ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠯᠢᠦ ᡁᠢ ᠴᠢᠶᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/4
     ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠱᠠᠩ ᠳ᠋ᠧ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠬᠤᠷᠠᠯ ᠳᠤ ᠰᠤᠯᠠ ᠣᠷᠣᠯᠴᠠᠪᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ ᠃ ᠬᠤᠷᠠᠯ ᠠᠴᠠ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠠᠷᠢᠨ ᠬᠢᠨᠠᠮᠠᠭᠠᠶ ᠲᠥᠰᠦᠯ ᠲᠣᠭᠲᠠᠭᠠᠵᠤ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠣᠨᠣᠪᠴᠢᠲᠠᠶ ᠡᠷᠢᠵᠦ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠶ᠃    ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠯᠢᠦ ᡁᠢ ᠴᠢᠶᠠᠩ ᠨᠥᠬᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠪᠡ᠃    ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢᠦ ᡁᠢ ᠴᠢᠶᠠᠩ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠡᠷᠡᠰ ᠪᠠᠲᠤᠳᠬᠠᠵᠤ᠂ ︽ᠲᠦᠷᠪᠡᠨ ᠰᠤᠷᠤᠯᠴᠠᠬᠤ ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠦᠢᠯᠡᠳᠦᠯ ᠢ ᠭᠦᠨᠵᠡᠭᠡᠢ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢ ᠡᠳᠦᠷ ᠳᠤᠳᠤᠮ ᠤᠨ  ᠠᠮᠢᠳᠤᠷᠠᠯ ᠳᠤᠮᠳᠠ ᠬᠡᠷᠡᠭᠯᠡᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠠᠴᠠ ᠵᠢᠮ᠎ᠡ ᠶᠣᠰᠣ ᠶᠢ ᠨᠢ ᠣᠶᠢᠯᠠᠭᠠᠵᠤ᠂ ᠠᠷᠭ᠎ᠠ ᠶᠢ ᠨᠢ ᠰᠤᠷᠤᠯᠴᠠᠵᠤ᠂ ᠤᠶᠤᠨ ᠤᠬᠠᠭᠠᠨ ᠢᠶᠠᠨ ᠨᠡᠮᠡᠭᠳᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤ ᠶᠢᠨ ᠤᠷᠳᠤ ᠬᠤᠭᠤᠴᠠᠭ᠎ᠠ ᠲᠠᠢ ᠪᠦᠲᠦᠮᠵᠢᠲᠡᠢ ᠪᠠᠶᠢᠯᠭᠠᠬᠤ ᠶᠢᠨ ᠵᠡᠷᠭᠡ ᠳᠤ  ᠴᠢᠭᠯᠡᠯ ᠢ ᠨᠢ ᠲᠣᠳᠣᠷᠬᠠᠶᠢᠯᠠᠵᠤ᠂ ᠡᠷᠴᠢᠮ ᠢ ᠨᠢ ᠴᠢᠩᠭᠠᠳᠬᠠᠵᠤ᠂ ᠦᠨᠡᠨᠴᠢ ᠰᠢᠳᠤᠷᠭᠤ ᠪᠠᠶᠢᠵᠤ᠂ ᠰᠣᠷᠣᠯᠴᠠᠬᠤ ᠶᠢ ᠴᠢᠬᠤᠯᠠᠴᠢᠯᠠᠵᠤ᠂ ᠬᠤᠪᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠡᠷᠡᠰ ᠪᠠᠲᠤ ᠪᠤᠢ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ ᠶᠢ ᠢᠮᠠᠭᠲᠠ ᠬᠠᠮᠤᠭ ᠤᠨ ᠶᠡᠭᠡ ᠤᠯᠤᠰ ᠲᠦᠷᠦ᠂ ᠬᠠᠮᠤᠭ ᠤᠨ ᠶᠡᠭᠡ ᠪᠦᠬᠦ ᠲᠠᠯ᠎ᠠ᠂ ᠬᠠᠮᠤᠭ ᠤᠨ ᠶᠡᠭᠡ ︽ᠤᠯᠤᠰ ᠤᠨ ᠶᠡᠭᠡ ᠶᠠᠪᠤᠳᠠᠯ︾ ᠪᠣᠯᠭᠠᠵᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ ᠪᠣᠳᠠᠲᠠᠢ ᠬᠢᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠢᠮᠠᠭᠲᠠ ᠬᠠᠮᠤᠭ ᠤᠨ ᠶᠡᠭᠡ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠬᠠᠮᠤᠭ ᠤᠨ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠬᠤ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ︽157︾ ᠰᠡᠳᠬᠢᠴᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠰᠢᠷᠭᠠᠭᠤ ᠬᠠᠲᠠᠭᠤᠵᠢᠯᠲᠠᠶ ᠠᠵᠢᠯᠯᠠᠬᠤ ᠂ ᠦᠨᠡᠨ ᠬᠦ ᠠᠳᠬᠤᠨ ᠪᠣᠳᠠᠲᠠᠶ ᠠᠵᠢᠯᠯᠠᠬᠤ᠂ ᠵᠣᠷᠢᠭᠲᠠᠶ ᠪᠠᠷ ᠰᠡᠳᠬᠢᠨ ᠪᠣᠳᠣᠯᠬᠢᠯᠠᠵᠤ ᠵᠣᠷᠢᠭᠲᠠᠶ ᠪᠠᠷ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠥᠬᠦ ᠬᠦᠴᠦᠨ ᠢᠶᠠᠷ ᠢᠶᠠᠨ ︽ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠬᠦᠴᠢᠷᠳᠡᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠷᠭᠢᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠡᠷᠡᠭᠴᠡᠭᠡ ᠶᠢ ᠠᠷᠠᠳ ᠠᠴᠠ ᠠᠰᠠᠭᠤᠵᠤ᠂  ᠠᠷᠭ᠎ᠠ ᠤᠬᠠᠭᠠᠨ ᠢ ᠠᠷᠠᠳ ᠠᠴᠠ ᠠᠰᠠᠭᠤᠵᠤ᠂ ᠤᠯᠠᠨ ᠲᠦᠮᠡᠨ ᠤ ︽ᠠᠷᠭ᠎ᠠ ᠤᠬᠠᠭᠠᠨ︾ ᠢ ᠦᠨᠡᠨᠬᠦ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠦᠷ᠎ᠡ ᠪᠦᠳᠦᠮᠵᠢ︾ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠢ ᠶᠢ ᠡᠷᠡᠰ ᠴᠡᠪᠡᠷᠰᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠴᠠᠭ ᠢᠮᠠᠭᠲᠠ ᠪᠡᠶ᠎ᠡ ᠪᠠᠨ ᠬᠢᠴᠢᠶᠡᠵᠦ ᠪᠡᠶ᠎ᠡ ᠪᠠᠨ ᠲᠤᠩᠭᠠᠵᠤ᠂ ᠪᠡᠶ᠎ᠡ ᠪᠠᠨ ᠰᠡᠷᠡᠮᠵᠢᠯᠡᠭᠦᠯᠵᠦ ᠪᠡᠶ᠎ᠡ ᠪᠠᠨ ᠵᠣᠷᠢᠭᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠬᠠᠮᠵᠢᠯᠴᠠᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠡᠷᠬᠡ ᠪᠠᠨ ᠬᠡᠷᠡᠭᠯᠡᠬᠦ ᠶᠢ ᠵᠢᠷᠤᠮᠵᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号