᠬᠦᠪᠦᠷᠢ ᠶᠢᠨ ᠮᠥᠩᠭᠦ ᠶᠢ ᠬᠤᠪᠢᠶᠠᠷᠢᠯᠠᠨ ᠪᠠᠭᠤᠯᠭᠠᠬᠤ      ᠪᠠᠶᠢᠳᠠᠯ ᠤᠨ ᠠᠯᠪᠠᠨ ᠵᠠᠷᠯᠠᠯᠲᠠ ᠶᠢᠨ ᠨᠡᠶᠢᠲᠡᠯᠡᠯ      ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠤᠶᠠᠯᠳᠤᠭ᠎ᠠ ᠶᠢ ᠤᠯᠠᠮ ᠴᠢᠩᠭᠠᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠠᠯᠪᠠᠨ ︵2022︶ 9 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ 2025 ᠣᠨ ᠪᠤᠯᠲᠠᠯ᠎ᠠ 2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠪᠠᠭᠤᠯᠭᠠᠭᠰᠠᠨ ᠪᠠᠶᠢᠳᠠᠯ ᠢ ᠳᠠᠷᠠᠭᠠᠬᠢ ᠬᠡᠳᠦᠨ ᠲᠠᠯ᠎ᠠ ᠪᠠᠷ ᠮᠡᠳᠡᠭᠳᠡᠪᠡ᠄      ᠨᠢᠭᠡ᠂ 2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠭᠤᠯᠭᠠᠪᠠ      2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ᠂ ᠳᠡᠭᠡᠳᠦ ᠱᠠᠲᠤᠨ ᠠᠴᠠ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 4000 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠳᠣᠷᠣᠭᠰᠢ ᠪᠠᠭᠤᠯᠭᠠᠪᠠ᠂ ᠡᠭᠦᠨ ᠳᠤ᠄ ᠲᠥᠪ ᠤᠨ ᠳᠡᠰ ᠤᠨ ᠪᠡᠯᠡ ᠮᠥᠩᠭᠦ 1395 ᠲᠦᠮᠡᠨ ᠲᠥᠭᠦᠷᠢᠭ︔ ᠥᠪᠡᠷᠲᠡᠭᠡᠨ ᠵᠠᠰᠠᠬᠤ ᠣᠷᠣᠨ ᠤ ᠳᠡᠰ ᠤᠨ ᠪᠡᠯᠡ ᠮᠥᠩᠭᠦ 2605 ᠲᠦᠮᠡᠨ ᠲᠥᠭᠦᠷᠢᠭ᠃      ᠬᠤᠶᠠᠷ᠂ 2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠵᠣᠯᠭᠠᠯᠲᠠ ᠶᠢ ᠠᠬᠢᠭᠤᠯᠬᠤ ᠬᠥᠳᠡᠭᠡ ᠲᠣᠰᠬᠤᠨ ᠢ ᠬᠥᠭᠵᠢᠭᠦᠯᠬᠦ ᠨᠥᠬᠦᠪᠦᠷᠢ ᠪᠡᠯᠡ ᠮᠥᠩᠭᠦ ᠶᠢ ᠪᠠᠭᠤᠯᠭᠠᠭᠰᠠᠨ ᠪᠠᠶᠢᠳᠠᠯ      2 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ᠂ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠨᠡᠶᠢᠲᠡ 4600 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ᠄ ᠲᠥᠪ ᠤᠨ ᠳᠡᠰ ᠤᠨ ᠪᠡᠯᠡ ᠮᠥᠩᠭᠦ 1395 ᠲᠦᠮᠡᠨ ᠲᠥᠭᠦᠷᠢᠭ ᠪᠠᠶᠢᠵᠤ᠂ ᠭᠤᠣᠯᠳᠠᠭᠤ ᠠᠯᠠᠱᠠ ᠵᠡᠭᠦᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠶᠠᠪᠤᠳᠠᠯ ᠤᠨ ᠬᠥᠭᠵᠢᠯᠲᠡ ᠶᠢᠨ ᠲᠥᠪ ᠤᠨ 2025 ᠣᠨ ᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠵᠣᠯᠭᠠᠭᠤᠯᠤᠨ ᠠᠬᠢᠭᠤᠯᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ 210 ᠲᠦᠮᠡᠨ ᠲᠥᠭᠦᠷᠢᠭ ᠲᠣᠬᠢᠷᠠᠭᠤᠯᠪᠠ︔ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ 2025 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ 149 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠠᠯᠠᠱᠠ ᠠᠶᠢᠮᠠᠭ ᠤᠨ ᠤᠯᠤᠰ ᠤᠨ ᠡᠵᠡᠩᠨᠡᠯᠲᠡ ᠶᠢᠨ ᠪᠠᠶᠠᠨᠮᠣᠳᠣ ᠲᠠᠷᠢᠶᠠᠯᠠᠩ ᠤᠨ ᠲᠠᠯᠠᠪᠠᠢ ᠬᠥᠭᠵᠢᠭᠡᠳᠦᠢ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠢ ᠶᠢ ᠪᠠᠬᠢᠵᠢᠭᠦᠯᠦᠨ ᠳᠡᠭᠡᠭᠰᠢᠯᠡᠭᠦᠯᠭᠦ ᠡᠭᠦᠷᠭᠡ ᠳᠤ ᠬᠡᠷᠡᠭᠯᠡᠪᠡ︔ ᠵᠡᠭᠦᠨ ᠪᠠᠯ ᠪᠠᠯᠭᠠᠰᠤᠨ ᠤ ᠦᠦᠷᠦᠨᠲᠤᠶ᠋ᠭ᠎ᠠ ᠭᠠᠴᠠᠭᠠᠨ ᠤ ᠥᠨᠳᠡᠭᠡᠨ ᠲᠠᠬᠢᠶᠠᠨ ᠤ ᠲᠠᠯᠠᠪᠠᠢ ᠶᠢᠨ ᠪᠠᠭᠠᠰᠤ ᠪᠤᠵᠠᠷᠲᠤᠯ ᠢ ᠰᠢᠢᠳᠪᠦᠷᠢᠯᠡᠬᠦ ᠳᠠᠭᠠᠯᠲᠠ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠥᠷᠥᠯ ᠵᠦᠢᠯ 275 ᠲᠦᠮᠡᠨ ᠲᠥᠭᠦᠷᠢᠭ ᠵᠢᠷᠠᠲᠠᠢ ᠪᠠᠯᠭᠠᠰᠤᠨ ᠤ ᠠᠭᠤᠳᠠᠮ ᠲᠠᠯ᠎ᠠ ᠭᠠᠴᠠᠭᠠᠨ ᠤ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢᠨ ᠲᠥᠷᠥᠯ ᠵᠦᠢᠯ 246 ᠲᠦᠮᠡᠨ ᠲᠥᠭᠦᠷᠢᠭ︔ ᠢᠩᠭᠡᠨ ᠰᠤᠮᠤ ᠶᠢᠨ ᠮᠢᠬᠠᠨ ᠢᠳᠡᠭᠡᠨ ᠤ ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 200 ᠲᠦᠮᠡᠨ ᠲᠥᠭᠦᠷᠢᠭ︔ ᠥᠯᠵᠡᠢ ᠰᠤᠮᠤ ᠶᠢᠨ ᠤᠰᠤ ᠬᠠᠩᠭᠠᠬᠤ ᠲᠥᠷᠥᠯ ᠵᠦᠢᠯ ᠢ 315 ᠲᠦᠮᠡᠨ ᠲᠥᠭᠦᠷᠢᠭ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠡᠯᠡ ᠮᠥᠩᠭᠦ 2605 ᠲᠦᠮᠡᠨ ᠲᠥᠭᠦᠷᠢᠭ᠂ ᠭᠤᠣᠯᠳᠠᠭᠤ 2025 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ - ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ 2386 ᠲᠦᠮᠡᠨ ᠲᠥᠭᠦᠷᠢᠭ ︵ᠪᠠᠶᠠᠨᠬᠤᠲᠠ ᠪᠠᠯᠭᠠᠰᠤᠨ ᠤ ᠪᠠᠶᠠᠨ ᠰᠦᠮᠪᠦᠷ ᠭᠠᠴᠠᠭᠠᠨ ᠤ ᠬᠥᠮᠥᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ 130 ᠲᠦᠮᠡᠨ ᠲᠥᠭᠦᠷᠢᠭ︔ ᠣᠯᠠᠨᠪᠤᠯᠠᠭ ᠪᠠᠯᠭᠠᠰᠤᠨ ᠤ ᠣᠷᠭᠠᠨᠢᠭ ᠪᠣᠷᠳᠣᠭᠤᠷ ᠦᠢᠯᠡᠳᠪᠦᠷᠢᠯᠡᠬᠦ ᠲᠥᠷᠥᠯ ᠵᠦᠢᠯ 626 ᠲᠦᠮᠡᠨ ᠲᠥᠭᠦᠷᠢᠭ︔ ᠣᠯᠠᠨᠪᠤᠯᠠᠭ ᠪᠠᠯᠭᠠᠰᠤᠨ ᠤ ᠪᠣᠲᠣᠭᠤᠨ ᠤᠰᠤ ᠭᠠᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔ ᠵᠢᠷᠠᠲᠠᠢ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔ ᠪᠠᠶᠠᠨ ᠨᠢᠷᠤᠭᠤᠨ ᠰᠤᠮᠤ ᠶᠢᠨ ᠬᠠᠷᠮᠠᠬᠲᠠᠢ ᠭᠠᠴᠠᠭ᠎ᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔ ᠣᠨᠳᠣᠷᠣᠯᠲᠤ ᠪᠠᠯᠭᠠᠰᠤᠨ ᠤ ᠰᠠᠶᠢᠬᠠᠨᠲᠠᠯ᠎ᠠ ᠭᠠᠴᠠᠭ᠎ᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔ ᠴᠣᠭᠲᠤᠬᠦ᠋ᠷᠢᠶ᠎ᠡ ᠰᠤᠮᠤ ᠶᠢᠨ ᠡᠮᠦᠨᠡᠭᠤᠣᠯ ᠭᠠᠴᠠᠭᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔ ᠵᠡᠭᠦᠨ ᠪᠠᠯ ᠪᠠᠯᠭᠠᠰᠤᠨ ᠤ ᠭᠠᠯᠪᠠᠷᠰᠤᠲᠠᠢ ᠭᠠᠴᠠᠭᠠᠨ ᠤ ᠬᠥᠮᠥᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠥᠷᠥᠯ ᠵᠦᠢᠯ 120 ᠲᠦᠮᠡᠨ ᠲᠥᠭᠦᠷᠢᠭ︔ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠠᠱᠠ ᠵᠡᠭᠦᠨ ᠬᠤᠰᠢᠭᠤᠨ ᠤ ᠭᠡᠷᠡᠯ ᠢᠶᠠᠷ ᠲᠡᠳᠬᠦᠨ ᠳᠡᠮᠵᠢᠬᠦ ᠢᠨᠵᠧᠨᠧᠷᠢᠩ 760 ᠲᠦᠮᠡᠨ ᠲᠥᠭᠦᠷᠢᠭ︶︔ 2025 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ - ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠪᠠᠬᠢᠵᠢᠭᠦᠯᠦᠨ ᠥᠷᠭᠡᠳᠬᠡᠨ᠎ᠡ - ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ 90 ᠲᠦᠮᠡᠨ ᠲᠥᠭᠦᠷᠢᠭ ︵ᠪᠠᠷᠠᠭᠤᠨ ᠪᠡᠯ ᠪᠠᠯᠭᠠᠰᠤᠨ ᠤ ᠲᠦᠷᠭᠡᠨ ᠭᠠᠴᠠᠭ᠎ᠠ 2025 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢ 30 ᠲᠦᠮᠡᠨ ᠲᠥᠭᠦᠷᠢᠭ ᠬᠥᠭᠵᠢᠭᠦᠯᠦᠨ ᠪᠤᠵᠠᠭᠠᠶᠢᠷᠠᠭᠤᠯᠤᠨ᠎ᠠ︔ ᠪᠠᠶᠠᠨ ᠨᠢᠷᠤᠭᠤᠨ ᠰᠤᠮᠤ ᠶᠢᠨ ᠲᠦᠩᠭᠡᠲᠦ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ 30 ᠲᠦᠮᠡᠨ ᠲᠥᠭᠦᠷᠢᠭ︔ ᠪᠠᠶᠠᠨ ᠨᠢᠷᠤᠭᠤᠨ ᠰᠤᠮᠤ ᠶᠢᠨ ᠰᠤᠬᠠᠶᠢᠲᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ 30 ᠲᠦᠮᠡᠨ ᠲᠥᠭᠦᠷᠢᠭ ᠪᠣᠯᠣᠨ᠎ᠠ︔ 2025 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠬᠦ ᠶᠢ ᠠᠬᠢᠭᠤᠯᠬᠤ ᠨᠥᠬᠦᠪᠦᠷᠢ ᠪᠡᠯᠡ ᠮᠥᠩᠭᠦ - ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ 129 ᠲᠦᠮᠡᠨ ᠲᠥᠭᠦᠷᠢᠭ ︵ᠪᠠᠷᠠᠭᠤᠨ ᠪᠠᠯ ᠪᠠᠯᠭᠠᠰᠤ ᠶᠢᠨ ᠱᠠᠩᠬᠠᠢ ᠭᠠᠴᠠᠭᠠᠨ ᠤ ᠬᠥᠮᠥᠨ ᠮᠠᠯ ᠤᠨ ᠤᠰᠤ ᠤᠮᠳᠠ ᠶᠢᠨ ᠮᠠᠰᠢᠨ ᠴᠠᠭᠢᠯᠭᠠᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 98 ᠲᠦᠮᠡᠨ ᠲᠥᠭᠦᠷᠢᠭ︶︔ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ 2025 ᠣᠨ ᠳᠤ ᠹᠯᠣᠷ ᠪᠠᠭ᠎ᠠ ᠬᠡᠪᠴᠢᠶ᠎ᠡ ᠪᠠᠷ ᠴᠠᠢ ᠪᠣᠷᠣᠯᠠᠭᠤᠯᠬᠤ ᠲᠥᠷᠥᠯ ᠵᠦᠢᠯ 31 ᠲᠦᠮᠡᠨ ᠲᠥᠭᠦᠷᠢᠭ︶︔ ᠬᠤᠰᠢᠭᠤᠨ ᠤ ᠲᠤᠰ ᠱᠠᠲᠤᠨ ᠤ ᠪᠡᠯᠡ ᠮᠥᠩᠭᠦ 600 ᠲᠦᠮᠡᠨ ᠲᠥᠭᠦᠷᠢᠭ᠂ ᠭᠤᠣᠯᠳᠠᠭᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2025 ᠣᠨ ᠳᠤ ᠬᠤᠰᠢᠭᠤ ᠲᠤᠰ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ 600 ᠲᠦᠮᠡᠨ ᠲᠥᠭᠦᠷᠢᠭ ᠪᠣᠯᠣᠨ᠎ᠠ᠃      2025 ᠣᠨ ᠤ 2 ᠳ᠋ᠤᠭᠠᠷ ᠰᠠᠷ᠎ᠠ ᠶᠢᠨ 28 ᠤ ᠡᠳᠦᠷ      ᠠᠯᠠᠱᠠ ᠵᠡᠭᠦᠨ ᠬᠤᠰᠢᠭᠤᠨ ᠤ 2015 ᠣᠨ ᠪᠤᠯᠲᠠᠯ᠎ᠠ 2 ᠳ᠋ᠤᠭᠠᠷ ᠰᠠᠷ᠎ᠠ ᠶᠢᠨ 28 ᠤ ᠡᠳᠦᠷ ᠬᠦᠷᠲᠡᠯᠡᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ ᠪᠠᠶᠢᠳᠠᠯ    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号