ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/4
   2 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠪᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ 2025 ᠣᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠮᠧᠶ ᠦ᠋ ᠬᠤᠷᠠᠯ ᠢ ᠡᠷᠭᠢᠯᠡᠭᠰᠡᠨ ᠪᠥᠭᠡᠳ ᠠᠵᠢᠯ ᠢᠶᠠᠨ ᠪᠠᠶᠢᠷᠢᠯᠠᠭᠤᠯᠪᠠ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    ᠯᠢᠦ ᡁᠢ ᠴᠢᠶᠠᠩ᠂ 2024 ᠣᠨ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠷᠪᠠᠨ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠨᠠᠩ ᠪᠦᠲᠦᠮᠵᠢᠲᠡᠶ ᠪᠠᠬᠢᠵᠢᠭᠦᠯᠦᠨ ᠬᠥᠭᠵᠢᠭᠦᠯᠪᠡ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠭᠤᠤᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠠᠵᠢᠯ ᠢᠶᠠᠨ ᠰᠠᠶᠢᠲᠤᠷ ᠬᠢᠵᠦ᠂ ᠬᠡᠪ ᠤᠨ ᠪᠤᠰᠤ ᠠᠷᠭ᠎ᠠ ᠬᠡᠮᠵᠢᠶ᠎ᠡ ᠪᠠᠷ ᠨᠢᠭᠡ ᠪᠦᠯᠦᠭ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠴᠦᠬᠡᠨ ᠴᠦ ᠠᠭᠤᠴᠢᠯᠠᠬᠤ ᠥᠬᠡᠶ ᠣᠪᠣᠷ ᠢᠶᠠᠷ ᠨᠢᠭᠡ ᠪᠦᠯᠦᠭ ᠢᠯᠵᠠᠷᠠᠨ ᠲᠤᠷᠦ᠋ᠢᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ ᠭᠡᠪᠡ᠃    ᠯᠢᠦ ᡁᠢ ᠴᠢᠶᠠᠩ᠂ ᠣᠳᠣᠬᠠᠨ ᠳᠤ ᠪᠥᠬᠦ ᠬᠤᠰᠢᠭᠤᠨ ᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠢᠯᠵᠠᠷᠠᠯ ᠡᠭᠦᠰᠬᠦ ᠣᠷᠴᠢᠨ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠡᠷᠦᠩᠬᠡᠢ ᠪᠠᠶᠢᠳᠠᠯ ᠢ ᠭᠦᠨᠵᠡᠭᠡᠢ ᠡᠵᠡᠮᠳᠡᠵᠦ᠂ ᠡᠭᠦᠷᠢᠳᠡ ᠵᠤᠬᠰᠤᠰᠢ ᠦᠭᠡᠢ ᠬᠠᠳᠠᠨ ᠵᠣᠷᠢᠭ ᠢᠶᠠᠷ ᠨᠠᠮ ᠤᠨ ᠥᠪᠡᠷ ᠤᠨ ᠪᠡᠶ᠎ᠡ ᠪᠠᠨ ᠴᠡᠭᠴᠡᠯᠡᠨ ᠴᠢᠩᠳᠠᠠᠯᠠᠬᠤ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠤᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠣᠳᠠᠲᠠᠶ ᠱᠠᠭᠠᠷᠳᠠᠯᠭ᠎ᠠ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ᠠᠶᠢᠮᠠᠭ ᠤᠨ ᠨᠠᠮ ᠤᠨ ᠬᠤᠷᠢᠶ᠎ᠠ ᠶᠢᠨ ︽157︾ ᠰᠡᠳᠬᠢᠴᠡ ᠪᠠ ᠬᠤᠰᠢᠭᠤᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤᠮᠳᠠ ᠢᠯᠡᠷᠡᠭᠦᠯᠵᠦ᠂ ᠠᠯᠠᠱᠠ ᠵᠡᠭᠦᠨ ᠬᠤᠰᠢᠭᠤᠨ ᠤ ᠬᠦᠴᠢᠷᠳᠡᠯ ᠢ ᠰᠢᠢᠳᠪᠦᠷᠢᠯᠡᠬᠦ ᠪᠦᠰᠡᠯᠡᠯᠲᠡ ᠶᠢᠨ ᠲᠡᠶᠢᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠨᠡᠮᠡᠷᠢᠯᠡᠵᠦ᠂ ᠤᠯᠤᠰ ᠲᠥᠷᠥ ᠶᠢᠨ ᠬᠢᠨᠠᠯᠲᠠ ᠶᠢ ᠳᠣᠪᠤᠶᠢᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠴᠢᠩᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠨᠠᠷᠢᠯᠢᠭᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠳᠤᠮᠳᠠ ᠪᠢᠰᠢᠷᠡᠨ ᠵᠢᠷᠦᠬᠡᠰᠢᠶᠡᠬᠦ  ᠰᠡᠳᠬᠢᠯᠭᠡ ᠲᠠᠢ ᠪᠠᠶᠢᠵᠤ᠂ ᠬᠤᠷᠢᠭ᠎ᠠ ᠱᠤᠭᠤᠮ ᠢ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠰᠣᠶᠣᠯ ᠪᠣᠯᠤᠨ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠬᠦ ᠬᠡᠷᠡᠭᠲᠡᠢ᠃ ᠰᠤᠷᠲᠠᠯ ᠢ ᠲᠥᠪ ᠪᠣᠯᠭᠠᠨ ᠢᠯᠵᠠᠷᠠᠯ ᠢ ᠡᠰᠡᠷᠭᠦᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠬᠡᠯᠬᠢᠶ᠎ᠡ᠂ ᠬᠠᠰᠢᠯᠭ᠎ᠠ ᠶᠢ ᠪᠠᠬᠢᠵᠢᠭᠦᠯᠵᠦ᠂ ︽ᠪᠠᠶᠢᠴᠠᠭᠠᠬᠤ︾ ᠲᠠᠯ᠎ᠠ ᠪᠠᠷ ᠦᠨᠡᠨ ᠪᠣᠳᠠᠲᠠᠶ ᠠᠵᠢᠯᠯᠠᠬᠤ ᠪᠠᠷ ᠪᠠᠷᠠᠬᠤ ᠥᠬᠡᠶ ᠪᠠᠰᠠ ︽ᠵᠠᠰᠠᠬᠤ︾ ᠲᠠᠯ᠎ᠠ ᠪᠠᠷ ᠦᠨᠡᠨ ᠪᠣᠳᠠᠲᠠᠶ ᠪᠠᠶᠢᠵᠤ᠂ ︽ᠵᠡᠷᠭᠡ ᠪᠠᠷ ᠵᠠᠰᠠᠬᠤ︾ ᠪᠠᠷ ᠰᠤᠷᠲᠠᠯ ᠤᠨ ᠢᠯᠵᠠᠷᠠᠯ ᠤᠨ ᠨᠡᠶᠢᠲᠡᠯᠢᠭ ᠴᠢᠨᠠᠷᠲᠠᠶ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠶ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ᠪᠦᠲᠦᠮᠵᠢᠲᠡᠢ ᠬᠢᠨᠠᠯᠲᠠ ᠲᠠᠯᠪᠢᠬᠤ ᠳᠤᠮᠳᠠ ︽ᠱᠤᠷᠠᠭ︾ ᠢᠶᠠᠨ ᠴᠢᠩᠭᠠᠷᠠᠭᠤᠯᠵᠤ᠂ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠬᠤ ᠳᠤᠮᠳᠠ ᠵᠣᠷᠢᠭᠲᠠᠢ ᠪᠠᠷ ᠡᠭᠦᠷᠭᠡᠯᠡᠵᠦ᠂ ᠦᠯᠢᠭᠡᠷ ᠳᠠᠭᠤᠷᠢᠶᠠᠯ ᠪᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠮᠥᠷᠲᠡᠭᠡᠨ ᠪᠠᠰᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠰᠢᠯᠭᠠᠷᠠᠭᠰᠠᠨ ᠴᠡᠷᠢᠭ ᠢ ᠳᠠᠪᠲᠠᠨ ᠪᠣᠯᠪᠠᠰᠤᠷᠠᠭᠤᠯᠵᠤ᠂ ᠳᠠᠪᠲᠠᠨ ᠪᠣᠯᠪᠠᠰᠤᠷᠠᠭᠤᠯᠬᠤ ᠳᠤᠮᠳᠠ ᠤᠬ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠤᠨ ᠪᠦᠳᠦᠭᠡᠨ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃    ᠯᠢᠦ ᡁᠢ ᠴᠢᠶᠠᠩ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠦᠴᠢᠷ ᠪᠡᠷᠬᠡᠰᠢᠶᠡᠯ ᠠᠴᠠ ᠠᠶᠤᠬᠤ ᠥᠬᠡᠶ ᠰᠢᠪᠲᠤᠯᠤᠯᠲᠠ ᠶᠢᠨ ᠵᠣᠷᠢᠭ᠂ ᠴᠥᠬᠦᠷᠡᠰᠢ ᠥᠬᠡᠶ ᠬᠠᠲᠠᠭᠤ ᠵᠣᠷᠢᠭ ᠪᠠ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠲᠡᠮᠡᠴᠡᠯ ᠤᠨ ᠵᠣᠷᠢᠭ ᠢᠶᠠᠨ ᠢᠮᠠᠭᠲᠠ ᠪᠠᠷᠢᠮᠲᠠᠯᠠᠵᠤ᠂ ᠲᠦᠢᠯᠪᠤᠷᠢᠲᠠᠶ ᠥᠪᠡᠷ ᠤᠨ ᠪᠡᠶ᠎ᠡ ᠪᠠᠨ ᠴᠢᠩᠭ᠎ᠠ ᠱᠠᠭᠠᠷᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠶᠢ ᠡᠭᠦᠳᠦᠨ ᠪᠣᠳᠠᠲᠠᠶ ᠠᠵᠢᠯᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠦᠴᠦᠨ ᠢᠶᠠᠷ ᠠᠯᠠᠱᠠ ᠵᠡᠭᠦᠨ ᠬᠤᠰᠢᠭᠤᠨ ᠤ ᠬᠦᠴᠢᠷᠳᠡᠯ ᠢ ᠰᠢᠢᠳᠪᠦᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠠᠮᠢ ᠠᠬᠤᠶ ᠭᠤᠶᠢᠳᠠ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠪᠠᠶᠠᠨ ᠴᠢᠨᠡᠭᠡᠯᠢᠭ᠂ ᠬᠢᠯᠢ ᠬᠢᠵᠠᠭᠠᠷ ᠠᠮᠤᠷ ᠲᠣᠭᠲᠠᠭᠤᠨ ᠡᠶ᠎ᠡ ᠵᠣᠬᠢᠴᠠᠯ ᠲᠠᠢ ᠵᠣᠯ ᠵᠢᠷᠭᠠᠯᠲᠤ ᠠᠯᠠᠱᠠ ᠵᠡᠭᠦᠨ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠡᠶ᠃    ᠮᠧᠢ ᠡᠦ ᠬᠤᠷᠠᠯ ᠡᠷᠬᠢᠯᠡᠬᠦ ᠳᠡᠭᠡᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠰᠠᠶᠢᠲᠤᠷ ᠠᠳᠬᠤᠬᠤ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠠᠳᠬᠤᠵᠤ᠂ ᠳᠠᠷᠤᠯᠲᠠ ᠶᠢ ᠴᠠᠭ ᠲᠤᠬᠠᠢ ᠳᠤᠨᠢ ᠳᠠᠮᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠤᠯᠤᠰ ᠲᠦᠷᠦ ᠶᠢᠨ ᠡᠭᠦᠷᠭᠡᠯᠡᠯ ᠢ ᠦᠨᠡᠨᠬᠦ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠡᠷᠡᠮᠵᠢᠯᠡᠭᠦᠯᠦᠨ ᠬᠦᠮᠦᠵᠢᠭᠦᠯᠬᠦ ᠹᠢᠯᠢᠮ ︽ᠰᠡᠷᠡᠮᠵᠢ ᠶᠢᠨ ᠬᠤᠩᠬᠤ︾ ᠶᠢ ᠲᠥᠪᠯᠡᠷᠡᠭᠦᠯᠦᠨ ᠦᠵᠡᠵᠦ᠂ ᠮᠧᠶ ᠦ᠋ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ︽ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ ᠨᠠᠮ ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号