︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/4/15
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6᠎ ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃      ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠎ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠭᠡᠯᠡ᠂ ᠶᠠᠫᠤᠨ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ  ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号