| ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠦᠭᠦᠳᠡ ︵ᠥᠷᠭᠡᠳᠬᠡᠬᠦ︶ | ᠬᠤᠷᠠᠯ ᠤᠨ ᠰᠢᠢᠳᠪᠦᠷᠢ | ︵2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠯᠠᠱᠠ ᠵᠡᠭᠦᠨ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠲᠠᠪᠤᠳᠤᠭᠠᠷ ᠤᠳᠠᠭᠠᠨ ᠤ ᠪᠦᠭᠦᠳᠡ ︵ᠥᠷᠭᠡᠳᠭᠡᠭᠰᠡᠨ︶ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ︵ | ᠥᠷᠭᠡᠳᠬᠡᠭᠰᠡᠨ︶ ᠬᠤᠷᠠᠯ 2025 ᠣᠨ ᠤ 2 ᠳ᠋ᠤᠭᠠᠷ ᠰᠠᠷ᠎ᠠ ᠶᠢᠨ 8 ᠤ ᠡᠳᠦᠷ ᠬᠤᠷᠠᠯᠳᠤᠪᠠ᠃ ᠠᠯᠠᠱᠠ ᠵᠡᠭᠦᠨ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 15 ᠬᠥᠮᠦᠨ᠂ 153 ᠬᠥᠮᠦᠨ ᠰᠤᠯᠠ | ᠣᠷᠣᠯᠴᠠᠪᠠ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ | ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠵᠢᠴᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ | ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠪᠥᠬᠦᠳᠡ ᠬᠤᠷᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠪᠦᠬᠦᠳᠡ ᠬᠤᠷᠠᠯ ᠠᠴᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ 2024 ᠣᠨ ᠤ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠵᠤ᠂ ᠮᠧᠢ ᠦ᠋ | ᠨᠥᠬᠦᠷ ᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠢᠭᠰᠡᠨ ︽ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ ᠨᠠᠮ | ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠵᠡᠭᠦᠨ | ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ | ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠯᠢ ᠰᠢ | ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠢᠭᠰᠡᠨ ᠠᠵᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠩᠭᠡᠷᠡᠭᠰᠡᠨ ᠨᠢᠭᠡ | ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠶᠢ ᠭᠦᠢᠴᠡᠳ ᠨᠤᠲᠠᠯᠠᠵᠤ᠂ ᠠᠯᠤᠰ ᠬᠡᠳᠦ ᠶᠢᠨ ᠲᠡᠦᠬᠡᠨ ᠬᠠᠷᠠᠴᠠ ᠪᠠᠷ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠦᠨᠳᠦᠰᠦᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠣᠳᠣᠬᠠᠨ ᠤ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠲᠤᠭ ᠲᠡᠮᠳᠡᠭ ᠲᠣᠳᠣᠷᠬᠠᠢ ᠪᠠᠷ ᠪᠤᠷᠤᠭᠤ ᠲᠠᠨᠢᠯᠲᠠ ᠶᠢ | ᠲᠣᠳᠣᠷᠬᠠᠶᠢᠯᠠᠵᠤ᠂ ᠦᠵᠡᠯ ᠰᠠᠨᠠᠭᠠᠨ ᠤ ᠮᠠᠨᠠᠨ ᠢ ᠲᠣᠳᠣᠷᠬᠠᠶᠢᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠤ | ᠢᠯᠠᠯᠲᠠ ᠶᠢ ᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ | ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠯᠢ ᠰᠢ ᠨᠥᠬᠦᠷ ᠤᠨ ᠠᠵᠢᠯ ᠤᠨ ᠮᠡᠳᠡᠭᠦᠯᠦᠯᠲᠡ᠂ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ | ᠭᠤᠶᠢᠪᠢᠰᠢ ᠥᠬᠡᠶ ᠭᠦᠨᠵᠡᠭᠡᠶᠢᠷᠡᠭᠦᠯᠦᠨ ᠠᠬᠢᠭᠤᠯᠬᠤ ᠲᠤᠬᠠᠶ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ | ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠦᠷᠭᠦᠯᠵᠢᠯᠡᠨ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ᠃ ᠯᠢᠦ ᡁᠢ ᠴᠢᠶᠠᠩ ᠨᠥᠬᠦᠷ ᠤᠨ ᠬᠤᠰᠢᠭᠤᠨ ᠤ | ᠨᠠᠮ ᠤᠨ ᠬᠤᠷᠢᠶ᠎ᠠ ᠶᠢ ᠲᠥᠯᠥᠭᠡᠯᠡᠨ ᠬᠢᠭᠰᠡᠨ ᠶᠠᠷᠢᠶ᠎ᠠ ᠨᠢ ᠪᠥᠬᠦ ᠬᠤᠰᠢᠭᠤᠨ ᠤ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠬᠤ ᠲᠤᠬᠠᠶ ᠰᠢᠨ᠎ᠡ | ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠪᠠ᠃ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ | ᠡᠷᠡᠰ ᠲᠣᠣᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠪᠥᠬᠦᠳᠡ ᠬᠤᠷᠠᠯ ᠠᠴᠠ᠂ 2024 ᠣᠨ ᠳᠤ ᠬᠤᠰᠢᠭᠤᠨ ᠤ ᠨᠠᠮ ᠤᠨ ᠬᠤᠷᠢᠶ᠎ᠠ ᠶᠡᠷᠦᠩᠬᠡᠢ ᠱᠦᠵᠢ | ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠤᠷᠤᠭᠰᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠤᠯᠤᠰ ᠲᠦᠷᠦ ᠶᠢᠨ ᠬᠦᠳᠦᠯᠦᠨ ᠳᠠᠭᠠᠭᠤᠯᠬᠤ ᠪᠠ ᠤᠯᠤᠰ ᠲᠦᠷᠦ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ᠢᠯᠵᠢᠷᠡᠯ ᠢ ᠡᠰᠡᠷᠭᠦᠴᠡᠵᠦ ᠠᠷᠠᠳ ᠤᠨ ᠲᠥᠯᠥᠭᠡ ᠰᠡᠳᠬᠢᠯ ᠲᠠᠯᠪᠢᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠢ | ᠬᠦᠳᠦᠯᠦᠨ ᠳᠠᠭᠠᠭᠤᠯᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠪᠥᠬᠦ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠬᠢᠨ ᠠᠶᠢᠮᠠᠭ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ | ᠡᠰᠡᠷᠭᠦᠴᠡᠬᠦ ᠲᠡᠮᠡᠴᠡᠯ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠠᠰᠢ ᠥᠷᠭᠡᠳᠬᠡᠵᠦ᠂ ᠣᠯᠠᠨ ᠲᠦᠮᠡᠨ ᠤ | ᠳᠡᠷᠭᠡᠳᠡ ᠥᠷᠭᠡᠳᠬᠡᠬᠦ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠨᠢ ᠢᠯᠡᠳᠳᠡ ᠰᠢᠨ᠎ᠡ ᠦᠷ᠎ᠡ ᠪᠦᠲᠦᠮᠵᠢ ᠤᠯᠪᠠ᠃ | ᠪᠥᠬᠦᠳᠡ ᠬᠤᠷᠠᠯ ᠠᠴᠠ᠂ ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠪᠣᠯᠤᠨ | ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ | ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ | ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠠᠯᠠᠱᠠ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠳᠤᠷᠠᠳᠪᠠ᠃ | | ᠨᠢᠭᠡᠳᠦᠭᠡᠷ ᠲᠤ᠂ ᠤᠯᠤᠰ ᠲᠦᠷᠦ ᠶᠢᠨ ᠬᠢᠨᠠᠯᠲᠠ ᠶᠢᠨ ᠦᠨᠳᠦᠰᠦᠨ ᠵᠢᠷᠤᠮᠯᠠᠯ ᠢ ᠣᠨᠣᠪᠴᠢᠲᠠᠢ ᠡᠵᠡᠮᠳᠡᠵᠦ᠂ | ᠭᠤᠣᠯ ᠶᠡᠭᠡ ᠲᠠᠯ᠎ᠠ ᠶᠢ ᠬᠠᠮᠠᠭᠠᠯᠠᠬᠤ ᠳᠡᠭᠡᠷ᠎ᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠷᠭᠠᠭᠤ | ᠠᠵᠢᠯᠯᠠᠨ᠎ᠠ | ᠤᠯᠤᠰ ᠲᠦᠷᠦ ᠶᠢᠨ ᠬᠢᠨᠠᠯᠲᠠ ᠶᠢ ᠬᠦᠴᠦᠯᠡᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠥᠭᠡᠷᠡᠴᠢᠯᠡᠯᠲᠡ ᠶᠢᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠶᠢ ᠴᠢᠩᠭ᠎ᠠ ᠠᠩᠬᠠᠷᠴᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ︽157︾ ᠰᠡᠳᠬᠢᠴᠡ ᠶᠢ ᠭᠦᠨᠵᠡᠭᠡᠶ | ᠨᠠᠶᠢᠳᠠᠪᠤᠷᠢᠵᠢᠭᠤᠯᠬᠤ ᠪᠠ ︽ᠵᠢᠷᠭᠤᠭᠠᠨ ᠭᠤᠷᠪᠠ︾ ᠶᠢᠨ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠬᠢᠨᠠᠯᠲᠠ ᠲᠠᠯᠪᠢᠬᠤ ᠠᠭᠤᠯᠭ᠎ᠠ ᠪᠠᠨ ᠨᠠᠷᠢᠯᠢᠬᠵᠢᠭᠤᠯᠵᠤ᠂ ᠰᠠᠬᠢᠯᠭ᠎ᠠ ᠪᠠᠲᠤ ᠠᠴᠠ ᠵᠥᠷᠢᠴᠡᠭᠰᠡᠨ᠂ | ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠵᠡᠷᠭᠡ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠵᠦ᠂ ᠰᠢᠢᠳᠪᠦᠷᠢᠯᠡᠵᠦ᠂ ᠵᠠᠷᠯᠠᠨ ᠮᠡᠳᠡᠭᠳᠡᠬᠦ ᠬᠡᠷᠡᠭᠲᠡᠢ᠃ ᠤᠯᠤᠰ ᠲᠦᠷᠦ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠠᠳᠬᠤᠨ | ᠬᠥᠲᠥᠯᠪᠦᠷᠢ ᠶᠢ ᠠᠳᠬᠤᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠴᠣᠭᠴᠠ ᠶᠢᠨ ᠬᠠᠷᠢᠭᠤᠴᠠᠯᠭ᠎ᠠ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠠᠳᠠᠯᠢ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠡᠯ᠎ᠡ ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ | ᠨᠢᠭᠡᠳᠦᠯᠲᠡᠢ ᠵᠣᠬᠢᠴᠠᠭᠤᠯᠬᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠬᠦᠯᠬᠦ | ᠬᠡᠷᠡᠭᠲᠡᠢ᠃ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢ ᠨᠥᠯᠥᠭᠡᠯᠡᠬᠦ ᠭᠤᠤᠯ ᠵᠥᠷᠢᠴᠡᠯ ᠢ ᠭᠦᠨᠵᠡᠭᠡᠶ ᠡᠷᠢᠵᠦ᠂ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠳᠠᠬᠢ ᠴᠢᠬᠤᠯᠠ ᠶᠡᠭᠡ ᠵᠥᠷᠢᠶ᠎ᠡ ᠶᠢ ᠭᠦᠨᠵᠡᠭᠡᠶ ᠡᠷᠢᠵᠦ᠂ ᠠᠰᠠᠭᠤᠳᠠᠯ ᠢ ᠨᠠᠩ ᠣᠨᠣᠪᠴᠢᠲᠠᠶ | ᠢᠯᠡᠷᠡᠭᠦᠯᠵᠦ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠶᠢᠵᠢᠭᠤᠯᠬᠤ | ᠬᠡᠷᠡᠭᠲᠡᠢ᠃ | ᠬᠤᠶᠠᠳᠤᠭᠠᠷ ᠲᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠠᠯᠲᠠ ᠡᠭᠦᠷᠭᠡ ᠶᠢ | ᠣᠨᠣᠪᠴᠢᠲᠠᠶ ᠡᠵᠡᠮᠳᠡᠵᠦ᠂ ︽ᠭᠤᠷᠪᠠᠨ ᠢᠯᠵᠡᠷᠡᠯ︾ ᠢ ᠨᠢᠭᠡ ᠴᠤᠭᠴᠠᠵᠢᠭᠤᠯᠤᠨ ᠠᠬᠢᠭᠤᠯᠬᠤ ᠲᠠᠯ᠎ᠠ ᠪᠠᠷ | ᠡᠷᠴᠢᠮ ᠢᠶᠠᠨ ᠰᠤᠯᠠᠷᠠᠭᠤᠯᠬᠤ ᠦᠭᠡᠢ | ᠱᠠᠮᠰᠢᠬᠤ ᠶᠢ ᠴᠡᠭᠡᠷᠯᠡᠵᠦ ᠢᠯᠵᠠᠷᠠᠯ ᠢ ᠵᠠᠰᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ | ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠠᠰᠠᠭᠤᠳᠠᠯ ᠪᠣᠯᠤᠨ ᠠᠵᠤ ᠠᠬᠤᠢ ᠶᠢᠨ ᠠᠰᠠᠭᠤᠳᠠᠯ | ᠰᠣᠯᠪᠢᠴᠠᠭᠰᠠᠨ ᠢᠯᠵᠠᠷᠠᠯ ᠤᠨ ᠬᠡᠷᠡᠭ ᠢ ᠴᠢᠩᠭ᠎ᠠ ᠪᠠᠶᠢᠴᠠᠭᠠᠵᠤ᠂ ᠮᠥᠩᠭᠦᠨ ᠭᠦᠢᠯᠭᠡᠭᠡ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠭᠠᠯ ᠤᠨᠲᠠᠷᠠᠭᠠᠬᠤ᠂ ᠡᠮ ᠡᠮᠨᠡᠯᠭᠡ᠂ ᠰᠤᠷᠭᠠᠭᠤᠯᠢ᠂ ᠪᠡᠶ᠎ᠡ ᠶᠢᠨ | ᠲᠠᠮᠢᠷ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠣᠯᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠵᠡᠷᠭᠡ ᠬᠦᠷᠢᠶᠡᠨ ᠤ ᠰᠢᠰᠲ᠋ᠧᠮ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠲᠣᠭᠲᠠᠭᠠᠯ ᠠᠴᠠ ᠵᠥᠷᠢᠴᠡᠭᠰᠡᠨ | ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠠᠴᠠ ᠪᠤᠯᠵᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠦᠨᠳᠦ | ᠶᠡᠭᠡ ᠬᠤᠬᠢᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ | ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠬᠦᠴᠦᠯᠡᠨ | ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢ | ᠬᠢᠨᠠᠨ ᠬᠠᠮᠢᠶᠠᠷᠬᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠷᠦᠶ ᠬᠤᠷᠤᠶ ᠥᠬᠡᠶ | ᠦᠵᠡᠭᠳᠡᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ︽ᠰᠢᠬᠦᠷ ᠢ ᠤᠰᠠᠳᠬᠠᠬᠤ︾ ᠶᠢ ᠪᠠᠶᠢᠩᠭᠤᠵᠢᠭᠤᠯᠤᠨ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠬᠦ ᠵᠡᠷᠭᠡ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ | ᠴᠢᠩᠭ᠎ᠠ ᠠᠩᠬᠠᠷᠴᠤ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠴᠡᠭᠴᠡᠯᠡᠨ ᠵᠠᠰᠠᠵᠤ᠂ ᠣᠯᠠᠨ ᠲᠦᠮᠡᠨ ᠳᠤ | ᠦᠨᠡᠨ ᠬᠦ ᠬᠠᠨᠤᠮᠵᠢᠲᠠᠢ ᠲᠥᠷᠥᠭᠳᠡᠯ ᠥᠭᠴᠦ᠂ ᠪᠣᠳᠠᠲᠤ ᠠᠰᠢᠭ ᠬᠦᠷᠲᠡᠭᠡᠬᠦ ᠬᠡᠷᠡᠭᠲᠡᠶ᠃ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠶᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠬᠢᠨᠠᠯᠲᠠ ᠲᠠᠯᠪᠢᠬᠤ᠂ ᠬᠡᠷᠡᠭ | ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠵᠠᠰᠠᠬᠤ ᠶᠢ ᠨᠡᠪᠲᠡᠷᠡᠯᠴᠡᠭᠦᠯᠵᠦ᠂ ᠡᠷᠬᠡ ᠶᠢᠨ | ᠲᠣᠬᠢᠷᠠᠭᠤᠯᠤᠯᠲᠠ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠶᠢ | ᠠᠬᠢᠭᠤᠯᠵᠤ᠂ ᠲᠦᠷᠢᠮ ᠤᠨ ᠳᠤᠲᠠᠭᠳᠠᠯ ᠢ ᠤᠯᠠᠮ ᠴᠢᠨᠠᠭᠰᠢᠳᠠ ᠨᠥᠬᠦᠪᠦᠷᠢᠯᠠᠨ᠂ ᠴᠢᠯᠥᠭᠡᠲᠦ ᠲᠠᠰᠤᠯᠤᠯᠲᠠ ᠶᠢᠨ | ᠡᠷᠬᠡ ᠶᠢ ᠵᠢᠷᠤᠮᠵᠢᠭᠤᠯᠤᠨ᠂ ᠱᠠᠮᠰᠢᠬᠤ ᠶᠢ ᠪᠠᠭᠠᠰᠬᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠨ ᠲᠦᠷᠢᠮ | ᠲᠣᠭᠲᠠᠭᠠᠯ ᠲᠣᠭᠲᠠᠭᠠᠵᠤ᠂ ᠰᠢᠯᠢᠳᠡᠭᠵᠢᠭᠦᠯᠦᠨ ᠵᠠᠰᠠᠬᠤ ᠶᠢ ᠪᠡᠶᠡᠯᠡᠭᠦᠯᠬᠦ ᠬᠡᠷᠡᠭᠲᠡᠶ᠃ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠬᠥᠮᠦᠵᠢᠯ ᠤᠨ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠂ ᠵᠠᠯᠠᠭᠤ | ᠺᠠᠳ᠋ᠷ ᠪᠣᠯᠤᠨ ᠰᠢᠨ᠎ᠡ ᠪᠠᠷ ᠳᠡᠪᠰᠢᠭᠦᠯᠦᠭᠰᠡᠨ ᠺᠠᠳ᠋ᠷ ᠵᠡᠷᠭᠡ ᠭᠤᠣᠯᠳᠠᠯᠭ᠎ᠠ ᠲᠠᠢ ᠬᠠᠮᠲᠤᠯᠢᠭ ᠢ ᠲᠤᠪᠤᠶᠢᠯᠭᠠᠵᠦ᠂ | ᠰᠠᠬᠢᠯᠭ᠎ᠠ ᠪᠠᠲᠤ ᠶᠢᠨ ᠬᠥᠮᠦᠵᠢᠯ ᠢ ᠨᠠᠮ ᠤᠨ ᠭᠡᠰᠢᠭᠦᠨ ᠺᠠᠳ᠋ᠷᠴᠤᠳ ᠤᠨ ᠦᠰᠦᠨ ᠪᠤᠶᠢᠵᠢᠯᠲᠠ ᠶᠢᠨ ᠪᠦᠬᠦ | ᠦᠶᠡᠯᠡᠯ ᠤᠨ ᠬᠤᠭᠤᠴᠠᠭᠠᠨ ᠳᠤ ᠲᠤᠤᠱᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠬᠦ | ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠬᠥᠮᠦᠵᠢᠯ ᠢ ᠬᠦᠴᠦᠯᠡᠨ ᠴᠢᠩᠭᠠᠳᠬᠠᠵᠤ᠂ ᠲᠡᠮᠦᠷ | ᠮᠡᠲᠦ ᠰᠠᠬᠢᠯᠭ᠎ᠠ ᠪᠠᠲᠤ ᠶᠢ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ | ᠵᠢᠷᠤᠮᠯᠠᠯ ᠪᠣᠯᠭᠠᠨ ᠬᠤᠪᠢᠷᠠᠭᠤᠯᠬᠤ ᠬᠡᠷᠡᠭᠲᠡᠢ᠃ | ᠭᠤᠷᠪᠠᠳᠤᠭᠠᠷ ᠲᠤ᠂ ᠰᠤᠷᠲᠠᠯ ᠤᠨ ᠪᠠᠶᠢᠭᠤᠯᠤᠯᠲᠠ ᠶᠢᠨ ᠠᠭᠤᠯᠤᠭᠳᠠᠬᠤᠨ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ᠂ ᠰᠤᠷᠲᠠᠯ ᠤᠨ ᠠᠷᠬᠠᠭ ᠭᠡᠮ ᠢ ᠵᠠᠯᠠᠷᠠᠭᠤᠯᠬᠤ ᠲᠠᠯ᠎ᠠ ᠪᠠᠷ ᠡᠴᠦᠰ ᠲᠤᠨᠢ ᠲᠤᠯᠲᠠᠯ᠎ᠠ ᠠᠳᠬᠤᠵᠤ᠂ | ᠤᠳᠠᠭᠠᠨ ᠳᠠᠭᠠᠭᠠᠮᠠᠭᠠᠢ ᠴᠢᠷᠮᠠᠶᠢᠬᠤ ᠬᠡᠷᠡᠭᠲᠡᠢ | ᠰᠤᠷᠲᠠᠯ ᠤᠨ ᠠᠷᠬᠠᠭ ᠭᠡᠮ ᠢ ᠴᠢᠩᠭ᠎ᠠ ᠴᠡᠭᠴᠡᠯᠡᠨ ᠵᠠᠰᠠᠵᠤ᠂ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠲᠠᠯ ᠢ ᠲᠥᠪ ᠪᠣᠯᠭᠠᠨ ᠢᠯᠵᠢᠷᠡᠯ ᠢ ᠡᠰᠡᠷᠭᠦᠴᠡᠬᠦ ᠶᠢ ᠨᠢᠭᠡ ᠴᠤᠬᠴᠠᠵᠢᠭᠤᠯᠤᠨ ᠭᠦᠨᠵᠡᠭᠡᠶᠢᠷᠡᠭᠦᠯᠬᠦ ᠶᠢ ᠬᠦᠴᠦᠯᠡᠨ | ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ | ᠵᠠᠯᠠᠷᠠᠭᠤᠯᠤᠨ ᠵᠠᠰᠠᠵᠤ᠂ ᠤᠳᠤᠷᠢᠳᠬᠤ ᠺᠠᠳ᠋ᠷ ᠤᠨ ᠬᠠᠨᠢ ᠨᠥᠬᠦᠷ᠂ ᠦᠷ᠎ᠡ ᠬᠡᠤᠬᠡᠳ ᠵᠢᠴᠢ ᠲᠡᠭᠦᠨ ᠤ ᠬᠠᠨᠢ | ᠨᠥᠬᠦᠷ ᠨᠢ ᠲᠣᠭᠲᠠᠭᠠᠯ ᠠᠴᠠ ᠵᠥᠷᠢᠴᠡᠨ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠰᠡᠨ ᠵᠡᠷᠭᠡ ᠪᠠᠶᠢᠳᠠᠯ ᠢ | ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠨ᠂ ᠪᠥᠬᠦ ᠨᠠᠮ ᠤᠨ | ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ᠂ ᠠᠵᠢᠯᠴᠢ ᠬᠢᠴᠢᠶᠡᠩᠭᠦᠶ ᠪᠠᠷ ᠠᠵᠢᠯ ᠦᠢᠯᠡᠰ ᠢᠶᠠᠨ ᠳᠡᠭᠡᠳᠦᠯᠡᠬᠦ ᠶᠢ | ᠠᠬᠢᠭᠤᠯᠪᠠ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠢ ᠠᠬᠢᠭᠤᠯᠵᠤ᠂ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠨᠡᠩ ᠤᠯᠠᠨ ᠤᠶᠤᠨ ᠴᠢᠳᠠᠯ ᠢᠶᠠᠨ ᠬᠥᠭᠵᠢᠯᠲᠡ ᠶᠢ ᠠᠬᠢᠭᠤᠯᠬᠤ᠂ | ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠲᠥᠪᠯᠡᠷᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠠᠭᠤᠷ | ᠠᠮᠢᠰᠬᠤᠯ ᠢ ᠶᠡᠬᠡᠪᠡᠷ ᠪᠤᠢ ᠪᠣᠯᠭᠠᠵᠤ᠂ ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ | ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠴᠢᠭᠯᠡᠯᠲᠡ ᠶᠢ ᠡᠷᠡᠰ ᠲᠤᠤᠱᠯᠠᠭᠤᠯᠵᠤ᠂ ︽ᠲᠦᠷᠪᠡᠨ ᠵᠦᠢᠯ ᠤᠨ | ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠪᠠᠶᠢᠩᠭᠤ ᠶᠢᠨ ᠴᠢᠨᠠᠷᠲᠠᠢ | ᠬᠢᠨᠠᠯᠲᠠ ᠲᠠᠯᠪᠢᠬᠤ ᠶᠢ ᠪᠣᠳᠠᠲᠠᠢ ᠨᠠᠷᠢᠯᠢᠭ ᠬᠢᠵᠦ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠭ᠎ᠠ | ᠳᠡᠭᠡᠷ᠎ᠡ ᠨᠢ ᠰᠡᠷᠭᠡᠶᠢᠯᠡᠬᠦ ᠬᠡᠷᠡᠭᠲᠡᠢ᠃ ︽ᠭᠤᠷᠪᠠ ᠶᠢ ᠢᠯᠭᠠᠨ ᠰᠠᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠶᠢ ᠨᠠᠷᠢᠯᠢᠭ ᠣᠨᠣᠴᠠᠲᠠᠶ ᠪᠠᠷ | ᠬᠡᠷᠡᠭᠵᠢᠭᠦᠯᠵᠦ᠂ ᠭᠦᠳᠬᠡᠨ ᠭᠦᠵᠢᠷᠯᠡᠬᠦ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠠᠭ ᠲᠤᠬᠠᠶ ᠳᠤᠨᠢ ᠲᠥᠪ | ᠭᠤᠣᠯᠴᠢ ᠪᠠᠷ ᠨᠡᠷ᠎ᠡ ᠶᠢ ᠴᠠᠭᠠᠳᠬᠠᠬᠤ ᠶᠢ ᠥᠷᠨᠢᠭᠦᠯᠵᠦ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ | ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷᠴᠤᠳ ᠢ ᠲᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠣ᠂ ᠠᠵᠢᠯ ᠬᠢᠵᠦ ᠦᠢᠯᠡᠰ | ᠪᠣᠰᠬᠠᠭᠤᠯᠬᠤ ᠬᠡᠷᠡᠭᠲᠡᠶ᠃ | ᠳᠦᠷᠪᠡᠳᠦᠭᠡᠷ ᠲᠤ᠂ ᠺᠠᠳᠡᠷ ᠤᠨ ᠡᠩᠨᠡᠭᠡᠨ ᠤ ᠣᠯᠣᠰ ᠲᠦᠷᠦ ᠶᠢᠨ ᠮᠦᠨ ᠴᠢᠨᠠᠷ ᠢ ᠤᠨᠤᠪᠴᠢᠲᠠᠢ | ᠡᠵᠡᠮᠰᠢᠵᠦ᠂ ᠵᠤᠷᠢᠭᠲᠠᠢ ᠳᠡᠮᠡᠴᠡᠬᠦ ᠲᠠᠯ᠎ᠠ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠦᠨᠡᠨᠴᠢ ᠰᠢᠳᠤᠷᠭᠤ | ᠨᠠᠶᠢᠳᠠᠪᠤᠷᠢᠲᠠᠢ ᠪᠠᠶᠢᠬᠤ ᠬᠡᠷᠡᠭᠲᠠᠢ | ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ | ᠤᠯᠤᠰ ᠲᠦᠷᠦ ᠶᠢ ᠡᠷᠬᠢᠮᠯᠡᠵᠦ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠎ᠡ᠃ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠲᠦᠷᠦᠭᠦᠯᠡᠨ ᠲᠣᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠪᠥᠬᠦ ᠰᠢᠰᠲ᠋ᠧᠮ ᠤᠨ ᠥᠪᠡᠷ ᠤᠨ ᠪᠡᠶ᠎ᠡ ᠪᠠᠨ ᠵᠡᠰᠡᠨ ᠴᠡᠭᠴᠡᠯᠡᠬᠦ ᠥᠯᠢᠭᠡᠷ | ᠳᠠᠭᠤᠷᠢᠶᠠᠯ ᠪᠣᠯᠬᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠣᠯᠬᠤ ᠶᠢ | ᠳᠠᠶᠢᠴᠢᠯᠠᠬᠤ ᠬᠡᠷᠡᠭᠲᠡᠶ᠃ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ | ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠬᠦᠴᠦᠨ ᠢ ᠨᠢᠭᠡᠳᠦᠯᠲᠡᠶ | ᠲᠥᠯᠥᠪᠯᠡᠨ ᠰᠠᠶᠢᠲᠤᠷ ᠬᠡᠷᠡᠭᠯᠡᠨ᠎ᠡ᠃ ᠣᠨᠣᠯ ᠤᠨ ᠪᠣᠯᠪᠠᠰᠤᠷᠠᠯ ᠬᠢᠭᠡᠳ ᠪᠣᠳᠠᠲᠤ ᠠᠵᠢᠯ ᠤᠨ ᠪᠣᠯᠪᠠᠰᠤᠷᠠᠯ ᠢ | ᠤᠶᠠᠯᠳᠤᠭᠤᠯᠬᠤ ᠶᠢ ᠪᠠᠷᠢᠮᠲᠠᠯᠠᠵᠤ᠂ ᠪᠦᠬᠦ ᠠᠵᠢᠯᠲᠠᠨ ᠢ ᠪᠣᠯᠪᠠᠰᠤᠷᠠᠭᠤᠯᠬᠤ᠂ ᠨᠠᠷᠢᠯᠢᠭ ᠣᠨᠣᠪᠴᠢᠲᠠᠢ ᠪᠣᠳᠠᠲᠠᠢ | ᠪᠣᠯᠪᠠᠰᠤᠷᠠᠯ ᠬᠢᠬᠦ ᠪᠠ ᠪᠣᠳᠠᠳᠠᠢ ᠬᠡᠷᠡᠭ ᠢ ᠳᠠᠭᠠᠵᠤ ᠪᠣᠯᠪᠠᠰᠤᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ | ᠥᠷᠨᠢᠭᠦᠯᠦᠨ᠎ᠡ᠃ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠨ | ᠦᠢᠯᠡᠳᠦᠯᠭᠡᠵᠢᠭᠦᠯᠵᠦ᠂ ᠲᠥᠷᠥ ᠶᠢᠨ ᠪᠣᠳᠣᠯᠭ᠎ᠠ ᠠᠷᠭ᠎ᠠ ᠪᠣᠳᠣᠯᠭ᠎ᠠ ᠶᠢ ᠵᠥᠪ ᠡᠵᠡᠮᠳᠡᠵᠦ᠂ ᠰᠠᠬᠢᠯᠭ᠎ᠠ ᠪᠠᠲᠤ ᠶᠢ | ᠣᠨᠣᠪᠴᠢᠲᠠᠶ ᠲᠣᠭᠲᠠᠭᠠᠵᠤ ᠬᠠᠤᠯᠢ ᠬᠡᠷᠡᠭᠵᠢᠭᠦᠯᠬᠦ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠬᠠᠤᠯᠢ ᠪᠠᠷ | ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠪᠣᠯᠤᠨ ᠶᠡᠭᠡ | ᠠᠰᠠᠭᠤᠳᠠᠯ ᠤᠨ ᠲᠠᠯ᠎ᠠ ᠪᠠᠷ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠰᠡᠯᠡᠮ᠎ᠡ ᠪᠠᠨ ᠭᠠᠷᠭᠠᠵᠤ᠂ ᠠᠳᠠᠯᠢ ᠪᠤᠰᠤ | ᠬᠡᠪ ᠰᠤᠷᠲᠠᠯ ᠪᠣᠯᠤᠨ ᠢᠯᠵᠠᠷᠠᠮᠠᠯ ᠦᠵᠡᠭᠳᠡᠯ ᠲᠠᠢ ᠡᠷᠡᠰ ᠲᠡᠮᠡᠴᠡᠵᠦ᠂ ᠨᠠᠮ ᠪᠣᠯᠤᠨ ᠠᠷᠠᠳ ᠲᠦᠮᠡᠨ ᠠᠴᠠ | ᠣᠯᠭᠤᠭᠰᠠᠨ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠷᠢᠭᠤᠨ | ᠴᠢᠬᠡᠴᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠥᠪᠡᠷ ᠤᠨ ᠪᠡᠶ᠎ᠡ ᠪᠠᠨ ᠴᠢᠩᠳᠠᠯᠠᠬᠤ ᠵᠣᠷᠢᠭ | ᠰᠠᠨᠠᠭ᠎ᠠ ᠶᠢ ᠡᠭᠦᠷᠢᠳᠡ ᠪᠠᠲᠤᠯᠠᠵᠤ᠂ ︽ᠭᠤᠷᠪᠠᠨ ᠦᠯᠦ ᠢᠯᠵᠠᠷᠠᠯ︾ ᠢ ᠨᠢᠭᠡ ᠴᠤᠭᠴᠠᠵᠢᠭᠤᠯᠤᠨ ᠠᠬᠢᠭᠤᠯᠬᠤ ᠶᠢ | ᠲᠤᠰ ᠪᠡᠶ᠎ᠡ ᠶᠢᠨ ᠪᠠᠶᠢᠭᠤᠯᠤᠯᠲᠠ ᠳᠤ ᠲᠤᠤᠱᠯᠠᠭᠤᠯᠵᠤ᠂ ᠳᠣᠲᠣᠭᠠᠳᠤ ᠡᠵᠡᠮᠳᠡᠯ ᠤᠨ ᠲᠣᠭᠲᠠᠴᠠ ᠶᠢᠨ | ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ︽ᠳ᠋ᠧᠩ ᠤᠨ ᠳᠣᠣᠷᠠᠬᠢ ᠬᠠᠷᠠᠩᠭᠤᠢ︾ ᠶᠢ ᠡᠷᠡᠰ | ᠰᠡᠷᠭᠡᠶᠢᠯᠡᠨ ᠵᠠᠰᠠᠵᠤ᠂ ᠬᠠᠷᠢᠴᠠᠯᠠᠰᠢᠭᠦᠢ ᠬᠠᠲᠠᠭᠤ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ ᠢᠶᠠᠷ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠤᠨ ᠲᠦᠷᠢ ᠲᠥᠷᠬᠦ ᠶᠢ ᠡᠷᠡᠰ ᠬᠠᠮᠠᠭᠠᠯᠠᠵᠤ᠂ ᠨᠠᠮ ᠪᠣᠯᠤᠨ ᠠᠷᠠᠳ | ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠠᠯᠠᠱᠠ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ | ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠤ ᠤᠷᠢᠶᠠᠯᠠᠪᠠ᠃ | | | |