| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 25 ᠤ ᠴᠠᠬᠢᠯᠭᠠᠨ ᠮᠡᠳᠡᠭᠡ ᠲᠥᠪ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠶᠢᠢᠷ᠎ᠠ ᠶᠢᠨ ᠡᠳᠦᠷ ᠬᠤᠷᠠᠯ ᠬᠤᠷᠠᠯᠳᠤᠭᠤᠯᠵᠤ᠂ ᠨᠠᠮ ᠤᠨ | ᠲᠥᠪ ᠬᠤᠷᠢᠶ᠎ᠠ ᠠᠴᠠ 2025 ᠣᠨ ᠳᠤ ᠪᠦᠬᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠠᠴᠠ 7 ᠰᠠᠷ᠎ᠠ ᠪᠣᠯᠲᠠᠯ᠎ᠠ | ᠪᠦᠬᠦ ᠨᠠᠮ ᠢᠶᠠᠷ ᠢᠶᠠᠨ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ | ᠨᠠᠮ ᠤᠨ ᠲᠥᠪ ᠬᠤᠷᠢᠶ᠎ᠠ ᠲᠥᠪ ᠤᠨ ᠨᠠᠶᠢᠮᠠᠨ ᠲᠣᠭᠲᠠᠭᠠᠯ ᠢ ᠲᠣᠭᠲᠠᠭᠠᠨ ᠨᠡᠶᠢᠳᠡᠯᠡᠬᠦ ᠪᠠᠷ ᠡᠬᠢᠯᠡᠯᠲᠡ ᠪᠣᠯᠭᠠᠵᠤ ᠰᠡᠳᠦᠪ ᠢ | ᠰᠢᠢᠳᠪᠦᠷᠢᠯᠡᠨ᠂ ᠳᠡᠭᠡᠷ᠎ᠡ ᠠᠴᠠ ᠳᠣᠷᠣᠭᠰᠢ ᠪᠠᠨ᠂ ᠲᠡᠭᠡᠲᠤ ᠱᠠᠲᠤ ᠨᠢ ᠲᠤᠤᠷᠠᠲᠤ ᠱᠠᠲᠤ ᠪᠠᠨ ᠲᠠᠶᠢᠴᠢᠯᠠᠬᠤ ᠶᠢ ᠪᠠᠷᠢᠮᠲᠠᠯᠠᠵᠤ᠂ | ᠤᠷᠳᠤ ᠬᠤᠭᠤᠴᠠᠭ᠎ᠠ ᠪᠠᠷ ᠵᠣᠭᠰᠣᠭᠠᠵᠤ ᠳᠡᠶᠢᠯᠦᠭᠰᠡᠨ ᠦᠭᠡᠢ ᠵᠠᠷᠢᠮ ᠭᠠᠵᠢᠭᠤ ᠰᠤᠷᠲᠠᠯ ᠢ ᠵᠣᠭᠰᠣᠭᠠᠵᠤ᠂ ᠤᠯᠠᠨ ᠵᠢᠯ | ᠠᠷᠢᠯᠭᠠᠵᠤ ᠲᠡᠶᠢᠯᠦᠭᠰᠡᠨ ᠦᠭᠡᠢ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ | ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠵᠡᠷᠭᠡ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠪᠡ᠃ | ᠨᠠᠶᠢᠮᠠᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠠᠴᠠ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠮᠢᠳᠤᠯᠢᠭᠵᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠤ ᠰᠢᠨ᠎ᠡ ᠲᠦᠷᠰᠦ ᠪᠠᠶᠢᠳᠠᠯ ᠢᠯᠡᠷᠡᠵᠦ᠂ ᠨᠡᠶᠢᠭᠡᠮ ᠤᠨ | ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ ᠰᠤᠷᠲᠠᠯ ᠤᠨ ᠪᠠᠶᠢᠭᠤᠯᠤᠯᠲᠠ ᠶᠢᠨ ᠰᠢᠨ᠎ᠡ | ᠳᠦᠷᠰᠦ ᠪᠠᠶᠢᠳᠠᠯ ᠢᠶᠠᠷ ᠠᠷᠠᠳ ᠤᠯᠠᠨ ᠤ ᠦᠨᠡᠨ ᠰᠡᠳᠭᠢᠯ ᠤᠨ ᠢᠲᠡᠭᠡᠯ ᠬᠦᠷᠢᠶᠡᠯᠡᠯ ᠢ ᠤᠯᠪᠠ᠃ | ᠨᠠᠶᠢᠮᠠᠨ ᠲᠣᠭᠲᠠᠭᠠᠯ᠂ ᠬᠡᠪ ᠰᠤᠷᠲᠠᠯ ᠢ ᠴᠡᠪᠡᠷᠯᠡᠵᠦ᠂ ᠴᠤᠭ ᠵᠤᠷᠢᠭ ᠢ ᠬᠦᠪᠴᠢᠯᠡᠵᠦ᠂ ᠳᠤᠮᠳᠠᠳᠤ ᠤᠯᠤᠰ ᠢ | ᠬᠤᠪᠢᠷᠠᠭᠤᠯᠵᠡᠢ᠃ | ᠢᠮᠠᠭᠲᠠ ᠲᠤᠭᠤᠰᠢᠯᠠᠭᠤᠯᠪᠠ — ︽ᠲᠥᠪ ᠤᠨ ᠨᠠᠶᠢᠮᠠᠨ ᠲᠣᠭᠲᠠᠭᠠᠯ ᠨᠢ ᠲᠠᠪᠤᠨ ᠵᠢᠯ᠂ ᠠᠷᠪᠠᠨ ᠵᠢᠯ ᠤᠨ | ᠲᠣᠭᠲᠠᠭᠠᠯ ᠪᠢᠰᠢ᠂ ᠬᠠᠷᠢᠨ ᠤᠷᠳᠤ ᠬᠤᠭᠤᠴᠠᠭᠠᠨ ᠤ ᠪᠦᠲᠦᠮᠵᠢᠲᠡᠢ ᠲᠡᠮᠦᠷ ᠶᠤᠰᠤ᠂ ᠬᠠᠳᠠᠭᠤ ᠪᠠᠷᠢᠮᠵᠢᠶ᠎ᠠ ᠪᠤᠯᠤᠨ᠎ᠠ︾ | 2024 ᠣᠨ ᠤ ᠰᠡᠭᠦᠯᠴᠢ ᠪᠠᠷ᠂ ᠪᠡᠭᠡᠵᠢᠩ ᠤᠨ ᠵᠦᠩ ᠨᠠᠨ ᠬᠠᠢ ᠳᠤ᠂ ᠵᠢᠯ ᠳᠤ ᠨᠢᠭᠡ ᠤᠳᠠᠭ᠎ᠠ ᠶᠠᠪᠤᠭᠳᠠᠳᠠᠭ | ᠨᠠᠮ ᠤᠨ ᠳᠣᠲᠣᠭᠠᠳᠤ ᠶᠢᠨ ᠬᠠᠮᠤᠭ ᠤᠨ ᠳᠡᠭᠡᠳᠦ ᠳᠠᠪᠬᠤᠷᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠶᠠᠪᠤᠭᠳᠠᠪᠠ᠃ | ᠬᠤᠷᠠᠯ ᠤᠨ ᠨᠢᠭᠡᠨ ᠴᠢᠬᠤᠯᠠ ᠵᠥᠪᠯᠡᠬᠦ ᠵᠦᠢᠯ ᠪᠣᠯ ᠳᠠᠷᠤᠶ 2024 ᠣᠨ ᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶᠠᠨ ᠤ ᠲᠥᠪ ᠤᠨ ᠨᠠᠶᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠬᠤ ᠶᠠᠪᠤᠳᠠᠯ ᠪᠣᠯᠤᠨ᠎ᠠ᠃ | ︽ᠤᠳᠤᠷᠢᠳᠬᠤ ᠺᠠᠳ᠋ᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ | ᠳᠡᠭᠡᠭᠰᠢᠯᠡᠭᠦᠯᠬᠦ ᠶᠢ ᠨᠠᠰᠤᠨ ᠲᠤᠷᠰᠢᠳᠠ ᠶᠢᠨ ᠰᠡᠳᠦᠪ ᠪᠣᠯᠭᠠᠬᠤ ᠬᠡᠷᠡᠭᠲᠡᠢ︾᠂ ︽ᠡᠯ᠎ᠡ ᠵᠦᠢᠯ ᠤᠨ ᠲᠥᠪ ᠪᠤᠰᠤ ᠰᠤᠷᠲᠠᠯ ᠪᠠ | ᠢᠯᠵᠢᠷᠠᠯ ᠤᠨ ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ︾ ᠁ ᠲᠦᠷᠦᠭᠦᠬᠡᠨ ᠳᠠᠭᠤᠰᠤᠭᠰᠠᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ | ᠲᠦᠷᠦᠭᠦᠯᠡᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠵᠢᠯ ᠪᠦᠷᠢ ᠠᠷᠠᠳᠴᠢᠯᠠᠯ ᠤᠨ ᠠᠮᠢᠳᠤᠷᠠᠯ ᠤᠨ | ᠬᠤᠷᠠᠯ ᠬᠤᠷᠠᠯᠳᠤᠭᠤᠯᠵᠤ᠂ ᠲᠥᠪ ᠤᠨ ᠨᠠᠶᠢᠮᠠᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠨ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠦᠷᠨᠢᠭᠦᠯᠵᠦ᠂ ᠤᠳᠤ ᠨᠢᠭᠡᠨᠲᠡ ᠵᠤᠷᠰᠢᠯ | ᠪᠣᠯᠤᠭᠰᠠᠨ ᠪᠠᠶᠢᠨ᠎ᠠ᠃ | 2012 ᠣᠨ ᠤ 12 ᠰᠠᠷ᠎ᠠ ᠶᠢᠨ 4 ᠤ ᠡᠳᠦᠷ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠠᠴᠠ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠨᠠᠶᠢᠮᠠᠨ | ᠲᠣᠭᠲᠠᠭᠠᠯ ᠢ ᠬᠢᠨᠠᠨ ᠵᠦᠪᠯᠡᠵᠦ ᠪᠠᠲᠤᠯᠠᠪᠠ᠃ ᠣᠬᠤᠷᠬᠠᠨ 600 ᠭᠠᠷᠤᠢ ᠦᠰᠦᠭ ᠲᠠᠢ ᠲᠤᠬᠳᠠᠭᠠᠯ ᠨᠢ ᠪᠠᠶᠢᠴᠠᠭᠠᠨ | ᠰᠤᠳᠤᠯᠤᠯᠲᠠ᠂ ᠬᠤᠷᠠᠯ ᠠᠵᠢᠯᠯᠠᠭ᠎ᠠ ᠵᠡᠷᠭᠡ 8 ᠲᠠᠯ᠎ᠠ ᠠᠴᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠶᠣᠰᠣ | ᠳᠦᠷᠢᠮ ᠲᠣᠭᠲᠠᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠨᠠᠮ ᠤᠨ ᠰᠤᠷᠲᠠᠯ ᠢ | ᠳᠠᠬᠢᠨ ᠱᠤᠭᠤᠬᠤ ︽ᠨᠢᠭᠡᠳᠦᠭᠡᠷ ᠠᠵᠢᠯᠯᠠᠭ᠎ᠠ︾ ᠶᠢ ᠡᠬᠢᠯᠡᠭᠦᠯᠵᠡᠢ᠃ | ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠶᠢᠮᠠᠨ ᠲᠣᠭᠲᠠᠭᠠᠯ ᠢ ᠲᠣᠭᠲᠠᠭᠠᠵᠤ ᠨᠡᠶᠢᠲᠡᠯᠡᠭᠰᠡᠨ ᠠᠩᠬᠠᠨ ᠤ | ᠬᠦᠰᠡᠯ ᠤᠨ ᠲᠤᠬᠠᠢ ᠢᠩᠭᠢᠵᠦ ᠶᠡᠷᠢᠵᠦ ᠦᠩᠭᠡᠷᠡᠵᠡᠢ᠄ ︽ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠤᠨ ᠲᠠᠷᠠᠭ᠎ᠠ᠂ | ᠨᠠᠮ ᠤᠨ ᠲᠥᠪ ᠬᠤᠷᠢᠶ᠎ᠠ ᠠᠴᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠠᠪᠤᠳᠠᠯ ᠢ ᠬᠡᠷᠬᠢᠨ ᠠᠳᠬᠤᠬᠤ ᠲᠤᠬᠠᠢ | ᠶᠠᠷᠢᠯᠴᠠᠬᠤ ᠳᠠᠭᠠᠨ ᠳᠠᠷᠤᠢ ︿ᠲᠦᠢᠯ ᠤᠨ ᠲᠦᠪᠡᠭ ᠪᠤᠳᠤᠯᠢᠶᠠᠨᠲᠠᠢ ᠠᠰᠠᠭᠤᠳᠠᠯ ᠢ ᠬᠡᠷᠬᠢᠨ ᠰᠶᠢᠳᠪᠦᠷᠢᠯᠡᠬᠦ ᠪᠠᠨ ᠤᠯᠬᠤ | ᠦᠭᠡᠢ﹀ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠤᠳᠤᠵᠤ ᠣᠯᠤᠭᠰᠠᠨ ᠶᠤᠮ᠃ ᠰᠡᠭᠦᠯᠡᠷ ᠨᠢ ᠨᠠᠶᠢᠮᠠᠨ ᠲᠣᠭᠲᠠᠭᠠᠯ ᠢ | ᠠᠳᠬᠤᠬᠤ ᠪᠠᠷ ᠲᠣᠭᠲᠠᠵᠤ᠂ ᠡᠬᠢᠯᠡᠵᠦ ᠬᠦᠳᠡᠯᠦᠮᠡᠭᠴᠡ ᠲᠠᠷᠤᠢ ᠲᠡᠷᠡ ᠬᠦ ᠲᠦᠪᠡᠭ ᠪᠤᠳᠤᠯᠢᠶᠠᠨᠲᠠᠢ ᠠᠰᠠᠭᠤᠳᠠᠯ ᠢ ᠦᠨᠡᠨ ᠬᠦ | ᠰᠶᠢᠳᠪᠦᠷᠢᠯᠡᠵᠦ᠂ ᠠᠷᠢᠯᠭᠠᠨ ᠵᠠᠰᠠᠬᠤ ᠪᠠᠷ ᠪᠤᠯᠵᠠᠢ︾᠃ | ᠵᠠᠷᠢᠮ ᠬᠥᠮᠦᠨ ᠪᠠᠰᠠ ᠨᠠᠶᠢᠮᠠᠨ ᠲᠣᠭᠲᠠᠭᠠᠯ ᠪᠣᠯ ︽ᠭᠱᠠᠨ ᠵᠠᠭᠤᠷ᠎ᠠ ᠶᠢᠨ ᠰᠠᠯᠬᠢ︾ ᠲᠡᠳᠦᠶ ᠭᠡᠵᠦ ᠦᠵᠡᠵᠦ | ᠪᠠᠶᠢᠭᠰᠠᠨ ᠦᠶ᠎ᠡ ᠳᠤ᠂ 2013 ᠣᠨ ᠤ 3 ᠰᠠᠷ᠎ᠠ ᠶᠢᠨ 19 ᠤ ᠦᠳᠡ ᠶᠢᠨ ᠬᠤᠶᠢᠨ᠎ᠠ ᠨᠡᠶᠢᠲᠡᠯᠡᠭᠰᠡᠨ ᠨᠢᠭᠡᠨ ᠰᠣᠨᠢᠨ | ᠮᠡᠳᠡᠭᠡ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠠᠢ — ︽ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠠᠴᠠ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 6 ᠨᠡᠶᠢᠲᠡᠯᠢᠭ ᠠᠰᠠᠭᠤᠳᠠᠯ ᠢ | ᠵᠠᠷᠯᠡᠨ ᠨᠡᠶᠢᠲᠡᠯᠡᠪᠡ︾᠃ ᠡᠨᠡ ᠪᠣᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠥᠪ ᠤᠨ ᠨᠠᠶᠢᠮᠠᠨ | ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠠᠰᠠᠭᠤᠳᠠᠯ ᠢ ᠤᠯᠤᠰ ᠳᠠᠶᠠᠭᠠᠷ ᠲᠤ ᠠᠩᠬ᠎ᠠ ᠤᠳᠠᠭ᠎ᠠ | ᠢᠯᠡ ᠪᠠᠷ ᠵᠠᠷᠯᠠᠨ ᠨᠡᠶᠢᠲᠡᠯᠡᠭᠰᠡᠨ ᠶᠠᠪᠤᠳᠠᠯ ᠮᠥᠨ᠃ | ᠡᠨᠡ ᠵᠢᠯ ᠤᠨ ᠡᠴᠦᠰ ᠲᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠥᠪ ᠤᠨ ᠨᠠᠶᠢᠮᠠᠨ | ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 10 ᠨᠡᠶᠢᠲᠡᠯᠢᠭ ᠠᠰᠠᠭᠤᠳᠠᠯ ᠢ ᠳᠠᠬᠢᠨᠲᠠ ᠵᠠᠷᠯᠠᠨ ᠨᠡᠶᠢᠲᠡᠯᠡᠪᠡ᠂ | ᠲᠡᠭᠡᠷ᠎ᠡ ᠤᠳᠠᠭ᠎ᠠ ᠶᠢᠨ ᠵᠥᠪᠬᠡᠨ ᠨᠢᠭᠡᠴᠢ ᠪᠠ ᠲᠤᠰᠢᠶᠠᠯ ᠢ ᠨᠢ ᠵᠠᠷᠯᠠᠨ ᠨᠡᠶᠢᠲᠡᠯᠡᠭᠰᠡᠨ ᠲᠠᠢ ᠠᠳᠠᠯᠢ ᠥᠬᠡᠶ ᠲᠠᠯ᠎ᠠ ᠨᠢ ᠲᠣᠰ | ᠤᠳᠠᠭ᠎ᠠ ᠶᠢᠨ ᠵᠠᠷᠯᠠᠨ ᠨᠡᠶᠢᠲᠡᠯᠡᠯ ᠳᠤ ᠤᠪᠤᠭ ᠨᠡᠷ᠎ᠡ ᠶᠢ ᠨᠢ ᠵᠢᠭᠠᠵᠤ᠂ ᠡᠪᠡᠳᠴᠢᠨ ᠤ ᠦᠨᠳᠦᠰᠦ ᠶᠢ ᠰᠢᠭᠤᠳ ᠲᠡᠯᠭᠡᠵᠦ᠂ | ᠮᠠᠰᠢ ᠴᠢᠩᠭ᠎ᠠ ᠰᠦᠷᠳᠡᠭᠦᠯᠬᠦ ᠦᠢᠯᠡᠳᠦᠯ ᠭᠠᠷᠤᠭᠰᠠᠨ ᠪᠠᠶᠢᠨ᠎ᠠ᠃ | ᠬᠢᠬᠦ ᠨᠢ ᠬᠡᠯᠡᠬᠦ ᠠᠴᠠ ᠳᠡᠭᠡᠷ᠎ᠡ ᠭᠡᠳᠡᠭ᠃ | ᠨᠠᠶᠢᠮᠠᠨ ᠲᠣᠭᠲᠠᠭᠠᠯ ᠢ ᠨᠡᠶᠢᠲᠡᠯᠡᠭᠰᠡᠨ ᠠᠷᠪᠠᠨ ᠬᠤᠶᠠᠷ ᠵᠢᠯ ᠭᠠᠷᠤᠢ ᠶᠢᠨ ᠲᠤᠷᠰᠢ᠂ ᠶᠧᠪᠡᠩ ᠬᠦᠷᠭᠡᠬᠦ ᠠᠰᠠᠭᠤᠳᠠᠯ ᠢ | ᠠᠳᠬᠤᠬᠤ᠂ ᠪᠠᠶᠠᠷ ᠤᠨ ᠺᠠᠷᠲ ᠬᠦᠷᠭᠡᠬᠦ ᠠᠰᠠᠭᠤᠳᠠᠯ ᠢ ᠠᠳᠬᠤᠬᠤ᠂ ᠬᠤᠸᠠᠷ ᠫᠤᠤᠵᠢᠩ ᠲᠠᠯᠪᠢᠬᠤ ᠠᠰᠠᠭᠤᠳᠠᠯ ᠢ | ᠠᠳᠬᠤᠬᠤ ᠠᠴᠠ ᠠᠪᠤᠭᠠᠳ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠠᠳᠬᠤᠬᠤ᠂ ︽ᠠᠵᠢᠯᠯᠠᠬᠤ ᠨᠠᠶᠢᠮᠠᠨ ᠴᠠᠭ ᠠᠴᠠ | ᠭᠠᠳᠠᠨᠠᠬᠢ ᠦᠶ᠎ᠡ︾ ᠶᠢ ᠠᠳᠬᠤᠬᠤ᠂ ᠡᠳᠦᠷ ᠲᠤᠲᠤᠮ ᠤᠨ ᠠᠵᠢᠯ ᠢ ᠠᠳᠬᠤᠬᠤ ᠬᠦᠷᠲᠡᠯ᠎ᠡ ᠁ ᠠᠯᠢ ᠤᠯᠠᠨ ᠪᠣᠳᠠᠲᠠᠢ | ᠠᠰᠠᠭᠤᠳᠠᠯ ᠤᠨ ᠰᠢᠪᠲᠤᠯᠤᠯᠲᠠ ᠨᠢ ᠨᠡᠶᠢᠳᠡᠮ ᠤᠨ ᠠᠰᠠᠭᠤᠳᠠᠯ ᠢ ᠰᠢᠢᠳᠪᠦᠷᠢᠯᠡᠬᠦ ᠶᠢ ᠳᠠᠶᠢᠴᠢᠯᠠᠵᠤ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠰᠤᠷᠲᠠᠯ ᠤᠨ ᠠᠰᠠᠭᠤᠳᠠᠯ ᠢ ᠠᠳᠬᠤᠬᠤ ᠲᠣᠳᠣᠷᠬᠠᠢ | ᠰᠡᠳᠭᠢᠮᠵᠢ ᠪᠠ ᠡᠷᠡᠰ ᠪᠠᠲᠤ ᠢᠲᠡᠭᠡᠯ ᠵᠣᠷᠢᠭ ᠢ ᠲᠤᠰᠬᠠᠪᠠ᠃ | ᠢᠮᠠᠭᠲᠠ ᠲᠤᠭᠤᠰᠢᠯᠠᠭᠤᠯᠵᠤ᠂ ᠡᠴᠦᠰ ᠲᠤᠨᠢ ᠲᠤᠯᠲᠠᠯ᠎ᠠ ᠠᠳᠬᠤᠪᠠ᠃ ᠨᠠᠮ ᠤᠨ ᠠᠷᠪᠠᠨ ᠨᠠᠶᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠶᠢᠮᠠᠨ ᠲᠣᠭᠲᠠᠭᠠᠯ ᠢᠶᠠᠷ ᠬᠠᠭᠤᠴᠢᠨ ᠠᠷᠬᠠᠭ ᠢ ᠴᠡᠭᠴᠡᠯᠡᠨ ᠵᠠᠰᠠᠵᠤ᠂ ᠠᠷᠬᠠᠭ ᠭᠡᠮ ᠢ ᠠᠷᠢᠯᠭᠠᠵᠤ᠂ | ᠰᠤᠷᠲᠠᠯ ᠤᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ︽ᠠᠯᠳᠠᠨ ᠰᠢᠷᠭᠠᠯ ᠨᠡᠷ᠎ᠡ ᠶᠢᠨ ᠬᠠᠭᠤᠳᠠᠰᠤ︾ ᠭᠡᠮᠡᠨ | ᠳᠦᠷᠰᠦᠯᠢᠭ ᠢᠶᠠᠷ ᠭᠡᠯᠡᠭᠳᠡᠵᠡᠢ᠃ | ᠰᠢᠩᠭᠠᠫᠣᠷ ᠤᠨ ︽ᠬᠠᠮᠲᠤᠷᠠᠭᠰᠠᠨ ᠥᠷᠯᠥᠭᠡ ᠶᠢᠨ ᠰᠣᠨᠢᠨ︾ ᠤ ᠮᠡᠳᠡᠭᠡᠯᠡᠭᠰᠡᠨ ᠢᠶᠠᠷ᠂ ᠠᠯᠪᠠᠨ ᠵᠣᠭᠤᠰ ᠢᠶᠠᠷ ᠢᠳᠡᠵᠦ | ᠤᠤᠭᠤᠬᠤ ᠵᠡᠷᠭᠡ ᠳᠤᠮᠳᠠᠳᠤ ᠤᠯᠤᠰ ᠤᠨ ᠨᠣᠶᠠᠳ ᠤᠨ ᠬᠦᠷᠢᠶᠡᠨ ᠳᠠᠬᠢ ︽ᠬᠠᠭᠤᠴᠢᠨ ᠶᠡᠭᠡ ᠬᠦᠴᠢᠷᠳᠡᠯ︾ ᠤᠨ | ᠠᠰᠠᠭᠤᠳᠠᠯ ᠳᠤ ᠡᠶᠢᠮᠦ ᠢᠯᠡᠷᠬᠡᠶ ᠬᠤᠪᠢᠷᠠᠯᠲᠠ ᠭᠠᠷᠤᠭᠰᠠᠨ ᠢ ᠲᠤᠬᠠᠶ ᠶᠢᠨ ᠦᠶ᠎ᠡ ᠳᠤ ᠤᠯᠠᠩᠬᠢ ᠬᠦᠮᠦᠰ ᠲᠦᠰᠦᠭᠡᠯᠡᠬᠦᠶᠡ | ᠪᠡᠷᠬᠡ ᠪᠠᠶᠢᠵᠠᠢ᠃ | ᠡᠨᠡ ᠬᠦ ᠠᠯᠲᠠᠨ ᠰᠢᠷᠭᠠᠯ ᠨᠡᠷ᠎ᠡ ᠶᠢᠨ ᠬᠠᠭᠤᠳᠠᠰᠤ ᠶᠢ ᠬᠡᠷᠬᠢᠨ ᠤᠯᠠᠮ ᠭᠢᠯᠠᠯᠵᠠᠭᠤᠯᠬᠤ ᠪᠤᠶ︖ ᠶᠡᠷᠦᠩᠬᠡᠶ ᠱᠦᠵᠢ | ᠰᠢ ᠶᠢᠨ ᠫᠢᠩ ᠭᠦᠨᠵᠡᠭᠡᠶ ᠪᠣᠳᠣᠯᠬᠢᠯᠠᠭᠰᠠᠭᠠᠷ ᠢᠷᠡᠵᠡᠶ᠃ | ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ | ᠪᠣᠳᠠᠲᠠᠢ︾ ᠲᠤᠰᠬᠠᠢ ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ᠂ | ︽ᠤᠭ ᠰᠠᠨᠠᠭ᠎ᠠ ᠪᠠᠨ ᠦᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠬᠦᠷᠲᠡᠯ᠎ᠡ ᠁ ᠦᠷᠭᠦᠯᠵᠢᠯᠡᠭᠦᠯᠦᠨ | ᠥᠷᠨᠢᠭᠦᠯᠦᠭᠰᠡᠨ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠨᠢ ᠰᠤᠷᠲᠠᠯ ᠤᠨ ᠪᠠᠶᠢᠭᠤᠯᠤᠯᠲᠠ ᠶᠢ ᠢᠮᠠᠭᠲᠠ | ᠴᠢᠬᠤᠯᠠ ᠠᠭᠤᠯᠭ᠎ᠠ ᠪᠣᠯᠭᠠᠪᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠤᠷᠲᠠᠯ ᠤᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠳᠤ ᠣᠷᠣᠭᠤᠯᠪᠠ︔ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ | ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ᠂ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠬᠤᠷᠠᠯ ᠠᠴᠠ ᠴᠥᠮ ᠨᠠᠶᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ | ᠲᠦᠷᠢᠮ ᠢ ᠰᠤᠳᠤᠯᠵᠤ᠂ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠬᠵᠢᠭᠤᠯᠪᠠ︔ ︽ᠲᠥᠪ ᠤᠨ ᠨᠠᠶᠢᠮᠠᠨ ᠲᠣᠭᠲᠠᠭᠠᠯ︾ | ᠢ ᠨᠠᠮ ᠤᠨ ᠭᠤᠷᠪᠠᠳᠤᠭᠠᠷ ᠲᠡᠦᠬᠡ ᠶᠢᠨ ᠰᠢᠢᠳᠪᠦᠷᠢ ᠳᠤ ᠪᠢᠴᠢᠨ ᠣᠷᠣᠭᠤᠯᠵᠤ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠭᠰᠠᠨ ᠠᠮᠵᠢᠯᠲᠠ ᠪᠠ ᠲᠤᠷᠰᠢᠯᠭ᠎ᠠ ᠪᠣᠯᠤᠭᠰᠠᠨ ᠤ ᠬᠤᠪᠢ ᠳᠤ᠂ ᠲᠡᠦᠬᠡ ᠪᠠᠷ ᠲᠤᠯᠢ ᠪᠣᠯᠭᠠᠵᠤ᠂ | ᠢᠷᠡᠭᠡᠳᠦᠢ ᠶᠢ ᠵᠢᠭᠠᠨ ᠵᠢᠯᠣᠭᠤᠳᠪᠠ ᠁ | ︽ᠲᠥᠪ ᠤᠨ ᠨᠠᠶᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ | ᠢᠲᠡᠭᠡᠯ ᠨᠠᠶᠢᠳᠠᠪᠤᠷᠢ ᠶᠢ ᠱᠤᠭᠤᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠠᠳᠬᠤᠵᠤ᠂ ᠤᠳᠠᠭᠠᠨ | ᠲᠠᠭᠠᠭᠠᠮᠠᠭᠠᠢ ᠪᠠᠷ ᠵᠢᠳᠭᠦᠯ ᠴᠢᠷᠮᠠᠶᠢᠯᠭ᠎ᠠ ᠭᠠᠷᠭᠠᠬᠤ ᠬᠡᠷᠡᠭᠲᠡᠢ︾᠂ ᠶᠡᠷᠦᠩᠬᠡᠢ ᠱᠦᠵᠢ ᠰᠢ ᠶᠢᠨ ᠫᠢᠩ ᠤᠨ ᠦᠭᠡ ᠶᠠᠷᠢᠶ᠎ᠠ | ᠢᠳᠡ ᠬᠦᠴᠦᠲᠡᠢ ᠪᠠᠶᠢᠵᠤ᠂ ︽ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ | ᠵᠢᠯ᠂ ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠬᠦᠳᠦᠯᠦᠨ ᠳᠠᠭᠠᠭᠤᠯᠬᠤ ᠪᠤᠯᠲᠠᠯ᠎ᠠ ᠴᠢᠩᠭ᠎ᠠ ᠠᠳᠬᠤᠬᠤ ᠬᠡᠷᠡᠭᠲᠡᠢ︾᠃ | ᠰᠢᠨ᠎ᠡ ᠠᠶᠠᠨ ᠳᠤ ᠮᠣᠷᠳᠠᠵᠤ᠂ ᠰᠢᠨ᠎ᠡ ᠥᠷᠢᠰᠥᠯᠳᠦᠭᠡᠨ ᠢ ᠤᠭᠲᠤᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | 2025 ᠣᠨ ᠤ 1 ᠰᠠᠷ᠎ᠠ ᠶᠢᠨ 6 ᠤ ᠡᠳᠦᠷ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠪᠡᠭᠡᠵᠢᠩ ᠳᠤ ᠡᠬᠢᠯᠡᠪᠡ᠃ | ︽ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ | ᠪᠤᠳᠤᠯᠢᠶᠠᠨᠲᠠᠢ ᠪᠠᠶᠢᠨ᠎ᠠ᠃ ᠢᠯᠵᠢᠷᠠᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ | ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ | ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ︾᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠣᠳᠣᠬᠠᠨ ᠤ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ | ᠭᠦᠨᠵᠡᠭᠡᠶ ᠵᠠᠳᠠᠯᠵᠤ᠂ ︽ᠰᠤᠷᠲᠠᠯ ᠢᠯᠵᠢᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠶ | ᠠᠬᠢᠭᠤᠯᠬᠤ︾ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ︽ᠣᠭᠲᠣ ᠠᠭᠤᠴᠢᠯᠠᠬᠤ ᠥᠬᠡᠶ ᠪᠠᠶᠢᠬᠤ ᠶᠢ ᠢᠮᠠᠭᠲᠠ | ᠪᠠᠷᠢᠮᠲᠠᠯᠠᠵᠤ᠂ ᠲᠥᠪ ᠤᠨ ᠨᠠᠶᠢᠮᠠᠨ ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠣᠯᠭᠠᠵᠤ᠂ ᠪᠠᠶᠢᠳᠠᠯ ᠢ ᠰᠦᠷᠦᠨ | ᠰᠠᠬᠢᠯᠭ᠎ᠠ ᠪᠠᠲᠤ ᠶᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ ︿ᠳᠥᠷᠪᠡᠨ ᠰᠤᠷᠲᠠᠯ﹀ ᠤᠨ ᠠᠰᠠᠭᠤᠳᠠᠯ ᠢ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ | ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠬᠠᠷᠢᠯᠴᠠᠨ ᠰᠣᠯᠪᠢᠴᠠᠬᠤ ᠪᠣᠯ ᠣᠳᠣᠬᠢ ᠱᠠᠲᠤᠨ ᠳᠠᠬᠢ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠡᠷᠬᠡᠪᠰᠢ | ᠬᠦᠴᠦᠯᠡᠨ ᠰᠢᠢᠳᠪᠦᠷᠢᠯᠡᠬᠦ ᠬᠡᠷᠡᠭᠲᠡᠢ ᠲᠤᠪᠤᠶᠢᠮ᠎ᠠ ᠠᠰᠠᠭᠤᠳᠠᠯ ᠮᠥᠨ᠃ ᠡᠨᠡ ᠬᠦ ᠴᠢᠬᠤᠯᠠ ᠱᠠᠭᠠᠷᠳᠠᠯᠭ᠎ᠠ ᠨᠢ ᠢᠯᠵᠢᠷᠠᠯ ᠢ | ᠡᠰᠡᠷᠭᠦᠴᠡᠬᠦ ᠲᠡᠮᠡᠴᠡᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠮᠠᠨ ᠤ ᠨᠠᠮ ᠤᠨ ᠲᠠᠨᠢᠯᠲᠠ ᠰᠢᠨ᠎ᠡ ᠦᠨᠳᠦᠷᠴᠡ ᠳᠤ | ᠬᠦᠷᠦᠭᠰᠡᠨ ᠢ ᠭᠦᠢᠴᠡᠳ ᠬᠠᠷᠠᠭᠤᠯᠵᠤ᠂ ᠲᠦᠢᠯ ᠤᠨ ᠴᠢᠩᠭ᠎ᠠ ᠠᠬᠤᠶᠢᠴᠢ ᠬᠠᠨᠳᠤᠯᠭᠠᠲᠤ ᠴᠢᠨᠠᠷᠲᠠᠢ ᠶᠤᠮ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ | ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ | ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠤᠨ᠎ᠠ᠃ | ᠡᠨᠡ ᠬᠦ ᠵᠠᠩᠭᠢᠯᠠᠭ᠎ᠠ ᠶᠢᠨ ᠴᠠᠭ ᠦᠶ᠎ᠡ ᠳᠤ᠂ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠭᠡᠰᠢᠭᠦᠨ ᠪᠠ | ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ | ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠬᠦᠴᠦᠲᠡᠢ ᠪᠠᠲᠤᠯᠠᠭ᠎ᠠ ᠮᠥᠨ᠃ | ᠪᠡᠶ᠎ᠡ ᠪᠠᠷ ᠢᠶᠠᠨ ᠬᠡᠪ ᠳᠦᠷᠢᠮ ᠪᠤᠯᠪᠠ — ︽ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠦᠷᠢᠮ | ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠬᠡᠯᠡᠭᠰᠡᠨ ᠢᠶᠠᠨ ᠪᠡᠶᠡᠯᠡᠭᠦᠯᠵᠦ᠂ ᠠᠮᠠᠯᠠᠭᠰᠠᠨ ᠢᠶᠠᠨ ᠪᠡᠶᠡᠯᠡᠭᠦᠯᠵᠦ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠮᠢᠨᠦ ᠥᠪᠡᠷ ᠤᠨ ᠪᠡᠶ᠎ᠡ ᠠᠴᠠ ᠡᠬᠢᠯᠡᠨ ᠬᠢᠬᠦ | ᠬᠡᠷᠡᠭᠲᠡᠢ︾ | ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ᠂ ᠤᠴᠢᠷ ᠶᠠᠪᠤᠳᠠᠯ ᠢ | ᠪᠣᠳᠣᠯᠬᠢᠯᠠᠬᠤ ᠶᠢᠨ ᠰᠠᠭᠤᠷᠢ᠂ ᠤᠴᠢᠷ ᠶᠠᠪᠤᠳᠠᠯ ᠢ ᠪᠦᠲᠦᠭᠡᠬᠦ ᠶᠢᠨ ᠶᠣᠰᠣ ᠮᠥᠨ᠃ ᠲᠥᠪ ᠤᠨ ᠨᠠᠶᠢᠮᠠᠨ ᠲᠣᠭᠲᠠᠭᠠᠯ ᠤᠨ | ᠨᠢᠭᠡᠳᠦᠭᠡᠷ ᠵᠦᠢᠯ ᠪᠣᠯ ᠳᠠᠷᠤᠢ ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠶᠠᠪᠤᠳᠠᠯ ᠪᠣᠯᠤᠨ᠎ᠠ᠃ | 2023 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠨᠡᠬᠡᠬᠡᠯᠳᠡ ᠶᠢᠨ ︽ᠬᠡᠪ | ᠰᠤᠷᠲᠠᠯ ᠤᠨ ᠬᠤᠰᠢᠭᠤᠴᠢ︾ ᠪᠣᠯᠤᠭᠰᠠᠨ ᠭᠤᠸᠠᠩᠳᠦ᠋ᠩ ᠳᠤ ᠬᠦᠷᠴᠦ ᠰᠢᠨᠵᠢᠯᠡᠨ ᠪᠠᠶᠢᠴᠠᠭᠠᠪᠠ᠃ | ᠡᠨᠡ ᠪᠣᠯ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ ᠠᠩᠬ᠎ᠠ ᠤᠳᠠᠭ᠎ᠠ ᠣᠷᠣᠨ ᠨᠤᠲᠤᠭ ᠲᠤ ᠰᠢᠨᠵᠢᠯᠡᠨ ᠪᠠᠶᠢᠴᠠᠭᠠᠵᠤ ᠪᠠᠶᠢᠭ᠎ᠠ | ᠶᠠᠪᠤᠳᠠᠯ ᠪᠣᠯᠤᠨ᠎ᠠ᠃ ᠲᠦᠷᠦᠭᠦᠬᠡᠨ ᠳᠤ ᠡᠬᠢᠯᠡᠭᠦᠯᠦᠭᠰᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠳᠤ ︽ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠠ ᠶᠢ ᠶᠡᠭᠡ ᠪᠠᠷ ᠦᠷᠨᠢᠭᠦᠯᠬᠦ︾ ᠶᠢ ᠴᠢᠬᠤᠯᠠ | ᠠᠭᠤᠯᠭ᠎ᠠ ᠪᠣᠯᠭᠠᠪᠠ᠃ | ᠮᠤᠤᠮᠢᠩ ᠤᠨ ᠪᠠᠢ ᠴᠢᠶᠣᠤ ᠲᠣᠰᠬᠤᠨ ᠤ ᠪᠡᠷᠴᠢᠭᠢᠷ ᠯᠣᠣ ᠶᠢᠨ ᠨᠢᠳᠦᠨ ᠤ ᠮᠣᠳᠣᠨ ᠳᠣᠣᠷ᠎ᠠ᠂ ᠪᠡᠷᠴᠢᠭᠢᠷ ᠯᠣᠣ ᠶᠢᠨ | ᠨᠢᠳᠦᠨ ᠤ ᠦᠨ᠎ᠡ ᠬᠠᠩᠰᠢ᠂ ᠪᠣᠷᠣᠯᠠᠭᠤᠯᠭ᠎ᠠ ᠶᠢᠨ ᠠᠷᠭ᠎ᠠ ᠵᠠᠮ᠂ ᠵᠢᠮᠢᠰ ᠤᠨ ᠲᠠᠷᠢᠶᠠᠴᠢᠨ ᠤ ᠣᠷᠣᠯᠭ᠎ᠠ ᠶᠢ ᠨᠠᠷᠢᠨ ᠠᠰᠠᠭᠤᠪᠠ︔ | ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠪᠠᠶᠢᠳᠠᠯ ᠢ | ᠪᠡᠶ᠎ᠡ ᠪᠠᠷ ᠢᠶᠠᠨ ᠣᠶᠢᠯᠠᠭᠠᠵᠤ᠂ ᠲᠤᠰᠬᠠᠯ ᠢ ᠰᠢᠭᠤᠳ ᠰᠣᠨᠣᠰᠴᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠪᠦ᠋ᠬᠦᠢ ︽ᠡᠬᠢ | ᠡᠭᠦᠰᠦᠯ︾ ᠢ ᠡᠷᠢᠯᠬᠢᠯᠡᠭᠰᠡᠨ ᠪᠠᠶᠢᠨ᠎ᠠ᠃ | 4 ᠡᠳᠦᠷ ᠤᠨ ᠬᠤᠭᠤᠴᠠᠭᠠᠨ ᠳᠤ᠂ ᠵᠠᠨᠵᠢᠶᠠᠩ᠂ ᠮᠤᠤᠮᠢᠩ ᠠᠴᠠ ᠭᠤᠸᠠᠩᠵᠧᠦ ᠳᠤ ᠬᠦᠷᠴᠦ᠂ ᠪᠠᠷᠠᠭᠤᠨ ᠠᠴᠠ | ᠵᠡᠭᠦᠨᠰᠢ ᠭᠤᠸᠠᠩᠳᠦ᠋ᠩ ᠤᠨ ᠪᠠᠷᠠᠭᠤᠨ ᠬᠡᠰᠡᠭ ᠤᠨ ᠡᠬᠡ ᠭᠠᠵᠠᠷ ᠢ ᠲᠤᠭᠤᠯᠵᠤ᠂ ᠴᠢᠶᠦ᠋ᠩᠵᠸᠤ ᠬᠤᠭᠤᠯᠠᠢ ᠶᠢᠨ | ᠬᠦᠪᠡᠭᠡ ᠠᠴᠠ ᠵᠦᠵᠢᠶᠠᠩ ᠮᠥᠷᠡᠨ ᠤ ᠬᠦᠪᠡᠭᠡ ᠬᠦᠷᠲᠡᠯ᠎ᠡ᠂ ᠮᠢᠩᠭᠠᠨ ᠭᠠᠵᠠᠷ ᠠᠶᠠᠯᠠᠵᠤ᠂ ᠶᠡᠷᠦᠩᠬᠡᠢ ᠱᠦᠵᠢ ᠰᠢ ᠶᠢᠨ ᠫᠢᠩ | ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠵᠠᠮ ᠲᠤᠷᠰᠢ ᠪᠠᠶᠢᠴᠠᠭᠠᠨ ᠰᠤᠳᠤᠯᠵᠤ᠂ ᠵᠠᠮ ᠲᠤᠷᠰᠢ ᠰᠡᠳᠭᠢᠨ ᠪᠣᠳᠣᠯᠬᠢᠯᠠᠪᠠ᠃ | | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠡᠶ᠎ᠡ ᠪᠠᠷ ᠢᠶᠠᠨ ᠰᠤᠷᠤᠯᠴᠠᠨ ᠮᠡᠳᠡᠯᠭᠡ ᠡᠵᠡᠮᠰᠢᠪᠡ᠃ ᠨᠠᠮ ᠤᠨ ᠠᠷᠪᠠᠨ | ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠵᠣᠭᠰᠣᠰᠢ ᠦᠭᠡᠢ ᠪᠠᠷ ᠤᠯᠤᠰ ᠤᠨ | ᠳᠣᠲᠣᠭᠠᠳᠤ ᠳᠤ ᠵᠠᠭᠤ ᠭᠠᠷᠤᠢ ᠤᠳᠠᠭ᠎ᠠ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠶᠠᠪᠤᠵᠤ | ᠦᠩᠭᠡᠷᠡᠭᠰᠡᠨ ᠮᠥᠷ ᠨᠢ ᠡᠬᠡ ᠤᠯᠤᠰ ᠤᠨ ᠭᠠᠵᠠᠷ ᠪᠤᠯᠭᠠᠨ ᠳᠤ ᠲᠦᠭᠡᠭᠡᠵᠦ᠂ ᠶᠡᠷᠦ ᠨᠢ ᠠᠷᠠᠳ ᠲᠦᠮᠡᠨ ᠤ ᠳᠤᠮᠳᠠ | ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠦᠬᠦ ᠨᠠᠮ ᠤᠨ | ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠬᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠰᠤᠳᠤᠯᠤᠯᠲᠠ | ᠬᠢᠬᠦ ᠳᠡᠭᠡᠨ ᠴᠢᠳᠠᠮᠠᠭᠠᠢ ᠪᠠᠶᠢᠬᠤ ᠳᠤ ᠭᠡᠷᠡᠯ ᠰᠠᠴᠤᠷᠠᠩᠭᠤᠢ ᠳᠠᠭᠤᠷᠢᠶᠠᠯ ᠦᠵᠡᠭᠦᠯᠵᠡᠢ᠃ | ᠪᠡᠶ᠎ᠡ ᠪᠠᠷ ᠢᠶᠠᠨ ᠬᠡᠪ ᠲᠦᠷᠢᠮ ᠪᠣᠯᠬᠤ ᠨᠢ ᠠᠵᠢᠯ ᠪᠠ ᠠᠮᠢᠳᠤᠷᠠᠯ ᠤᠨ ᠡᠯ᠎ᠡ ᠲᠠᠯ᠎ᠠ ᠳᠤ ᠢᠯᠡᠷᠡᠵᠦ ᠪᠠᠶᠢᠳᠠᠭ᠃ | ᠰᠢᠨᠵᠢᠯᠡᠨ ᠪᠠᠶᠢᠴᠠᠭᠠᠬᠤ ᠳᠤᠮᠳᠠ ᠶᠡᠷᠦ ᠠᠴᠠ ᠬᠦᠮᠦᠨ ᠴᠦᠬᠡᠨ ᠬᠥᠰᠭᠡ ᠬᠥᠩᠭᠡᠨ ᠪᠠᠶᠢᠵᠤ᠂ ᠬᠤᠨᠤᠭ ᠪᠠᠭᠤᠳᠠᠯ ᠢ | ᠳᠥᠭᠦᠮᠴᠢᠯᠡᠨ ᠲᠤᠬᠢᠷᠠᠭᠤᠯᠵᠤ᠂ ᠭᠠᠳᠠᠭᠠᠳᠤ ᠳᠤ ᠠᠶᠢᠯᠴᠢᠯᠠᠬᠤ ᠳᠠᠭᠠᠨ ᠴᠤ ᠭᠠᠳᠠᠭᠠᠲᠤ ᠶᠠᠪᠤᠳᠠᠯ ᠤᠨ ᠲᠦᠷᠢᠮ | ᠲᠤᠭᠲᠠᠭᠠᠯ ᠢ ᠴᠢᠩᠭ᠎ᠠ ᠬᠡᠷᠡᠭᠵᠢᠭᠦᠯᠳᠡᠭ ᠁ ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠶᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠲᠡᠷᠡ ᠶᠣᠰᠣᠭᠠᠷ ᠨᠢ᠂ ᠬᠡᠯᠪᠡᠷᠢ ᠶᠢ ᠨᠢ | ᠬᠤᠪᠢᠷᠠᠭᠤᠯᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠡᠰ ᠪᠠᠲᠤ ᠢᠲᠡᠭᠡᠯ ᠪᠢᠰᠢᠷᠡᠯ ᠢ ᠢᠯᠡᠷᠡᠭᠦᠯᠵᠦ᠂ ᠪᠦᠬᠦ | ᠨᠡᠶᠢᠭᠡᠮ ᠤᠨ ᠰᠢᠨ᠎ᠡ ᠰᠤᠷᠲᠠᠯ ᠲᠥᠪ ᠰᠤᠷᠲᠠᠯ ᠲᠠᠰᠤᠷᠠᠯᠳᠠ ᠦᠭᠡᠢ ᠪᠤᠢ ᠪᠤᠯᠬᠤ ᠶᠢ ᠲᠠᠶᠢᠴᠢᠯᠠᠪᠠ᠃ | ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠬᠠᠮᠤᠭ ᠤᠨ ᠴᠢᠬᠤᠯᠠ ᠨᠢ ᠠᠷᠠᠳ | ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠲᠤᠯᠠᠬᠤ ᠡᠨᠡ ᠬᠦ ᠭᠤᠣᠯ ᠠᠰᠠᠭᠤᠳᠠᠯ ᠢ ᠠᠳᠬᠤᠬᠤ | ᠬᠡᠷᠡᠭᠲᠡᠢ᠃ | ᠬᠥᠬᠡᠭᠴᠢᠨ ᠮᠣᠭᠠᠶ ᠵᠢᠯ ᠤᠨ ᠡᠮᠦᠨᠡᠬᠡᠨ᠂ ᠱᠠᠨᠠᠭ᠎ᠠ ᠪᠣᠭᠤᠮᠲᠠ ᠶᠢᠨ ᠭᠠᠳᠠᠨ᠎ᠠ᠂ ᠮᠥᠰᠥ ᠴᠠᠰᠤᠨ ᠳᠤ ᠬᠤᠴᠢᠭᠳᠠᠪᠠ᠃ | ᠶᠡᠷᠦᠩᠬᠡᠢ ᠱᠦᠵᠢ ᠰᠢ ᠶᠢᠨ ᠫᠢᠩ ᠤᠮᠠᠷᠠᠰᠢ ᠮᠣᠷᠳᠠᠵᠤ᠂ ᠯᠢᠶᠣᠤᠨᠢᠩ ᠳᠤ ᠬᠦᠷᠴᠦ ᠦᠨᠳᠦᠰᠦᠨ ᠱᠠᠲᠤᠨ ᠤ ᠺᠠᠳ᠋ᠷ ᠤᠯᠠᠨ | ᠲᠦᠮᠡᠨ ᠢ ᠪᠣᠯᠭᠤᠭᠠᠨ ᠲᠣᠬᠤᠨᠢᠭᠤᠯᠪᠠ᠃ | ︽ᠪᠢ ᠰᠡᠳᠭᠢᠯ ᠳᠡᠭᠡᠨ ᠪᠤᠳᠤᠭᠰᠠᠭᠠᠷ ᠪᠠᠶᠢᠨ᠎ᠠ᠂ ᠲᠡᠷᠡ ᠬᠡᠰᠡᠭ ᠬᠤᠭᠤᠴᠠᠭᠠᠨ ᠳᠤ ᠡᠳᠦᠷ ᠪᠦᠷᠢ ᠲᠠᠨ ᠤ ᠠᠳᠡᠬᠢ | ᠪᠠᠶᠢᠳᠠᠯ ᠢ ᠣᠶᠢᠯᠠᠭᠠᠵᠤ ᠪᠠᠶᠢᠯ᠎ᠠ︾᠃ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠠᠩᠬᠠᠨ ᠤ ᠦᠷᠳᠡᠭᠡ ᠳᠤ᠂ ᠶᠡᠷᠦᠩᠬᠡᠢ ᠱᠦᠵᠢ | ᠭᠠᠯᠲᠤ ᠲᠡᠷᠭᠡ᠂ ᠮᠠᠰᠢᠨ ᠲᠡᠷᠭᠡᠨ ᠳᠤ ᠰᠠᠭᠤᠵᠤ᠂ ᠨᠢᠳᠤᠨᠤᠨ ᠤ ᠦᠶᠡᠷ ᠤᠨ ᠭᠠᠮᠰᠢᠭ ᠲᠤ ᠬᠦᠨᠳᠦ ᠭᠠᠮᠰᠢᠭᠳᠠᠭᠰᠠᠨ ᠬᠤᠯᠤ | ᠠᠷᠠᠯ ᠳᠤ ᠢᠷᠡᠪᠡ᠃ | ᠠᠯᠢ ᠤᠯᠠᠨ ᠬᠥᠮᠦᠨ ᠤ ᠰᠡᠳᠭᠢᠯ ᠢ ᠬᠥᠳᠡᠯᠭᠡᠮ᠎ᠡ ᠦᠵᠡᠭᠳᠡᠯ ᠢ ᠬᠥᠮᠦᠰ ᠴᠡᠭᠡᠵᠢᠯᠡᠭᠰᠡᠭᠡᠷ ᠪᠠᠶᠢᠨ᠎ᠠ — | ᠶᠦᠨᠨᠠᠨ ᠤ ᠯᠦ ᠳ᠋ᠢᠶᠠᠨ ᠤ ᠭᠠᠵᠠᠷ ᠬᠥᠳᠡᠯᠦᠯᠲᠡ ᠶᠢᠨ ᠳᠠᠷᠠᠭ᠎ᠠ᠂ ᠭᠠᠵᠠᠷ ᠬᠥᠳᠡᠯᠦᠯᠲᠡ ᠶᠢᠨ ᠲᠥᠪ ᠬᠠᠪᠴᠢᠯ ᠳᠤ | ᠬᠦᠷᠴᠦ᠂ ᠪᠦᠷᠢᠮᠦᠰᠦᠨ ᠡᠪᠳᠡᠭᠳᠡᠭᠰᠡᠨ ᠬᠦᠷᠢᠶᠡᠨ ᠳᠤ ᠣᠷᠣᠵᠤ᠂ ᠭᠠᠵᠠᠷ ᠬᠥᠳᠡᠯᠦᠯᠲᠡ ᠶᠢᠨ ᠦᠬᠦᠯ ᠰᠢᠷᠬᠠᠲᠤᠯ᠂ ᠭᠠᠵᠠᠷ | ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠪᠠ︔ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠬᠡᠴᠡᠭᠦᠦ ᠱᠠᠲᠤᠨ ᠳᠤ᠂ | ᠦᠬᠠᠨ ᠳᠤ ᠨᠢᠰᠭᠡᠯ ᠢᠶᠠᠷ ᠬᠦᠷᠴᠦ ᠬᠢᠵᠢᠭ ᠲᠠᠢ ᠲᠡᠮᠡᠴᠡᠬᠦ ᠠᠵᠢᠯ ᠢ ᠵᠢᠯᠣᠭᠤᠳᠪᠠ︔ ᠱᠠᠨ ᠰᠢ ᠬᠤᠪᠣᠷ ᠲᠣᠬᠢᠶᠠᠯᠳᠤᠬᠤ | ᠨᠠᠮᠤᠷ ᠤᠨ ᠦᠶᠡᠷ ᠤᠨ ᠭᠠᠮᠰᠢᠭ ᠲᠤ ᠲᠤᠯᠭᠠᠷᠠᠭᠰᠠᠨ ᠤ ᠳᠠᠷᠠᠭ᠎ᠠ᠂ ᠶᠡᠭᠡ ᠴᠠᠰᠤᠨ ᠳᠤ ᠯᠢᠨᠹᠧᠨ ᠬᠤᠲᠠ ᠳᠤ ᠬᠦᠷᠴᠦ᠂ | ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ ᠁ | ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠭᠠᠮᠰᠢᠭᠳᠠᠭᠰᠠᠨ ᠣᠷᠣᠨ ᠳᠤ ᠬᠦᠷᠴᠦ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ | ᠠᠰᠠᠭᠤᠳᠠᠯ᠂ ᠪᠤᠲᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠵᠤ᠂ ᠤᠯᠠᠨ ᠤ ᠬᠦᠴᠢᠷ ᠠᠰᠠᠭᠤᠳᠠᠯ ᠢ ᠰᠢᠢᠳᠪᠦᠷᠢᠯᠡᠨ | ᠥᠭᠴᠦ᠂ ᠡᠷᠴᠢ ᠵᠣᠷᠢᠭ ᠢ ᠨᠢ ᠬᠥᠪᠴᠢᠯᠡᠨ᠂ ᠴᠢᠭᠯᠡᠯ ᠢ ᠵᠢᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠪᠣᠯ ᠠᠷᠠᠳ | ᠲᠦᠮᠡᠨ ᠤ ᠦᠢᠯᠡᠴᠢᠯᠡᠭᠴᠢ︾ ᠭᠡᠬᠦ ᠴᠢᠩ ᠦᠨᠡᠨᠴᠢ ᠰᠡᠳᠭᠢᠯᠭᠡ ᠶᠢ ᠲᠠᠶᠢᠯᠪᠤᠷᠢᠯᠠᠭᠰᠠᠨ ᠪᠠᠶᠢᠨ᠎ᠠ᠃ | ᠬᠡᠳᠦᠨ ᠵᠢᠯ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠢᠲ᠋ᠠᠯᠢ ᠶᠢᠨ ᠲᠤᠤᠷᠠᠲᠤ ᠵᠥᠪᠯᠡᠯᠭᠡᠨ ᠤ ᠳᠠᠷᠤᠭ᠎ᠠ | ᠹᠧᠶᠢᠺᠧ ᠲᠠᠢ ᠠᠭᠤᠯᠵᠠᠪᠠ᠃ ᠹᠧᠶᠢᠺᠧ᠄ ︽ᠲᠠ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠰᠣᠩᠭᠤᠭᠳᠠᠬᠤ | ᠦᠶ᠎ᠡ ᠳᠤ ᠶᠠᠮᠠᠷ ᠰᠢᠤ ᠰᠡᠳᠭᠢᠯᠭᠡ ᠲᠠᠢ ᠪᠠᠶᠢᠭᠰᠠᠨ ᠪᠤᠢ︖︾ ᠭᠡᠵᠦ ᠠᠰᠠᠭᠤᠪᠠ᠃ | ᠶᠡᠷᠦᠩᠬᠡᠢ ᠱᠦᠵᠢ ᠰᠢ ᠶᠢᠨ ᠫᠢᠩ᠄ ︽ᠡᠶᠢᠮᠦ ᠶᠡᠭᠡ ᠤᠯᠤᠰ᠂ ᠬᠠᠷᠢᠭᠤᠴᠠᠯᠭ᠎ᠠ ᠲᠦᠢᠯ ᠤᠨ ᠬᠦᠨᠳᠦ᠂ ᠠᠵᠢᠯ | ᠲᠦᠢᠯ ᠤᠨ ᠪᠡᠷᠬᠡ ᠬᠠᠲᠠᠭᠤᠵᠢᠯᠲᠠᠢ᠃ ᠠᠮᠢ ᠪᠡᠶ᠎ᠡ ᠪᠠᠨ ᠦᠯᠦ ᠪᠤᠳᠤᠵᠤ ᠠᠷᠠᠳ ᠲᠦᠮᠡᠨ ᠳᠤ ᠤᠰᠤᠯᠳᠠᠬᠤ ᠦᠭᠡᠢ᠃ ᠪᠢ | ᠳᠤᠷᠠᠲᠠᠶ᠎ᠠ ︿ᠠᠮᠢ ᠪᠡᠶ᠎ᠡ ᠪᠠᠨ ᠦᠯᠦ ᠪᠤᠳᠤᠬᠤ﹀ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠬᠥᠭᠵᠢᠯᠲᠡ ᠳᠤ ᠥᠪᠡᠷ ᠤᠨ | ᠬᠤᠪᠢ ᠨᠡᠮᠡᠷᠢ ᠪᠠᠨ ᠦᠵᠡᠭᠦᠯᠦᠨ᠎ᠡ︾ ᠭᠡᠪᠡ᠃ | ᠪᠡᠶ᠎ᠡ ᠪᠠᠷ ᠢᠶᠠᠨ ᠬᠡᠷᠡᠭᠵᠢᠬᠦᠯᠦᠭᠰᠡᠳ ᠢ ᠤᠯᠠᠨ ᠢᠶᠠᠷ ᠢᠶᠠᠨ ᠳᠠᠭᠠᠵᠤ᠂ ᠬᠤᠭᠤᠰᠤᠨ ᠦᠭᠡ ᠬᠡᠯᠡᠭᠰᠡᠳ ᠢ | ᠲᠦᠮᠡᠨ ᠢᠶᠠᠷ ᠢᠶᠠᠨ ᠵᠢᠮᠡᠯᠡᠨ᠎ᠡ᠃ | ᠪᠠᠶᠢᠴᠠᠭᠠᠨ ᠰᠤᠳᠤᠯᠤᠯᠲᠠ ᠶᠢ ᠰᠠᠶᠢᠵᠢᠷᠠᠭᠤᠯᠬᠤ ᠲᠠᠯ᠎ᠠ ᠪᠠᠷ ᠬᠠᠷᠠᠯᠲᠠ ᠲᠠᠢ ᠪᠠᠷ ᠰᠤᠮᠤ ᠬᠠᠷᠪᠤᠵᠤ᠂ ᠠᠰᠠᠭᠤᠳᠠᠯ ᠳᠤ | ᠰᠢᠭᠤᠳ ᠬᠠᠨᠳᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠬᠦ | ᠰᠢᠨ᠎ᠡ ᠰᠡᠳᠭᠢᠮᠵᠢ ᠰᠢᠨ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢ ᠴᠢᠬᠤᠯᠠᠴᠢᠯᠠᠪᠠ︔ ᠬᠤᠷᠠᠯ ᠢ ᠴᠣᠮᠬᠠᠳᠬᠠᠬᠤ | ᠠᠵᠢᠯᠯᠠᠭ᠎ᠠ ᠶᠢᠨ ᠲᠠᠯ᠎ᠠ ᠪᠠᠷ᠂ ᠴᠢᠬᠤᠯᠠ ᠶᠡᠭᠡ ᠬᠤᠷᠠᠯ ᠤᠨ ᠠᠵᠢᠯᠯᠠᠭ᠎ᠠ ᠶᠢᠨ ᠶᠡᠷᠦᠩᠬᠡᠶ ᠬᠡᠮᠵᠢᠶ᠎ᠡ ᠶᠢ ᠡᠬᠢ ᠡᠭᠦᠰᠦᠯ ᠠᠴᠠ ᠨᠢ | ᠡᠵᠡᠮᠳᠡᠬᠦ ᠶᠢ ᠴᠢᠬᠤᠯᠠᠴᠢᠯᠠᠵᠤ᠂ ᠲᠥᠪ ᠤᠨ ᠬᠤᠷᠠᠯ ᠤᠨ ᠠᠵᠢᠯᠯᠠᠭ᠎ᠠ ᠶᠢᠨ ᠬᠤᠷᠠᠯ ᠤᠨ ᠬᠤᠭᠤᠴᠠᠭ᠎ᠠ᠂ ᠬᠡᠪᠴᠢᠶ᠎ᠡ᠂ | ᠪᠠᠷᠢᠮᠵᠢᠶ᠎ᠠ ᠶᠢ ᠴᠢᠩᠭ᠎ᠠ ᠬᠢᠵᠠᠭᠠᠷᠯᠠᠪᠠ︔ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢ ᠴᠣᠮᠬᠠᠳᠬᠠᠬᠤ ᠲᠠᠯ᠎ᠠ ᠪᠠᠷ᠂ ᠲᠥᠪ ᠤᠨ | ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠵᠣᠬᠢᠶᠠᠯ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ︽ᠣᠬᠤᠷ | ᠪᠣᠳᠠᠲᠠᠶ ᠰᠢᠨ᠎ᠡ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠷᠢᠮᠵᠢᠶ᠎ᠠ ᠠᠴᠠ ᠬᠡᠲᠦᠷᠡᠭᠦᠯᠦᠨ ᠪᠢᠴᠢᠭ ᠮᠠᠲ᠋ᠧᠷᠢᠶᠠᠯ | ᠶᠠᠪᠤᠭᠤᠯᠬᠤ ᠠᠴᠠ ᠵᠠᠶᠢᠯᠠᠰᠭᠢᠪᠠ ᠁ | ᠲᠥᠪ ᠤᠨ ᠤᠯᠤᠰ ᠲᠦᠷᠦ ᠶᠢᠨ ᠲᠣᠪᠴᠢᠶᠠᠨ ᠤ ᠪᠤᠰᠤᠳ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ | ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠲᠥᠪ ᠤᠨ ᠨᠠᠶᠢᠮᠠᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ᠂ ᠰᠠᠯᠠᠭ᠎ᠠ | ᠮᠥᠴᠢᠷ ᠪᠣᠯᠤᠨ ᠪᠠᠶᠢᠭ᠎ᠠ ᠭᠠᠵᠠᠷ ᠣᠷᠣᠨ ᠤ ᠬᠢᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ | ᠠᠳᠬᠤᠪᠠ᠃ | ᠶᠡᠷᠦᠩᠬᠡᠢ ᠱᠦᠵᠢ ᠰᠢ ᠶᠢᠨ ᠫᠢᠩ ᠤᠨ ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠡᠪ ᠬᠠᠮᠲᠤᠴᠤᠳ ᠨᠠᠮ ᠤᠨ ᠰᠤᠷᠲᠠᠯ ᠢ ᠪᠦᠬᠦ ᠲᠠᠯ᠎ᠠ ᠪᠠᠷ ᠴᠡᠪᠡᠷᠰᠢᠭᠦᠯᠵᠦ᠂ ᠵᠠᠷᠯᠢᠭ ᠪᠠᠭᠤᠯᠭᠠᠪᠠᠯ ᠵᠠᠪᠠᠯ ᠬᠡᠷᠡᠭᠵᠢᠭᠦᠯᠵᠦ᠂ | ᠴᠥᠬᠦᠷᠡᠰᠢ ᠦᠭᠡᠢ ᠤᠷᠤᠭᠰᠢᠯᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ | ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠪᠠ — ︽ᠡᠷᠴᠢᠮ ᠢᠶᠠᠨ ᠪᠠᠲᠤᠯᠠᠵᠤ᠂ ᠡᠷᠴᠢ ᠵᠣᠷᠢᠭ ᠢᠶᠠᠨ ᠪᠠᠲᠤᠯᠠᠵᠤ᠂ | ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠭᠡᠵᠦ᠂ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠤ᠂ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠲᠠᠰᠤᠷᠠᠯᠳᠠ ᠦᠭᠡᠢ ᠤᠯᠪᠠ︾ | ︽ᠲᠠᠶᠢᠱᠠᠨ ᠠᠭᠤᠯᠠ ᠶᠢᠨ ᠬᠠᠭᠠᠰ ᠪᠠᠯ ᠳᠤ ᠪᠠᠶᠢᠭ᠎ᠠ ᠨᠢᠭᠡ ᠬᠡᠰᠡᠭ ᠲᠡᠭᠰᠢ ᠵᠠᠮ ᠢ ︿ᠪᠠᠶᠠᠰᠬᠤᠯᠠᠩᠲᠤ ᠭᠤᠷᠪᠠᠨ | ᠭᠠᠵᠠᠷ﹀ ᠭᠡᠳᠡᠭ᠂ ᠵᠠᠷᠢᠮ ᠬᠥᠮᠦᠰ ᠠᠭᠤᠯᠠ ᠠᠪᠠᠷᠢᠭᠠᠳ ᠶᠠᠳᠠᠷᠠᠪᠠᠯ ᠠᠳᠡ ᠠᠮᠠᠷᠠᠬᠤ ᠳᠤᠷᠠᠲᠠᠶ ᠪᠠᠶᠢᠳᠠᠭ᠃ ᠭᠡᠲᠡᠯ᠎ᠡ ᠳᠠᠮᠨᠠᠬᠤ | ᠠᠵᠢᠯᠴᠢᠨ ᠶᠡᠷᠦᠳᠡᠭᠡᠨ ᠠᠳᠡ ᠤᠳᠠᠭᠠᠨ ᠠᠮᠤᠰᠬᠢᠳᠠᠭ ᠦᠭᠡᠢ᠂ ᠤᠴᠢᠷ ᠨᠢ ᠤᠳᠠᠭᠠᠨ ᠠᠮᠠᠷᠠᠪᠠᠯ ︿ᠵᠠᠯᠬᠠᠭᠤᠷᠠᠵᠤ﹀᠂ ᠲᠠᠬᠢᠭᠠᠳ | ︿ᠠᠷᠪᠠᠨ ᠨᠠᠶᠢᠮᠠᠨ ᠤᠷᠢᠶᠠᠮᠠᠯ﹀ ᠳᠡᠭᠡᠷ᠎ᠡ ᠭᠠᠷᠬᠤ ᠳᠤ ᠨᠡᠩ ᠬᠦᠴᠢᠷ ᠪᠣᠯᠳᠠᠭ︾᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ | ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠠᠮ ᠤᠨ ᠳᠣᠲᠣᠭᠠᠳᠤ ᠶᠢᠨ ᠳᠡᠭᠡᠳᠦ ᠵᠡᠷᠭᠡ ᠶᠢᠨ | ᠺᠠᠳ᠋ᠷ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠠᠮᠢᠳᠤᠯᠢᠭ ᠦᠯᠢᠭᠡᠷ ᠢᠶᠠᠷ ︽ᠰᠤᠷᠲᠠᠯ ᠤᠨ ᠪᠠᠶᠢᠭᠤᠯᠤᠯᠲᠠ ᠡᠭᠦᠷᠢᠳᠡ | ᠵᠤᠬᠰᠤᠰᠢ ᠦᠭᠡᠢ︾ ᠭᠡᠬᠦ ᠪᠣᠷᠣᠭᠵᠢᠭᠤᠨ ᠶᠣᠰᠣ ᠶᠢ ᠲᠠᠶᠢᠯᠪᠤᠷᠢᠯᠠᠪᠠ᠃ | ᠴᠢᠩᠭ᠎ᠠ ᠠᠳᠬᠤᠨ ᠳᠠᠳᠬᠠᠯ ᠪᠤᠯᠭᠠᠵᠤ᠂ ᠦᠷ᠎ᠡ ᠪᠦᠲᠦᠮᠵᠢ ᠭᠠᠷᠭᠠᠵᠤ᠂ ᠰᠤᠷᠳᠠᠯ ᠢ ᠬᠤᠪᠢᠷᠠᠭᠤᠯᠪᠠ᠃ | ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠢᠯᠣᠭᠤᠳᠣᠯᠭ᠎ᠠ ᠳᠤᠤᠷ᠎ᠠ᠂ | ᠪᠥᠬᠦ ᠨᠠᠮ ᠢᠶᠠᠷ ᠢᠶᠠᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ | ᠭᠦᠨᠵᠡᠭᠡᠶ ᠡᠵᠡᠮᠳᠡᠵᠦ᠂ ᠰᠤᠷᠲᠠᠯ ᠤᠨ ᠬᠡᠮ ᠠᠷᠬᠠᠭ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠴᠠᠳᠠᠢ ᠴᠡᠭᠴᠡᠯᠡᠨ ᠵᠠᠰᠠᠵᠤ᠂ | ᠨᠠᠮ ᠤᠨ ᠭᠡᠰᠢᠭᠦᠨ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ | ᠬᠥᠭᠵᠢᠭᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠰᠢᠨ᠎ᠡ ᠠᠶᠠᠨ ᠳᠤ ᠡᠷᠡᠮᠡᠬᠡᠶᠢᠯᠡᠨ | ᠤᠷᠤᠭᠰᠢᠯᠠᠬᠤ ᠳᠤ ᠪᠠᠲᠤᠯᠠᠭ᠎ᠠ ᠬᠠᠩᠭᠠᠪᠠ᠃ | ︽ᠤᠯᠤᠰ ᠲᠥᠷᠥ ᠶᠢᠨ ᠨᠢᠭᠤᠴᠠᠭᠠᠢ ᠳᠦᠷᠢᠮ︾ ᠢ ᠡᠪᠳᠡᠵᠦ᠂ ︽ᠰᠤᠷᠲᠠᠯ︾ ᠢ ᠴᠢᠩᠭ᠎ᠠ ᠵᠠᠯᠠᠷᠠᠭᠤᠯᠵᠤ ᠠᠷᠢᠭᠤᠨ | ᠴᠢᠬᠡᠴᠢ ᠤᠯᠤᠰ ᠲᠥᠷᠥ ᠶᠢᠨ ᠠᠮᠢ ᠠᠬᠤᠶ ᠶᠢ ᠪᠠᠬᠢᠵᠢᠭᠦᠯᠪᠡ — | 2023 ᠣᠨ ᠤ 1 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠬᠤᠷᠠᠯᠳᠤᠪᠠ᠃ | ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︿ᠲᠦᠷᠪᠡᠨ ᠰᠤᠷᠲᠠᠯ﹀ ᠢ ᠵᠠᠯᠠᠷᠠᠭᠤᠯᠵᠤ᠂ ᠣᠨᠴᠠ ᠡᠷᠬᠡ ᠶᠢᠨ ᠦᠵᠡᠯ | ᠰᠠᠨᠠᠭ᠎ᠠ ᠪᠣᠯᠤᠨ ᠣᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠵᠦ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ᠂ ᠲᠡᠮᠤᠷ | ᠪᠠᠷᠢᠪᠠᠯ ᠤᠷᠤᠮ ᠲᠠᠢ ᠪᠠᠶᠢᠵᠤ᠂ ᠤᠷᠳᠤ ᠬᠤᠭᠤᠴᠠᠭ᠎ᠠ ᠪᠠᠷ ᠵᠤᠬᠰᠤᠭᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ | ᠰᠤᠷᠲᠠᠯ ᠢ ᠵᠤᠬᠰᠤᠭᠠᠵᠤ᠂ ᠤᠯᠠᠨ ᠵᠢᠯ ᠤᠨ ᠲᠤᠷᠰᠢ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ︾᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ | ᠪᠠᠶᠢᠭᠤᠯᠤᠯᠲᠠ ᠶᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠳ᠋ᠦᠩᠨᠡᠪᠡ᠃ | ᠰᠤᠷᠲᠠᠯ ᠤᠨ ᠪᠠᠶᠢᠭᠤᠯᠤᠯᠲᠠ ᠬᠡᠵᠢᠶᠡᠳᠡ ᠵᠤᠬᠰᠤᠰᠢ ᠦᠭᠡᠢ ᠪᠠᠶᠢᠵᠤ ᠡᠴᠦᠰ ᠲᠤᠨᠢ ᠳᠤᠯᠳᠠᠯ᠎ᠠ ᠴᠢᠩᠭ᠎ᠠ ᠠᠳᠬᠤᠪᠠ᠃ | | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠴᠢᠩᠭ᠎ᠠ ᠪᠠᠶᠢᠬᠤ ᠪᠠᠷᠢᠮᠵᠢᠶ᠎ᠠ ᠪᠠ ᠴᠢᠩᠭ᠎ᠠ ᠪᠠᠶᠢᠬᠤ ᠠᠭᠤᠷ ᠠᠮᠢᠰᠬᠤᠯ ᠢ ᠪᠠᠷᠢᠮᠲᠠᠯᠠᠵᠤ᠂ | ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠄ | ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠵᠤ ᠬᠦᠷᠭᠡᠭᠰᠡᠨ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠭᠰᠠᠨ ᠵᠡᠷᠭᠡ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠲᠦᠷᠭᠡᠨ ᠬᠦᠷᠭᠡᠯᠲᠡ ᠪᠠᠷ ᠪᠡᠯᠡᠭ | ᠬᠦᠷᠭᠡᠬᠦ᠂ ᠠᠯᠪᠠᠨ ᠤ ᠵᠣᠭᠤᠰ ᠢᠶᠠᠷ ᠵᠢᠭᠤᠯᠴᠢᠯᠠᠬᠤ ᠵᠡᠷᠭᠡ ᠨᠢᠭᠤᠭᠳᠠᠮᠠᠯ ᠤᠨᠳᠤᠤᠰᠢᠯ ᠠᠰᠠᠭᠤᠳᠠᠯ ᠢ ᠭᠦᠨᠵᠡᠭᠡᠶ ᠠᠭᠤᠳᠠᠯᠤᠨ | ᠨᠠᠷᠢᠨ ᠪᠠᠶᠢᠴᠠᠭᠠᠵᠤ᠂ ᠠᠯᠪᠠᠨ ᠬᠡᠷᠡᠭᠯᠡᠭᠡᠨ ᠤ ᠬᠡᠷ ᠦᠷᠦᠭᠡ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠴᠢᠩᠭ᠎ᠠ | ᠠᠩᠬᠠᠷᠴᠤ᠂ ᠠᠯᠢ ᠣᠯᠠᠨ ᠭᠠᠵᠢᠭᠤ ᠰᠤᠷᠲᠠᠯ ᠤᠨ ᠬᠡᠮ ᠰᠣᠭᠤᠭ ᠨᠢ ᠬᠥᠮᠦᠨ ᠪᠦᠬᠦᠨ ᠤ ︽ᠵᠠᠨᠤᠯᠳᠤ ᠡᠳᠡᠭᠡᠳ︾ ᠪᠣᠯᠤᠭᠰᠠᠨ | ᠪᠠᠶᠢᠨ᠎ᠠ︔ | ︽ᠬᠠᠭᠠᠰ ᠳᠤᠲᠠᠭᠤ ᠤᠷᠬᠢᠭᠰᠠᠨ︾ ᠪᠠᠷᠢᠯᠭ᠎ᠠ᠂ ︽ᠦᠩᠭᠡᠨ ᠲᠠᠯ᠎ᠠ ᠶᠢᠨ ᠢᠨᠵᠧᠨᠧᠷᠢᠩ︾ ᠬᠢᠬᠦ ᠵᠢᠴᠢ ᠬᠠᠷᠢᠭᠤᠴᠠᠯᠭ᠎ᠠ | ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠬᠦ ᠵᠡᠷᠭᠡ ᠶᠢ ᠲᠤᠰᠬᠠᠢ ᠴᠡᠭᠴᠡᠯᠡᠨ ᠵᠠᠰᠠᠵᠤ᠂ | ᠰᠣᠩᠭᠤᠯᠲᠠ ᠬᠢᠬᠦ᠂ ᠦᠭᠡᠷᠡᠳᠦᠬᠦᠯᠦᠨ ᠬᠤᠪᠢᠷᠠᠭᠤᠯᠬᠤ᠂ ᠳᠤᠲᠠᠭᠤ ᠲᠤᠷᠭᠤᠨ ᠬᠢᠵᠦ᠂ ᠣᠪᠣᠷ ᠢᠶᠠᠨ ᠢᠯᠡᠳᠭᠡᠬᠦ ᠨᠢ ᠤᠯᠠᠨ | ᠬᠠᠰᠬᠢᠷᠬᠤ ᠳᠠᠭᠤ ᠨᠢ ᠦᠨᠳᠦᠷ᠂ ᠠᠵᠢᠯᠯᠠᠭ᠎ᠠ ᠨᠢ ᠴᠥᠭᠡᠨ ᠨᠠᠶᠢᠳᠠᠪᠤᠷᠢᠵᠢᠭᠤᠯᠤᠯᠲᠠ ᠨᠢ ᠠᠨᠠᠢ ᠪᠠᠶᠢᠬᠤ ᠠᠰᠠᠭᠤᠳᠠᠯ ᠢ | ᠲᠥᠪᠯᠡᠷᠡᠭᠦᠯᠦᠨ ᠵᠠᠯᠠᠷᠠᠭᠤᠯᠵᠤ᠂ ᠨᠢᠭᠡ ᠪᠦᠯᠦᠭ ᠥᠭᠡᠷᠡᠴᠢᠯᠡᠯᠲᠡ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ︔ | | ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠬᠤᠯᠪᠣᠭᠠᠯᠠᠨ ᠬᠥᠳᠡᠯᠦᠯᠴᠡᠵᠦ ᠬᠠᠮᠲᠤᠷᠠᠨ ᠪᠠᠶᠢᠴᠠᠭᠠᠵᠤ᠂ ᠠᠷᠢᠬᠢ | ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ ᠤ ᠠᠷᠤ ᠳᠠᠬᠢ | ︽ᠳᠥᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠮᠡᠳᠡᠭᠡ | ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠳᠦᠷᠪᠡᠨ ᠰᠤᠷᠲᠠᠯ ᠪᠠ ᠢᠯᠵᠢᠷᠠᠯ ᠢ ᠰᠡᠷᠭᠡᠶᠢᠯᠡᠨ ᠵᠠᠰᠠᠬᠤ | ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠥᠬᠡᠶ ᠪᠠᠬᠢᠵᠢᠭᠦᠯᠪᠡ᠃ | ᠡᠳᠦᠭᠡ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠲᠥᠪ ᠤᠨ ᠨᠠᠶᠢᠮᠠᠨ ᠲᠣᠭᠲᠠᠭᠠᠯ ᠨᠢ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠣᠯᠤᠨ ᠤᠯᠤᠰ ᠲᠦᠷᠦ ᠶᠢᠨ ᠠᠮᠢ ᠠᠬᠤᠢ ᠶᠢ ᠶᠡᠭᠡ ᠪᠠᠷ | ᠰᠠᠶᠢᠵᠢᠷᠠᠭᠤᠯᠵᠤ᠂ ᠤᠯᠠᠨ ᠳᠤ ᠦᠨᠡᠨ ᠬᠦ᠂ ᠪᠣᠳᠠᠲᠠᠢ ᠬᠤᠪᠢᠷᠠᠯᠲᠠ ᠶᠢ ᠮᠡᠳᠡᠷᠡᠭᠦᠯᠵᠡᠢ ᠭᠡᠵᠦ ᠨᠡᠶᠢᠳᠡᠮ ᠲᠤᠰᠬᠠᠵᠠᠭᠠᠪᠠ᠃ | ︽ᠪᠠᠭ᠎ᠠ ᠤᠭᠳᠤᠯᠤᠭᠠᠰᠤ︾ ᠶᠡᠭᠡ ᠬᠤᠪᠢᠷᠠᠯᠲᠠ ᠶᠢ ᠠᠪᠴᠢᠷᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠴᠣ | ᠰᠢᠨ᠎ᠡ ᠪᠠᠶᠢᠳᠠᠯ ᠢᠶᠠᠷ ᠨᠡᠶᠢᠭᠡᠮ ᠤᠨ ᠰᠤᠷᠲᠠᠯ ᠤᠨ ᠭᠦᠨᠵᠡᠭᠡᠶ ᠬᠤᠪᠢᠷᠠᠯᠲᠠ ᠶᠢ ᠬᠦᠰᠢᠵᠦ ᠬᠥᠳᠡᠯᠭᠡᠪᠡ — | 2025 ᠣᠨ ᠤ 3 ᠰᠠᠷ᠎ᠠ ᠶᠢᠨ 3 ᠤ ᠡᠳᠦᠷ᠂ ᠪᠡᠭᠡᠵᠢᠩ ᠤᠨ ᠵᠢᠩ ᠰᠢ ᠵᠣᠴᠢᠳ ᠤᠨ ᠪᠠᠭᠤᠳᠠᠯ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠳᠤ ᠣᠷᠣᠯᠴᠠᠬᠤ ᠪᠠᠷ ᠢᠷᠡᠭᠰᠡᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠢ ᠤᠭᠲᠤᠨ ᠠᠪᠴᠠᠢ᠃ | ︽ᠥᠷᠥᠭᠡᠨ ᠳᠡᠭᠡᠨ ᠤᠷᠤᠬᠤ ᠳᠤ ᠰᠢᠷᠡᠭᠡᠨ ᠳᠡᠭᠡᠷ᠎ᠡ ᠲᠠᠯᠪᠢᠭᠰᠠᠨ ︿ᠬᠤᠷᠠᠯ ᠤᠨ ᠰᠤᠷᠲᠠᠯ ᠢ ᠰᠠᠶᠢᠵᠢᠷᠠᠭᠤᠯᠵᠤ | ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠤᠨ ᠲᠦᠷᠢᠮ﹀ ᠣᠨᠴᠠᠭᠠᠢ ᠢᠯᠡ ᠲᠣᠳᠣ ᠬᠠᠷᠠᠭᠳᠠᠵᠤ᠂ ᠳᠡᠭᠡᠷᠡᠬᠢ | ᠱᠠᠭᠠᠷᠳᠠᠯᠭ᠎ᠠ ᠨᠢ ᠲᠣᠳᠣᠷᠬᠠᠢ ᠪᠥᠭᠡᠳ ᠪᠣᠳᠠᠲᠠᠢ ᠪᠠᠶᠢᠯ᠎ᠠ︾᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠵᠠᠩ ᠵᠤᠤ ᠯᠢ᠂ ᠬᠤᠷᠠᠯ ᠳᠤ ᠣᠷᠣᠯᠴᠠᠭᠰᠠᠨ ᠬᠤᠭᠤᠴᠠᠭᠠᠨ ᠳᠤ᠂ ᠪᠣᠷᠣᠭᠵᠢᠭᠤᠨ ᠪᠣᠳᠠᠲᠠᠢ ᠶᠢ | ᠡᠷᠬᠢᠮᠯᠡᠭᠰᠡᠨ ᠬᠤᠷᠠᠯ ᠤᠨ ᠰᠤᠷᠲᠠᠯ ᠨᠠᠳᠠ ᠳᠤ ᠭᠦᠨ ᠰᠠᠭᠤᠭᠳᠠᠯ ᠦᠯᠡᠳᠡᠭᠡᠵᠡᠢ ᠭᠡᠵᠦ ᠢᠯᠡᠳᠬᠡᠪᠡ᠃ | ᠪᠦᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ | ᠲᠣᠮᠣ ᠶᠠᠪᠤᠳᠠᠯ ᠮᠥᠨ᠂ ᠪᠠᠰᠠ ᠴᠤ ᠨᠠᠮ ᠤᠨ ᠰᠤᠷᠲᠠᠯ ᠵᠠᠰᠠᠭ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ ᠮᠥᠨ᠃ | ᠲᠥᠯᠥᠭᠡᠯᠡᠭᠴᠢᠳ ᠤᠨ ᠪᠦᠯᠬᠦᠮ ᠢ ᠤᠭᠲᠤᠨ ᠬᠦᠷᠭᠡᠬᠦ ᠶᠣᠰᠣᠯᠠᠯ ᠡᠷᠭᠢᠯᠡᠬᠦ ᠥᠬᠡᠶ᠂ ᠯᠤᠩᠬᠤ ᠲᠠᠢ ᠷᠠᠰᠢᠶᠠᠨ ᠤᠰᠤ | ᠲᠠᠯᠪᠢᠬᠤ ᠭᠠᠵᠠᠷ ᠲᠤ ︽ᠤᠤᠭᠤᠬᠤ ᠤᠰᠤ ᠶᠢ ᠠᠷᠪᠢᠯᠠᠬᠤ ᠠᠵᠢᠯᠯᠠᠭ᠎ᠠ︾ ᠶᠢᠨ ᠲᠡᠮᠳᠡᠭ ᠲᠠᠯᠪᠢᠵᠤ᠂ ︽ᠠᠷᠪᠢᠳᠠᠢ | ᠬᠤᠭᠤᠯᠠᠯᠠᠬᠤ ᠠᠵᠢᠯᠯᠠᠭ᠎ᠠ︾ ᠶᠢ ᠰᠠᠨᠠᠭᠠᠴᠢᠯᠠᠨ᠂ ᠬᠡᠷ ᠦᠷᠦᠭᠡ ᠬᠡᠷᠡᠭᠯᠡᠬᠦ ᠲᠤᠭ᠎ᠠ ᠬᠡᠮᠵᠢᠶ᠎ᠡ ᠶᠢ ᠪᠠᠭᠠᠰᠬᠠᠵᠤ᠂ ᠲᠡᠷᠭᠡ | ᠬᠥᠰᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ ᠁ ᠪᠥᠬᠦ ᠤᠯᠤᠰ ᠤᠨ ᠬᠤᠶᠠᠷ ᠬᠤᠷᠠᠯ ᠤᠨ | ᠬᠤᠭᠤᠴᠠᠭᠠᠨ ᠳᠤ᠂ ᠠᠷᠪᠢᠯᠠᠨ ᠭᠠᠮᠨᠠᠬᠤ ᠰᠤᠷᠲᠠᠯ ᠭᠠᠵᠠᠷ ᠪᠣᠯᠭᠠᠨ ᠳᠤ ᠢᠯᠡᠷᠡᠵᠦ᠂ ᠲᠥᠪ ᠤᠨ ᠨᠠᠶᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠬᠤᠷᠠᠯ ᠤᠨ ᠰᠢᠨ᠎ᠡ ᠰᠤᠷᠲᠠᠯ᠂ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠠᠮᠢᠳᠤᠯᠢᠭ ᠦᠢᠯᠡᠳᠦᠯᠭᠡ | ᠪᠣᠯᠭᠠᠨ ᠬᠤᠪᠢᠷᠠᠭᠤᠯᠵᠠᠢ᠃ | ᠰᠠᠶᠢᠨ ᠬᠤᠷᠠᠯ ᠤᠨ ᠰᠤᠷᠲᠠᠯ ᠨᠢ ᠰᠠᠶᠢᠨ ᠤᠪᠤᠷ ᠰᠤᠷᠲᠠᠯ ᠢ ᠲᠤᠰᠬᠠᠵᠤ᠂ ︽ᠰᠠᠶᠢᠲᠤᠷ ᠭᠠᠮᠨᠠᠨ ᠠᠷᠪᠢᠯᠠᠵᠤ᠂ | ᠪᠦᠷᠢᠯᠭᠡᠨ ᠰᠦᠢᠳᠭᠡᠬᠦ ᠶᠢ ᠡᠰᠡᠷᠭᠦᠴᠡᠬᠦ︾ ᠣᠶᠢᠯᠠᠭᠠᠭᠳᠠᠬᠤᠨ ᠬᠥᠮᠦᠰ ᠤᠨ ᠰᠡᠳᠭᠢᠯ ᠳᠤ ᠤᠯᠠᠮ ᠭᠦᠨ ᠬᠠᠳᠠᠩᠰᠢᠪᠠ᠃ | ︽ᠪᠠᠭ᠎ᠠ ᠬᠡᠮᠵᠢᠶᠡᠨ ᠤ ᠨᠣᠭᠤᠭ᠎ᠠ ᠨᠢ ᠨᠡᠩ ᠲᠣᠬᠢᠷᠠᠮᠵᠢᠲᠠᠶ︾᠂ ︽ᠦᠯᠡᠳᠡᠭᠰᠡᠨ ᠨᠣᠭᠤᠭ᠎ᠠ ᠪᠠᠨ ᠪᠠᠭᠯᠠᠭᠠᠳ ᠠᠪᠴᠤ | ᠶᠠᠪᠤᠭᠠᠷᠠᠢ︾᠂ ᠬᠤᠭᠤᠯᠠᠨ ᠭᠡᠷ ᠲᠠᠬᠢ ᠶᠠᠷᠢᠯᠴᠠᠭ᠎ᠠ ᠨᠢ ᠬᠡᠪ ᠰᠤᠷᠲᠠᠯ ᠤᠨ ᠬᠤᠪᠢᠷᠠᠯᠲᠠ ᠶᠢ ᠲᠤᠰᠬᠠᠵᠤ ᠪᠠᠶᠢᠨ᠎ᠠ︔ ᠶᠧᠪᠡᠩ᠂ | ᠲᠣᠮᠣ ᠨᠠᠶᠢᠮᠠᠯᠵᠢ ᠵᠡᠷᠭᠡ ︽ᠲᠩᠷᠢ ᠶᠢᠨ ᠦᠨ᠎ᠡ︾ ᠳᠤᠯᠤᠭᠰᠠᠨ ᠢᠳᠡᠭᠡᠨ ᠨᠢ ︽ᠠᠷᠠᠳ ᠤᠯᠠᠨ ᠬᠦᠯᠢᠶᠡᠨ ᠠᠪᠴᠤ ᠳᠡᠶᠢᠯᠬᠦ︾ | ᠦᠨ᠎ᠡ ᠬᠠᠩᠰᠢ ᠶᠢᠨ ᠱᠤᠭᠤᠮ ᠳᠠᠭᠠᠨ ᠪᠤᠴᠠᠪᠠ︔ ᠬᠤᠷᠢᠮ ᠤᠨ ᠶᠠᠪᠤᠳᠠᠯ ᠢ ᠰᠢᠨ᠎ᠡ ᠮᠠᠶ᠋ᠢᠭ ᠢᠶᠠᠷ ᠬᠢᠵᠦ᠂ | ᠣᠷᠣᠰᠢᠭᠤᠯᠭ᠎ᠠ ᠶᠢᠨ ᠶᠠᠪᠤᠳᠠᠯ ᠢ ᠳᠥᠭᠦᠮ ᠢᠶᠠᠷ ᠬᠢᠬᠦ ᠶᠢ ᠤᠯᠠᠮ ᠠᠴᠠ ᠣᠯᠠᠨ ᠬᠥᠮᠦᠨ ᠬᠦᠯᠢᠶᠡᠨ ᠠᠪᠬᠤ ᠪᠣᠯᠵᠠᠶ︔ | ᠴᠥᠭᠡᠨ ᠪᠤᠰᠤ ᠬᠥᠮᠦᠰ ︽ᠥᠩᠭᠡᠷᠡᠭᠰᠡᠨ ᠳᠤ ᠬᠡᠨ ᠤ ᠲᠡᠷᠭᠡ ᠰᠠᠶᠢᠨ ᠭᠡᠳᠡᠭ ᠢ ᠠᠳᠠᠯᠢᠳᠬᠠᠳᠠᠭ ᠪᠠᠶᠢᠪᠠ᠂ ᠣᠳᠣ ᠬᠡᠨ ᠨᠢ | ᠡᠳᠦᠷ ᠲᠤ ᠨᠡᠩ ᠤᠯᠠᠨ ᠠᠯᠬᠤᠭᠰᠠᠨ ᠪᠤᠢ ᠭᠡᠳᠡᠭ ᠢᠶᠠᠨ ᠠᠳᠠᠯᠢᠳᠬᠠᠬᠤ ᠪᠤᠯᠤᠯ᠎ᠠ︾ ᠭᠡᠵᠡᠭᠡᠨ᠎ᠡ ᠁ | ᠨᠠᠶᠢᠮᠠᠨ ᠲᠣᠭᠲᠠᠭᠠᠯ ᠤᠨ ᠠᠪᠴᠢᠷᠠᠭᠰᠠᠨ ᠰᠤᠷᠲᠠᠯ ᠤᠨ ᠬᠤᠪᠢᠷᠠᠯᠲᠠ ᠨᠢ ᠳᠤᠮᠳᠠᠳᠤ ᠤᠯᠤᠰ ᠤᠨ ᠬᠥᠮᠦᠨ ᠤ | ᠠᠮᠢᠳᠤᠷᠠᠯ ᠢ ᠪᠣᠳᠠᠲᠠᠶ ᠪᠥᠭᠡᠳ ᠭᠦᠨᠵᠡᠭᠡᠶ ᠨᠥᠯᠥᠭᠡᠯᠡᠵᠦ ᠪᠠᠶᠢᠨ᠎ᠠ᠃ | ᠦᠨᠳᠦᠰᠦᠨ ᠱᠠᠲᠤᠨ ᠤ ᠺᠠᠳ᠋ᠷ ᠤᠨ ︽ᠳᠠᠷᠤᠭᠠᠰᠤ︾ ᠶᠢ ᠬᠦᠩᠭᠡᠷᠡᠬᠦᠯᠬᠦ ᠨᠢ ︽ᠳᠤᠮᠳᠠᠳᠤ ᠤᠯᠤᠰ ᠤᠨ ᠵᠠᠰᠠᠯᠲᠠ︾ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ — | 2024 ᠣᠨ ᠤ ᠨᠠᠮᠤᠷ᠂ ᠶᠡᠷᠦᠩᠬᠡᠢ ᠱᠦᠵᠢ ᠰᠢ ᠶᠢᠨ ᠫᠢᠩ ᠡᠮᠦᠨᠡᠰᠢ ᠬᠤᠪᠸᠢ ᠳᠤ ᠬᠦᠷᠪᠡ᠃ ᠰᠢᠶᠠᠨ ᠨᠢᠩ | ᠬᠤᠲᠠ ᠶᠢᠨ ᠵᠢᠶᠠ ᠢᠦᠶ ᠰᠢᠶᠠᠨ ᠤ ᠫᠠᠨ ᠵᠢᠶᠠ ᠸᠠᠨ ᠪᠠᠯᠭᠠᠰᠤᠨ ᠤ ᠰᠧ ᠢ ᠲᠣᠰᠬᠤᠨ ᠤ ᠨᠠᠮ ᠤᠨ ᠭᠡᠰᠢᠭᠦᠨ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠬᠠᠶᠠᠭᠠᠨ ᠳᠡᠭᠡᠷ᠎ᠡ ᠨᠠᠭᠠᠭᠰᠠᠨ ︽ᠣᠯᠠᠨ ᠲᠦᠮᠡᠨ ᠳᠤ ᠦᠢᠯᠡᠴᠢᠯᠡᠬᠦ ᠵᠦᠢᠯᠡᠰ ᠤᠨ | ᠨᠠᠷᠢᠨ ᠳᠠᠩᠰᠠ︾ ᠨᠢ ᠶᠡᠷᠦᠩᠬᠡᠶ ᠱᠦᠵᠢ ᠶᠢᠨ ᠠᠩᠬᠠᠷᠤᠯ ᠢ ᠲᠠᠲᠠᠪᠠ᠃ | ︽ᠥᠩᠭᠡᠷᠡᠭᠰᠡᠨ ᠳᠤ ᠤᠯᠠᠨ ᠲᠦᠮᠡᠨ ᠠᠵᠢᠯ ᠶᠠᠪᠤᠳᠠᠯ ᠬᠢᠬᠦ ᠶᠢ ᠱᠠᠭᠠᠷᠳᠠᠵᠤ ᠪᠠᠶᠢᠵᠠᠢ᠂ ᠤᠳᠤ ᠨᠠᠮ ᠤᠨ ᠭᠡᠰᠢᠭᠦᠨ | ᠺᠠᠳ᠋ᠷ ᠠᠴᠠ ᠤᠯᠠᠨ ᠲᠦᠮᠡᠨ ᠳᠤ ᠠᠵᠢᠯ ᠶᠠᠪᠤᠳᠠᠯ ᠬᠢᠵᠦ ᠥᠭᠴᠦ᠂ ᠦᠢᠯᠡᠴᠢᠯᠡᠵᠦ ᠪᠠᠶᠢᠨ᠎ᠠ᠂ ᠡᠨᠡ ᠪᠣᠯ ᠦᠨᠳᠦᠰᠦᠨ | ᠬᠤᠪᠢᠷᠠᠯᠲᠠ ᠪᠣᠯᠤᠨ᠎ᠠ︾᠃ ᠶᠡᠷᠦᠩᠬᠡᠶ ᠱᠦᠵᠢ ᠰᠢ ᠶᠢᠨ ᠫᠢᠩ᠄ ︽ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ ᠲᠦᠮᠡᠨ ᠳᠤ | ᠵᠤᠷᠢᠭᠤᠯᠵᠤ ᠦᠢᠯᠡᠴᠢᠯᠡᠵᠦ ᠳᠡᠶᠢᠯᠬᠦ ᠪᠤᠯᠭᠠᠬᠤ ᠬᠡᠷᠡᠭᠲᠡᠶ︾ ᠭᠡᠪᠡ᠃ | ᠭᠠᠭᠴᠠ ᠬᠦ ᠬᠥᠩᠭᠡᠷᠡᠭᠦᠯᠬᠦ ᠶᠣᠰᠣᠲᠠᠢ ᠳᠠᠷᠤᠭᠠᠰᠤ ᠶᠢ ᠳᠠᠶᠠᠭᠳᠠᠪᠠᠯ ᠰᠠᠶ᠋ᠢ ᠡᠭᠦᠷᠭᠡᠯᠡᠬᠦ ᠶᠣᠰᠣᠲᠠᠢ | ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠴᠢᠳᠠᠨ᠎ᠠ᠃ | ᠡᠭᠦᠨ ᠢ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ | ᠳᠣᠲᠣᠭᠠᠳᠤ ᠳᠤ ᠰᠢᠨᠵᠢᠯᠡᠨ ᠪᠠᠶᠢᠴᠠᠭᠠᠬᠤ ᠳᠠᠭᠠᠨ ᠤᠯᠠᠨ ᠤᠳᠠᠭ᠎ᠠ ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ | ᠪᠠᠶᠢᠨ᠎ᠠ᠃ | ᠴᠦᠩᠴᠢᠩ ᠳᠤ ᠨᠡᠶᠢᠭᠡᠮ ᠲᠣᠭᠤᠷᠢᠭ ᠤᠨ ᠮᠡᠳᠡᠭᠦᠯᠦᠯᠲᠡ ᠶᠢᠨ ᠬᠦᠰᠦᠨᠦᠭᠲᠦ ᠶᠢ ᠦᠵᠡᠵᠦ᠂ ︽ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠂ ᠶᠠᠮᠠᠷ ᠶᠠᠪᠤᠳᠠᠯ ᠢ ᠴᠤ | ᠦᠨᠳᠦᠰᠦᠨ ᠱᠠᠲᠤᠨ ᠳᠤ ᠲᠤᠯᠭᠠᠵᠤ ᠪᠣᠯᠬᠤ ᠦᠭᠡᠢ︾ ᠭᠡᠵᠦ ᠭᠦᠨᠵᠡᠭᠡᠢ ᠵᠢᠭᠠᠵᠤ ᠭᠠᠷᠭᠠᠪᠠ︔ ᠬᠥᠬᠡᠨᠠᠭᠤᠷ ᠲᠤ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠠᠷᠢᠬᠤ ᠳᠠᠭᠠᠨ᠂ ︽ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ︾ ᠭᠡᠵᠦ | ᠲᠥᠪ ᠴᠢᠩᠭ᠎ᠠ ᠪᠠᠷ ᠴᠢᠬᠤᠯᠠᠴᠢᠯᠠᠪᠠ︔ ᠭᠠᠨᠰᠦ ᠳᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠠᠰᠠᠭᠤᠵᠤ᠂ | ︽ᠬᠡᠷᠡᠭᠴᠡᠭᠡ ᠲᠠᠢ ᠠᠵᠢᠯ ᠢ ᠰᠠᠶᠢᠲᠤᠷ ᠬᠢᠵᠦ᠂ ᠬᠡᠷᠡᠭ ᠥᠬᠡᠶ ᠠᠵᠢᠯ ᠢ ᠳᠤᠲᠠᠭᠤ ᠬᠢᠬᠦ ᠳᠤ ᠳᠡᠭᠡᠳᠦ ᠳᠤᠤᠷᠠᠳᠤ ᠱᠠᠳᠤᠨ ᠤ | ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠬᠤ ᠬᠡᠷᠡᠭᠲᠡᠶ︾ ᠭᠡᠵᠦ ᠳᠤᠳᠤᠷᠬᠠᠢ ᠳᠤᠷᠠᠳᠪᠠ ᠁ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠨᠠᠮ ᠢ ᠳᠠᠭᠠᠭᠤᠯᠤᠨ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠬᠦ ᠶᠢ | ᠵᠣᠷᠢᠭᠵᠢᠭᠤᠯᠬᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠪᠠ᠃ | ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠢ ᠲᠣᠭᠲᠠᠭᠠᠬᠤ ᠠᠴᠠ ︽ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠳᠠᠷᠤᠮᠠᠯᠯᠠᠨ ᠲᠠᠷᠬᠠᠭᠠᠬᠤ | ᠬᠦᠷᠲᠡᠯ᠎ᠡ᠂ ᠲᠥᠪ ᠠᠴᠠ ᠠᠯᠢ ᠣᠯᠠᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠦᠨᠳᠦᠰᠦᠨ ᠱᠠᠲᠤᠨ ᠤ | ᠵᠠᠰᠠᠯᠲᠠ ᠳᠤ ᠬᠦᠴᠦᠨ ᠴᠢᠳᠠᠯ ᠤᠯᠭᠤᠵᠤ ᠦᠷ᠎ᠡ ᠪᠦᠳᠦᠮᠵᠢ ᠨᠡᠮᠡᠷᠢᠯᠡᠪᠡ᠃ ︽ᠨᠢᠭᠡ ᠰᠦᠯᠵᠢᠶ᠎ᠡ ᠪᠠᠷ ᠨᠢᠭᠡᠳᠦᠯᠲᠡᠶ | ᠬᠠᠮᠢᠶᠠᠷᠬᠤ︾᠂ ︽ᠨᠢᠭᠡ ᠬᠦᠰᠦᠨᠦᠭᠲᠦ ᠶᠢ ᠬᠠᠮᠲᠤ ᠪᠠᠷ ᠡᠳ᠋ᠯᠡᠬᠦ︾ ᠥᠭᠡᠷᠡᠴᠢᠯᠡᠯᠲᠡ ᠶᠢ ᠥᠷᠨᠢᠭᠦᠯᠬᠦ ᠠᠴᠠ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ︽ᠱᠦᠭᠯᠦ ᠦᠯᠢᠶᠡᠵᠦ︾ ᠲᠣᠬᠢᠷᠠᠭᠤᠯᠬᠤ ᠡᠷᠬᠡ᠂ ᠰᠢᠯᠭᠠᠨ ᠬᠢᠨᠠᠵᠤ ᠦᠨᠡᠯᠡᠬᠦ ᠡᠷᠬᠡ᠂ ᠠᠵᠢᠯᠲᠠᠨ ᠤ | ᠶᠠᠪᠤᠳᠠᠯ ᠤᠨ ᠰᠠᠨᠠᠭᠤᠯᠭ᠎ᠠ ᠳᠤᠷᠠᠳᠬᠤ ᠡᠷᠬᠡ ᠵᠡᠷᠭᠡ ᠶᠢ ᠪᠣᠳᠠᠲᠠᠶᠢᠵᠢᠭᠤᠯᠬᠤ ᠬᠦᠷᠲᠡᠯ᠎ᠡ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠪᠠ᠃ | ᠨᠢᠭᠡ ᠪᠦᠯᠦᠭ ᠬᠠᠮᠤᠭ ᠤᠨ ᠰᠢᠨ᠎ᠡ ᠲᠤᠭ᠎ᠠ ᠪᠠᠷᠢᠮᠲᠠ ᠪᠤᠯ ᠶᠠᠭ ᠬᠤᠪᠢᠷᠠᠯᠲᠠ ᠶᠢᠨ ᠠᠮᠢᠳᠤᠯᠢᠭ ᠵᠢᠷᠤᠭᠯᠠᠯ ᠮᠦᠨ᠄ | ᠦᠨᠳᠦᠰᠦᠨ ᠱᠠᠲᠤᠨ ᠤ ︽ᠳᠤᠷ᠎ᠠ ᠪᠠᠷ ᠢᠶᠠᠨ ᠫᠠᠶᠢᠰᠠ ᠡᠯᠭᠦᠬᠦ︾ ᠠᠰᠠᠭᠤᠳᠠᠯ ᠢ ᠴᠡᠭᠴᠡᠯᠡᠨ ᠵᠠᠰᠠᠵᠤ᠂ ᠲᠣᠰᠬᠤᠨ | ︵ᠨᠡᠶᠢᠭᠡᠮ ᠲᠣᠭᠤᠷᠢᠭ︶ ᠤ ᠠᠵᠢᠯᠯᠠᠬᠤ ᠭᠠᠵᠠᠷ ᠤᠨ ᠭᠠᠳᠠᠨᠠᠬᠢ ᠡᠯ᠎ᠡ ᠲᠥᠷᠥᠯ ᠤᠨ ᠫᠠᠶᠢᠰᠠ ᠶᠢ 4 ᠠᠴᠠ 6 ᠬᠡᠰᠡᠭ ᠪᠣᠯᠭᠠᠨ | ᠵᠢᠷᠤᠮᠵᠢᠭᠤᠯᠪᠠ︔ | ᠮᠤᠵᠢ ᠶᠠᠮᠤᠨ ᠤ ᠲᠠᠰ ᠤᠨ ᠨᠠᠮ ᠵᠠᠰᠠᠭ ᠤᠨ ᠪᠠᠶᠢᠭᠤᠯᠭ᠎ᠠ ᠶᠢᠨ ᠨᠡᠷ᠎ᠡ ᠪᠠᠷ ᠡᠷᠭᠢᠯᠡᠭᠰᠡᠨ ᠪᠠᠶᠠᠷ ᠳᠤᠷᠠᠰᠬᠠᠯ᠂ | ᠦᠵᠡᠰᠭᠦᠯᠡᠩ᠂ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠢ ᠲᠣᠰ ᠲᠣᠰ 46.3%᠂ 65.2%᠂ | 48.3% ᠪᠠᠷ ᠪᠠᠭᠠᠰᠬᠠᠪᠠ︔ | ᠁ | ᠣᠳᠣᠬᠠᠨ ᠳᠤ᠂ ᠤᠯᠠᠮ ᠠᠴᠠ ᠤᠯᠠᠨ ᠦᠨᠳᠦᠰᠦᠨ ᠱᠠᠲᠤᠨ ᠤ ᠺᠠᠳ᠋ᠷ ᠪᠠᠶᠢᠭᠤᠯᠭ᠎ᠠ ᠠᠴᠠ ᠪᠠᠨ ᠭᠠᠷᠴᠤ᠂ ᠤᠯᠠᠨ | ᠲᠦᠮᠡᠨ ᠤ ᠳᠤᠮᠳᠠ ᠭᠦᠨᠵᠡᠭᠡᠶᠢᠷᠡᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ | ᠬᠦᠴᠢᠷᠳᠡᠯ ᠢ ᠡᠮᠦᠨ᠎ᠡ ᠹᠷᠣᠨᠲ ᠲᠤ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠶᠢ | ᠠᠬᠢᠭᠤᠯᠵᠤ ᠪᠠᠶᠢᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡᠨ ᠤᠳᠠᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ | ᠤᠳᠠᠭᠠᠨ ᠳᠠᠭᠠᠭᠠᠮᠠᠭᠠᠢ ᠲᠠᠶᠢᠨ ᠮᠥᠨ᠃ | ᠣᠳᠣᠬᠠᠨ ᠳᠤ᠂ ︽ᠨᠠᠶᠢᠷ ᠲᠠᠯ᠎ᠠ ᠶᠢᠨ ᠨᠡᠶᠢᠭᠡᠮ︾᠂ ︽ᠨᠢᠭᠤᠷ ᠲᠠᠯ᠎ᠠ ᠶᠢᠨ ᠰᠣᠶᠣᠯ︾ ᠤᠨ ᠳᠠᠳᠬᠠᠯ ᠬᠠᠷᠠᠬᠠᠨ | ᠣᠷᠣᠰᠢᠭᠰᠠᠭᠠᠷ ᠪᠠᠶᠢᠵᠤ᠂ ᠵᠠᠷᠢᠮ ︽ᠨᠣᠶᠠᠳ ᠤᠨ ᠳᠠᠪᠬᠤᠷᠭ᠎ᠠ ᠶᠢᠨ ᠨᠢᠭᠤᠴᠠᠭᠠᠢ ᠳᠦᠷᠢᠮ︾ ᠤᠨ ᠢᠨᠧᠷᠼᠢ ᠮᠥᠨ ᠯᠡ | ᠣᠷᠣᠰᠢᠭᠰᠠᠭᠠᠷ ᠪᠠᠶᠢᠨ᠎ᠠ᠂ ᠵᠠᠷᠢᠮ ᠭᠠᠵᠠᠷ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠳᠤ ︽ᠨᠢᠭᠡ ᠯᠡ ᠠᠳᠠᠯᠢ ᠪᠠᠷ | ᠱᠠᠭᠠᠷᠳᠠᠬᠤ︾᠂ ︽ᠦᠭᠡᠷᠡᠳᠦᠬᠦᠯᠦᠨ ᠬᠤᠪᠢᠷᠠᠭᠤᠯᠬᠤ︾ ᠠᠴᠠ ᠪᠣᠯᠵᠣ ᠰᠢᠨ᠎ᠡ ᠠᠰᠠᠭᠤᠳᠠᠯ ᠡᠭᠦᠰᠭᠡᠵᠦ ᠪᠠᠶᠢᠨ᠎ᠠ᠂ ︽ᠳᠥᠷᠪᠡᠨ | ᠰᠤᠷᠲᠠᠯ︾ ᠪᠠ ᠢᠯᠵᠢᠷᠠᠯ ᠢ ᠪᠣᠶ ᠪᠣᠯᠭᠠᠬᠤ ᠨᠡᠶᠢᠭᠡᠮ ᠤᠨ ᠰᠣᠶᠣᠯ ᠤᠨ ᠬᠥᠷᠥᠰᠥ ᠰᠢᠷᠣᠶ ᠶᠢ ᠦᠨᠳᠦᠰᠦ ᠠᠴᠠ ᠨᠢ | ᠠᠷᠢᠯᠭᠠᠭᠠᠳᠤᠶ᠂ ᠰᠤᠷᠲᠠᠯ ᠢ ᠰᠠᠶᠢᠵᠢᠷᠠᠭᠤᠯᠬᠤ ᠳᠤ ᠬᠠᠷᠰᠢ ᠰᠠᠭᠠᠳ ᠣᠷᠣᠰᠢᠵᠤ ᠪᠠᠶᠢᠬᠤ ᠪᠥᠭᠡᠳ ᠣᠷᠳᠣ ᠬᠤᠭᠤᠴᠠᠭ᠎ᠠ ᠪᠠᠷ | ᠵᠢᠳᠬᠦᠨ ᠴᠢᠷᠮᠠᠶᠢᠬᠤ ᠴᠢᠬᠤᠯᠠᠲᠠᠶ ᠪᠠᠶᠢᠨ᠎ᠠ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠡᠭᠦᠰᠦᠭᠡᠳ ᠨᠢᠭᠡ ᠯᠡ ᠭᠠᠷᠠᠭ ᠪᠤᠯᠤᠮᠠᠭᠴᠠ᠂ 3 ᠰᠠᠷ᠎ᠠ ᠶᠢᠨ | 17 ᠠᠴᠠ 20 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠭᠦᠢᠵᠧᠦ᠂ ᠶᠦᠨᠨᠠᠨ ᠬᠤᠶᠠᠷ ᠭᠠᠵᠠᠷ ᠲᠤ ᠬᠦᠷᠴᠦ | ᠰᠢᠨᠵᠢᠯᠡᠨ ᠪᠠᠶᠢᠴᠠᠭᠠᠪᠠ᠃ | ᠭᠦᠢᠵᠧᠦ ᠳᠤ᠂ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠬᠦᠯᠬᠦ᠂ ᠳᠠᠳᠬᠠᠯ ᠪᠦᠷᠢᠯᠳᠦᠭᠦᠯᠬᠦ ᠶᠢ | ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ | ᠪᠤᠰᠬᠠᠬᠤ ᠬᠡᠷᠡᠭᠲᠡᠢ︾᠂ ︽ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠬᠠᠷᠢᠯᠴᠠᠨ | ᠤᠶᠠᠯᠳᠤᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ︔ | ᠶᠦᠨᠨᠠᠨ ᠳᠤ᠂ ︽ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠭᠢᠯᠭᠡ ᠪᠠᠨ ᠤᠬᠠᠮᠰᠠᠷ ᠠᠴᠠ ᠪᠠᠨ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ ᠭᠠᠵᠠᠷ ᠣᠷᠣᠨ | ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ | ᠠᠳᠬᠤᠭᠰᠠᠨ ᠪᠣᠳᠠᠲᠠᠢ ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠶᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡᠷᠭᠡᠢ ᠣᠶᠢᠯᠠᠭᠠᠵᠤ᠂ ᠬᠤᠯᠪᠣᠭᠳᠠᠯ | ᠪᠦᠬᠦᠢ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ︾ | ᠭᠡᠵᠦ ᠱᠠᠭᠠᠷᠳᠠᠪᠠ᠁ | ᠰᠠᠶ᠋ᠢᠬᠠᠨ ᠡᠬᠢᠯᠡᠭᠦᠯᠦᠭᠰᠡᠨ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠲᠣᠳᠣᠷᠬᠠᠢ | ᠭᠤᠣᠯᠳᠠᠯᠭ᠎ᠠ ᠶᠢ ᠲᠣᠭᠲᠠᠭᠠᠵᠤ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠥᠪ ᠤᠨ ᠨᠠᠶᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ ᠬᠢᠬᠦ | ᠢᠯᠡ ᠲᠣᠳᠣ ᠲᠤᠬᠢᠶ᠎ᠠ ᠶᠢ ᠳᠠᠮᠵᠢᠭᠤᠯᠪᠠ᠃ | ᠰᠦᠷᠯᠢᠭ ᠪᠣᠭᠤᠮᠲᠠ ᠶᠢ ᠲᠡᠮᠦᠷ ᠮᠡᠲᠦ ᠬᠠᠳᠠᠭᠤ ᠬᠡᠮᠡᠨ ᠪᠢᠲᠡᠭᠡᠢ ᠬᠡᠯᠡᠭᠲᠦᠨ᠂ ᠰᠦᠷᠳᠦ ᠠᠯᠬᠤᠭ᠎ᠠ ᠪᠠᠷ ᠡᠳᠦᠭᠡ | ᠪᠢᠳᠡ ᠳᠡᠭᠡᠭᠦᠷ ᠢᠨᠤ ᠳᠠᠪᠠᠮᠤᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠲᠥᠪ | ᠴᠢᠩᠭ᠎ᠠ ᠪᠠᠷ ᠳᠤᠩᠬᠠᠭᠯᠠᠪᠠ — | ᠨᠠᠶᠢᠮᠠᠨ ᠲᠣᠭᠲᠠᠭᠠᠯ ᠨᠢᠭᠡᠨᠲᠡ ᠳᠤᠮᠳᠠᠳᠤ ᠤᠯᠤᠰ ᠢ ᠭᠦᠨᠵᠡᠭᠡᠶ ᠬᠤᠪᠢᠷᠠᠭᠤᠯᠵᠤ᠂ ᠨᠠᠶᠢᠮᠠᠨ ᠲᠣᠭᠲᠠᠭᠠᠯ ᠪᠠᠰᠠ | ᠳᠤᠮᠳᠠᠳᠤ ᠤᠯᠤᠰ ᠢ ᠦᠷᠭᠦᠯᠵᠢᠯᠡᠨ ᠬᠤᠪᠢᠷᠠᠭᠤᠯᠬᠤ ᠪᠣᠯᠤᠨ᠎ᠠ︕ | | | |