ᠦᠵᠡᠰᠭᠦᠯᠡᠩᠲᠦ ᠰᠠᠢᠬᠠᠨ ᠲᠡᠮᠡᠭᠡᠲᠦ ᠨᠤᠲᠤᠭ ᠴᠠᠭᠠᠨ ᠰᠠᠷ᠎ᠠ ᠶᠢᠨ ᠠᠷᠪᠠᠨ ᠲᠠᠪᠣᠨ ᠤ ᠦᠯᠵᠡᠶᠢᠲᠤ ᠪᠠᠶᠠᠷ ᠤᠨ ᠡᠳᠦᠷ ᠢᠶᠠᠨ ᠪᠡᠯᠭᠡᠯᠡᠪᠡ
ᠨᠡᠶᠢᠲᠡᠯᠡᠭᠰᠡᠨ ᠴᠠᠭ᠄
2025/3/5
     ᠴᠠᠭᠠᠨ ᠰᠠᠷ᠎ᠠ ᠶᠢᠨ ᠠᠷᠪᠠᠨ ᠲᠠᠪᠤᠨ ᠤ ᠦᠳᠡᠰᠢ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ᠂ ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠲᠠᠯᠠᠪᠠᠶ ᠪᠣᠯᠤᠨ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠳᠤ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠥᠯᠵᠡᠶᠢᠲᠦ ᠡᠳᠦᠷ ᠤᠨ ᠪᠠᠶᠠᠷ ᠢ ᠪᠡᠯᠭᠡᠯᠡᠬᠦ ᠦᠪᠡᠳᠡᠭᠰᠢ ᠶᠡᠭᠡ ᠨᠠᠶᠢᠷ ᠡᠬᠢᠯᠡᠵᠤ᠂ ᠡᠯ᠎ᠡ ᠵᠦᠢᠯ ᠤᠨ ᠰᠢᠨ᠎ᠡ ᠰᠣᠷᠭᠤᠭ ᠥᠩᠭᠡᠲᠦ ᠳ᠋ᠧᠩ ᠨᠢ ᠭᠠᠶᠢᠬᠠᠮᠰᠢᠭᠲᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠮᠣᠭᠠᠢ ᠪᠠᠷ ᠭᠤᠣᠯ ᠰᠡᠳᠦᠪ ᠪᠣᠯᠭᠠᠭᠰᠠᠨ ᠥᠩᠭᠡᠲᠦ ᠳ᠋ᠧᠩ ᠨᠢ ᠠᠮᠢᠳᠤ ᠳᠦᠷᠰᠦᠯᠢᠭ ᠪᠠᠶᠢᠵᠤ᠂ ᠠᠮᠢᠳᠤᠯᠢᠭ ᠴᠣᠪᠣᠭᠤᠯᠢᠭ ᠪᠠᠶᠢᠳᠠᠯ᠂ ᠤᠯᠠᠮᠵᠢᠯᠠᠯᠲᠤ ᠪᠠ ᠤᠳᠤ ᠦᠶ᠎ᠡ ᠶᠢᠨ ᠭᠠᠷ ᠤᠷᠠᠯᠠᠯ ᠠᠭᠤᠰᠤᠯᠴᠠᠭᠰᠠᠨ ᠥᠪᠡᠷᠮᠢᠴᠡ ᠣᠨᠴᠠᠯᠢᠭᠲᠤ ᠳ᠋ᠧᠩ ᠤᠳ ᠢ ᠳᠡᠯᠭᠡᠨ ᠦᠵᠡᠭᠦᠯᠪᠡ᠃
   ᠠᠯᠠᠱᠠ ᠵᠡᠭᠦᠨ ᠬᠤᠰᠢᠭᠤᠨ ᠤ ᠰᠥᠨᠢ ᠶᠢᠨ ᠣᠭᠲᠠᠷᠭᠤᠢ ᠳᠤ ᠭᠡᠷᠡᠯ ᠭᠢᠯᠪᠠᠭ᠎ᠠ ᠰᠠᠴᠤᠷᠠᠵᠤ᠂ ᠬᠤᠸᠠᠷ ᠫᠤᠤᠵᠢᠩ ᠪᠣᠯᠤᠨ ᠰᠠᠷᠠᠭᠤᠯ ᠰᠠᠷᠠ ᠰᠣᠯᠪᠢᠴᠠᠨ ᠭᠡᠷᠡᠯᠲᠦᠵᠦ ᠪᠠᠶᠢᠭ᠎ᠠ ᠰᠠᠶᠢᠬᠠᠨ ᠦᠵᠡᠮᠵᠢ ᠳᠤ᠂ ᠤᠯᠠᠨ ᠢᠶᠠᠷ ᠢᠶᠠᠨ ᠭᠠᠷ ᠤᠲᠠᠰᠤ ᠪᠠᠨ ᠡᠷᠭᠦᠵᠦ ᠰᠠᠶᠢᠨ ᠰᠠᠶᠢᠬᠠᠨ ᠴᠠᠭ ᠮᠥᠴᠡ ᠶᠢ ᠲᠡᠮᠳᠡᠭᠯᠡᠵᠦ᠂ ᠭᠤᠶᠢᠳᠠ ᠰᠠᠶᠢᠬᠠᠨ ᠬᠤᠸᠠᠷ ᠫᠤᠤᠵᠢᠩ  ᠨᠢ ᠠᠯᠠᠱᠠ ᠵᠡᠭᠦᠨ ᠬᠤᠰᠢᠭᠤᠨ ᠤ ᠰᠥᠨᠢ ᠶᠢᠨ ᠣᠭᠲᠠᠷᠭᠤᠢ ᠭᠡᠷᠡᠯᠲᠦᠭᠦᠯᠦᠨ ᠴᠢᠮᠡᠭᠯᠡᠵᠦ᠂ ᠤᠯᠠᠨ ᠢᠶᠠᠷ ᠢᠶᠠᠨ ᠦᠵᠡᠰᠬᠦᠯᠡᠩᠲᠦ ᠰᠠᠶᠢᠬᠠᠨ ᠬᠤᠸᠠᠷ ᠫᠤᠤᠵᠢᠩ ᠤᠨ ᠳᠤᠮᠳᠠ ᠰᠣᠭᠲᠣᠭᠤᠷᠠᠵᠤ᠂ ᠥᠯᠵᠡᠶᠢᠲᠦ ᠡᠳᠦᠷ ᠤᠨ ᠪᠠᠶᠠᠷ ᠤᠨ ᠡᠳᠦᠷ ᠤᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠬᠠᠮᠲᠤᠪᠠᠷ ᠡᠳ᠋ᠯᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号