| ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 7 ᠤ | ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ | ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠪᠠᠭᠠᠨ᠎ᠠ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠬᠢᠨᠠᠨ | ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ | ᠃ ᠬᠤᠷᠠᠯ ᠠᠴᠠ ᠡᠮᠦᠨ᠎ᠡ᠂ ᠠᠵᠢᠯ ᠤᠨ ᠲᠥᠰᠦᠯ ᠢᠶᠠᠨ ᠨᠠᠷᠢᠨ ᠨᠢᠮᠪᠠᠶ ᠲᠣᠭᠲᠠᠭᠠᠵᠤ᠂ ᠤᠨᠤᠯ ᠤᠨ ᠰᠤᠷᠤᠯᠴᠠᠯᠭ᠎ᠠ | ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ | ᠬᠤᠷᠢᠶᠠᠵᠤ᠂ ᠰᠡᠳᠬᠢᠯ ᠤᠨ ᠦᠭᠡ ᠪᠠᠨ ᠨᠠᠷᠢᠨ ᠬᠢᠨᠠᠮᠠᠭᠠᠶ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ | ᠨᠠᠷᠢᠨ ᠨᠢᠮᠪᠠᠶ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ | ᠪᠡᠯᠡᠳᠬᠡᠯ ᠬᠢᠵᠡᠶ᠃ | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ | ᠪᠠᠭᠠᠨ᠎ᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠢᠴᠠᠭᠤᠯᠤᠨ | ᠪᠠᠶᠢᠴᠠᠭᠠᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠠᠷᠢᠴᠠᠭᠤᠯᠤᠨ | ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠯ ᠥᠷᠨᠢᠭᠦᠯᠪᠡ᠃ | ᠪᠠᠭᠠᠨ᠎ᠠ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ | ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠲᠤᠭ ᠲᠡᠮᠳᠡᠭ | ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ | ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠣᠷᠣᠰᠢᠵᠤ ᠪᠠᠶᠢᠭ᠎ᠠ | ᠠᠰᠠᠭᠤᠳᠠᠯ ᠤᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠲᠠᠨᠢᠵᠤ᠂ ᠢᠳᠡᠪᠬᠢᠲᠡᠢ ᠪᠠᠷ ᠬᠠᠷᠢᠭᠤᠴᠠᠯᠭ᠎ᠠ | ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ᠃ ᠲᠦᠷᠦᠭᠦᠯᠡᠨ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠨᠠᠷᠢᠨ | ᠬᠢᠨᠠᠮᠠᠭᠠᠢ ᠪᠠᠶᠢᠵᠤ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ | ᠪᠤᠰᠬᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠠᠵᠢᠯ ᠤᠨ | ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ | ᠠᠶᠢᠮᠠᠭ ᠤᠨ ᠨᠠᠮ ᠤᠨ ᠬᠤᠷᠢᠶᠠᠨ ᠤ ︽157︾ ᠰᠡᠳᠬᠢᠴᠡ ᠶᠢ ᠬᠦᠴᠦ ᠪᠠᠨ ᠲᠥᠪᠯᠡᠷᠡᠭᠦᠯᠦᠨ ᠰᠠᠶᠢᠲᠤᠷ | ᠨᠠᠶᠢᠳᠠᠪᠤᠷᠢᠵᠢᠭᠤᠯᠵᠤ᠂ ︽ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠵᠠᠰᠠᠭ ᠤᠨ ᠣᠷᠳᠣᠨ ᠤ ᠠᠵᠢᠯ ᠢ ᠨᠢᠭᠡᠨ ᠰᠢᠨ᠎ᠡ ᠬᠢᠷᠢ ᠲᠦᠪᠰᠢᠨ ᠳᠤ ᠬᠦᠷᠲᠡᠯ᠎ᠡ | ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠤ ᠵᠢᠭᠠᠵᠤ ᠭᠠᠷᠭᠠᠪᠠ᠃ | | | |