| | ᠤᠶᠢᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ | ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ | ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠪᠥᠬᠦ ᠠᠭᠤᠯᠭ᠎ᠠ ᠨᠢ ᠳᠤᠤᠷᠠᠬᠢ | ᠮᠡᠲᠦ᠃ | ᠠᠮᠤ ᠪᠤᠳᠠᠭᠠᠨ ᠤ ᠠᠮᠤᠷ ᠲᠦᠪᠰᠢᠨ ᠪᠣᠯ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠥᠨ᠃ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠦᠨᠳᠦᠰᠦ ᠨᠢ ᠲᠠᠷᠢᠶᠠᠨ ᠭᠠᠵᠠᠷ ᠲᠤ ᠪᠤᠢ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠣᠯ ᠨᠢᠭᠡᠨ ᠴᠢᠬᠤᠯᠠ ᠭᠠᠷᠳᠠᠴᠠ ᠮᠥᠨ᠃ ᠨᠥᠬᠦᠴᠡᠯ ᠢ ᠪᠦᠷᠢᠯᠳᠦᠭᠦᠯᠦᠭᠰᠡᠨ | ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠳᠦᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ | ᠪᠠᠳᠤᠯᠠᠵᠤ᠂ ᠮᠡᠷᠬᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠬᠡᠷᠡᠭᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ | ᠲᠣᠳᠣᠷᠬᠠᠶᠢᠯᠠᠨ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠨᠥᠬᠦᠴᠡᠯ ᠢ | ᠪᠦᠷᠢᠯᠳᠦᠭᠦᠯᠦᠭᠰᠡᠨ ᠲᠠᠷᠢᠶᠠᠨ ᠭᠠᠵᠠᠷ ᠢᠯᠠᠩᠭᠤᠶ᠎ᠠ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠦᠨᠡᠨ ᠬᠦ | ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠪᠦᠬᠡᠳ ᠲᠣᠭᠲᠠᠭᠤᠨ | ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠤᠯᠭᠠᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠤᠯᠠᠮ ᠪᠠᠬᠢᠵᠢᠭᠦᠯᠦᠨ᠎ᠡ᠃ | ᠭᠤᠤᠯ ᠬᠠᠷᠠᠯᠲᠠ ᠪᠣᠯ᠄ 2030 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 13.5 | ᠳ᠋ᠦᠩᠰᠢᠭᠤᠷ ᠮᠥ ᠪᠤᠯᠭᠠᠨ ᠬᠦᠴᠦᠯᠡᠨ ᠪᠠᠶᠢᠭᠤᠯᠵᠤ᠂ ᠨᠡᠶᠢᠳᠡ 2.8 ᠳ᠋ᠦᠩᠰᠢᠭᠤᠷ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ | ᠨᠢᠭᠡᠳᠦᠯᠲᠡᠶ ᠲᠥᠯᠥᠪᠵᠢᠭᠦᠯᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠬᠡᠷᠡᠭᠵᠢᠭᠦᠯᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 8000 ᠲᠦᠮᠡᠨ ᠮᠥ ᠰᠢᠨ᠎ᠡ ᠪᠠᠷ | ᠨᠡᠮᠡᠭᠳᠡᠭᠦᠯᠦᠨ᠎ᠡ︔ 2035 ᠣᠨ ᠪᠣᠯᠬᠤ ᠳᠤ᠂ ᠨᠥᠬᠦᠴᠡᠯ ᠢ ᠪᠦᠷᠢᠯᠳᠦᠭᠦᠯᠦᠭᠰᠡᠨ ᠡᠬᠦᠷᠢᠳᠡ ᠶᠢᠨ ᠴᠢᠨᠠᠷᠳᠠᠢ ᠦᠨᠳᠦᠰᠦᠨ | ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠨ ᠪᠠᠶᠢᠭᠤᠯᠵᠤ᠂ ᠨᠡᠶᠢᠲᠡ 4. | 55 ᠳ᠋ᠦᠩᠰᠢᠭᠤᠷ ᠮᠥ ᠶᠢ ᠥᠭᠡᠷᠡᠴᠢᠯᠡᠨ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠲᠠᠯᠠᠪᠠᠶ ᠶᠢ 1.3 ᠳ᠋ᠦᠩᠰᠢᠭᠤᠷ ᠮᠥ ᠰᠢᠨ᠎ᠡ ᠪᠠᠷ ᠨᠡᠮᠡᠭᠳᠡᠭᠦᠯᠦᠨ᠎ᠡ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ | ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ︽ᠨᠢᠭᠡ ᠶᠢ ᠲᠡᠭᠰᠢᠯᠡᠬᠦ︾ ︵ᠲᠠᠷᠢᠶᠠᠨ ᠭᠠᠵᠠᠷ ᠢ ᠲᠡᠭᠰᠢᠯᠡᠬᠦ︶᠂ | ︽ᠬᠤᠶᠠᠷ ᠢ ᠨᠡᠪᠲᠡᠷᠡᠭᠦᠯᠬᠦ︾ ︵ᠤᠰᠤ ᠨᠡᠪᠲᠡᠷᠡᠭᠦᠯᠵᠦ ᠵᠠᠮ ᠨᠡᠪᠲᠡᠷᠡᠭᠦᠯᠬᠦ︶᠂ ︽ᠭᠤᠷᠪᠠ ᠶᠢ ᠳᠡᠭᠡᠭᠰᠢᠯᠡᠭᠦᠯᠬᠦ︾ ︵ᠭᠠᠵᠠᠷ ᠤᠨ | ᠬᠦᠴᠦ ᠰᠢᠮ᠎ᠡ᠂ ᠤᠨᠠᠯᠲᠠ᠂ ᠦᠷ᠎ᠡ ᠠᠰᠢᠭ ᠢ ᠳᠡᠭᠡᠭᠰᠢᠯᠡᠭᠦᠯᠬᠦ︶ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠠᠳᠠᠯᠢ ᠪᠤᠰᠤ | ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠤᠯᠤᠰ ᠤᠨ | ᠪᠠᠷᠢᠮᠵᠢᠶ᠎ᠠ ᠨᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠰᠠᠭᠤᠷᠢᠯᠠᠬᠤ ᠴᠢᠨᠠᠷᠲᠠᠶ᠂ ᠨᠡᠶᠢᠳᠡᠮ ᠬᠡᠷᠡᠭᠯᠡᠬᠦ ᠴᠢᠨᠠᠷᠲᠠᠶ | ᠱᠠᠭᠠᠷᠳᠠᠯᠭ᠎ᠠ ᠶᠢ ᠳᠣᠪᠤᠶᠢᠯᠭᠠᠵᠤ᠂ ᠮᠤᠵᠢ ᠶᠢᠨ ᠱᠠᠲᠤᠨ ᠤ ᠲᠠᠰ ᠳᠠᠪᠬᠤᠷᠭ᠎ᠠ ᠠᠴᠠ ᠲᠠᠷᠢᠶᠠᠨ ᠭᠠᠵᠠᠷ ᠢ ᠲᠡᠭᠰᠢᠯᠠᠨ ᠵᠠᠰᠠᠬᠤ᠂ | ᠤᠰᠤᠯᠠᠬᠤ ᠪᠠ ᠤᠰᠤ ᠵᠠᠯᠠᠬᠤ ᠲᠤᠨᠤᠭ ᠲᠦᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠭᠠᠵᠠᠷ ᠤᠨ ᠬᠦᠴᠦ ᠰᠢᠮ᠎ᠡ ᠶᠢ | ᠳᠡᠭᠡᠭᠰᠢᠯᠡᠭᠦᠯᠬᠦ ᠵᠡᠷᠭᠡ ᠪᠣᠳᠠᠲᠠᠶ ᠱᠠᠭᠠᠷᠳᠠᠯᠭ᠎ᠠ ᠶᠢ ᠨᠠᠷᠢᠯᠢᠬᠵᠢᠭᠤᠯᠤᠨ ᠲᠣᠭᠲᠠᠭᠠᠵᠤ᠂ ᠬᠤᠲᠠ ᠰᠢᠶᠠᠨ ᠤ ᠲᠠᠰ | ᠳᠠᠪᠬᠤᠷᠭ᠎ᠠ ᠠᠴᠠ ᠳᠥᠭᠦᠮ ᠠᠪᠰᠠᠷᠬᠠᠨ ᠬᠢᠯᠪᠠᠷ ᠶᠠᠪᠤᠭᠳᠠᠬᠤ᠂ ᠲᠥᠬᠦᠮ ᠣᠶᠢᠯᠠᠭᠠᠮᠵᠢᠲᠠᠶ᠂ ᠬᠡᠷᠡᠭᠵᠢᠭᠦᠯᠬᠦ ᠴᠢᠨᠠᠷ ᠢᠶᠠᠷ | ᠴᠢᠩᠭ᠎ᠠ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠲᠠᠰ ᠳᠠᠪᠬᠤᠷᠭ᠎ᠠ ᠨᠢ ᠲᠣᠳᠣᠷᠬᠠᠶ᠂ ᠳᠡᠭᠡᠷ᠎ᠠ ᠳᠤᠤᠷ᠎ᠠ ᠱᠠᠲᠤ ᠶᠢ | ᠵᠣᠯᠭᠠᠭᠤᠯᠤᠭᠰᠠᠨ᠂ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ ᠪᠠᠶᠢᠬᠤ ᠪᠠᠷᠢᠮᠵᠢᠶ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ | | ︵ᠬᠤᠶᠠᠷ︶ ᠪᠦᠲᠦᠭᠡᠨ ᠪᠠᠶᠢᠭᠤᠯᠬᠤ ᠠᠭᠤᠯᠭ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ ᠬᠥᠷᠥᠰᠥ ᠰᠢᠷᠣᠢ᠂ | ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠥᠷᠨᠢᠭᠦᠯᠵᠦ᠂ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠠᠷᠢᠶᠠᠨ ᠭᠠᠵᠠᠷ ᠲᠤ ᠲᠠᠯᠪᠢᠨ᠎ᠠ᠃ | ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ ᠲᠡᠭᠰᠢᠯᠡᠨ ᠵᠠᠰᠠᠬᠤ᠂ ᠲᠠᠷᠢᠶᠠᠨ ᠭᠠᠵᠠᠷ ᠢ | ᠤᠰᠤᠯᠠᠬᠤ ᠪᠠ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠵᠠᠮ ᠪᠠ ᠴᠠᠬᠢᠯᠭᠠᠨ ᠬᠦᠴᠦᠨ ᠤ ᠲᠤᠨᠤᠭ | ᠲᠦᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ | ᠲᠠᠷᠢᠶᠠᠨ ᠭᠠᠵᠠᠷ ᠤᠨ ᠤᠰᠤ ᠶᠢ ᠪᠠᠳᠤᠯᠠᠵᠤ ᠬᠥᠷᠥᠰᠥ ᠰᠢᠷᠣᠶ ᠶᠢ ᠪᠠᠳᠤᠯᠠᠵᠤ ᠪᠣᠷᠳᠣᠭᠤᠷ ᠢ ᠪᠠᠳᠤᠯᠠᠬᠤ ᠴᠢᠳᠠᠪᠤᠷᠢ᠂ | ᠭᠠᠩᠳᠠᠵᠤ ᠤᠰᠤᠲᠤᠬᠤ ᠭᠠᠮᠰᠢᠭ ᠢ ᠡᠰᠡᠷᠭᠦᠴᠡᠬᠦ ᠴᠢᠳᠠᠪᠤᠷᠢ᠂ ᠮᠠᠰᠢᠨᠴᠢᠯᠠᠨ ᠮᠧᠬᠠᠨᠢᠭᠴᠢᠯᠠᠵᠤ ᠲᠠᠷᠢᠶᠠᠯᠠᠬᠤ ᠳᠤ ᠳᠥᠭᠦᠮ | ᠦᠵᠡᠭᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ︔ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠶᠠᠭᠤ | ᠳᠤᠲᠠᠭᠳᠠᠪᠠᠯ ᠶᠠᠭᠤ ᠶᠢ ᠨᠥᠬᠦᠪᠥᠷᠢᠯᠡᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ | ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠨ᠎ᠡ᠃ ᠭᠠᠳᠠᠨ᠎ᠠ ᠠᠴᠠ ᠰᠢᠷᠤᠢ ᠠᠪᠴᠢᠷᠠᠵᠤ ᠨᠡᠮᠡᠬᠦ᠂ ᠥᠩᠭᠡᠨ ᠲᠠᠯ᠎ᠠ ᠶᠢᠨ | ᠬᠥᠷᠥᠰᠥ ᠶᠢ ᠲᠠᠬᠢᠨ ᠲᠠᠷᠢᠶᠠᠨ ᠭᠠᠵᠠᠷ ᠪᠤᠯᠭᠠᠨ ᠠᠰᠢᠬᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠭᠠᠵᠠᠷ ᠰᠢᠷᠣᠶ ᠶᠢ | ᠲᠡᠭᠰᠢᠯᠡᠵᠦ᠂ ᠲᠠᠷᠢᠶᠠᠨ ᠭᠠᠵᠠᠷ ᠤᠨ ᠭᠠᠳᠠᠷᠭᠤ ᠶᠢᠨ ᠨᠠᠯᠠᠤ ᠬᠤᠳᠤᠭᠤᠷ ᠢ ᠵᠦᠶ ᠵᠣᠬᠢᠰᠲᠠᠶ ᠲᠣᠬᠢᠷᠠᠭᠤᠯᠵᠤ᠂ ᠲᠠᠷᠢᠶᠠᠨ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠰᠠᠶᠢᠵᠢᠷᠠᠭᠤᠯᠤᠨ᠎ᠠ᠃ ᠡᠳᠦᠷ ᠲᠤᠲᠤᠮ ᠤᠨ ᠲᠠᠷᠢᠶᠠᠯᠠᠩ ᠤᠨ ᠦᠢᠯᠡᠳᠪᠦᠷᠢᠯᠡᠯ ᠲᠠᠢ | ᠤᠶᠠᠯᠳᠤᠭᠤᠯᠤᠨ ᠬᠥᠷᠥᠰᠥ ᠰᠢᠷᠣᠶ ᠶᠢ ᠰᠠᠶᠢᠵᠢᠷᠠᠭᠤᠯᠵᠤ ᠪᠣᠷᠲᠣᠭᠤᠷ ᠣᠷᠣᠭᠤᠯᠬᠤ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠬᠥᠷᠥᠰᠥ ᠰᠢᠷᠣᠶ ᠶᠢ ᠦᠨᠡᠨ ᠬᠦ ᠰᠠᠶᠢᠵᠢᠷᠠᠭᠤᠯᠤᠨ᠎ᠠ᠃ ᠬᠥᠨᠥᠭᠡᠯ ᠳᠤ ᠲᠣᠬᠢᠷᠠᠭᠤᠯᠤᠨ ᠰᠡᠷᠭᠡᠶᠢᠯᠡᠯᠲᠡ ᠬᠢᠵᠦ᠂ | ᠡᠷᠭᠢ ᠬᠥᠲᠥᠯ ᠢ ᠬᠠᠮᠠᠭᠠᠯᠠᠬᠤ᠂ ᠰᠠᠯᠬᠢ ᠡᠯᠡᠰᠦ ᠶᠢ ᠰᠡᠷᠭᠡᠶᠢᠯᠡᠬᠦ ᠵᠡᠷᠭᠡ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠵᠦᠢ | ᠵᠣᠬᠢᠰᠲᠠᠶ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠥᠷᠥᠰᠥ ᠰᠢᠷᠣᠶ ᠶᠢ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ ᠴᠣᠭᠴᠠ ᠪᠠᠶ᠎ᠠ ᠪᠠᠨ | ᠲᠠᠭᠠᠭᠠᠵᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠪᠠᠷ ᠤᠰᠤᠯᠠᠬᠤ᠂ ᠴᠢᠭᠢᠭ ᠤᠨ ᠪᠠᠶᠢᠳᠠᠯ | ᠬᠤᠷᠣᠬᠠᠶ ᠶᠢᠨ ᠪᠠᠶᠢᠳᠠᠯ ᠢ ᠠᠦ᠋ᠲ᠋ᠣ᠋ ᠪᠠᠷ ᠬᠢᠨᠠᠨ ᠰᠢᠨᠵᠢᠬᠦ᠂ ᠣᠶᠤᠨᠴᠢ ᠴᠠᠭ ᠠᠭᠤᠷ ᠤᠨ ᠦᠢᠯᠡᠴᠢᠯᠡᠭᠡ ᠵᠡᠷᠭᠡ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠪᠠᠶᠢᠷᠢᠰᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠣᠷᠣᠨ᠂ ᠲᠠᠯ᠎ᠠ ᠭᠠᠵᠠᠷ ᠣᠷᠣᠨ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠵᠢᠴᠢ ᠠᠮᠤ ᠪᠤᠳᠠᠭᠠᠨ ᠤ ᠤᠨᠠᠯᠲᠠ | ᠥᠨᠳᠥᠷ ᠪᠠ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠭᠠᠵᠠᠷ ᠣᠷᠣᠨ ᠳᠤ ᠤᠷᠢᠳ ᠢᠶᠠᠷ ᠪᠥᠲᠥᠭᠡᠨ | ᠪᠠᠶᠢᠭᠤᠯᠤᠯᠳᠠ ᠦᠷᠨᠢᠭᠦᠯᠦᠨ᠎ᠠ᠂ ᠭᠡᠬᠦ ᠳᠡᠭᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢᠶᠠᠷ | ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠃ ᠠᠮᠢ ᠠᠬᠤᠢ ᠬᠡᠪᠡᠷᠡᠭ ᠣᠷᠣᠨ᠂ ᠲᠠᠯᠠᠢ ᠳᠠᠭᠠᠤ ᠶᠢᠨ ᠳᠣᠲᠣᠭᠠᠳᠤ | ᠬᠠᠭᠤᠷᠠᠢ ᠶᠢᠨ ᠭᠤᠤᠯ ᠤᠨ ᠲᠠᠩ ᠰᠠᠶᠢᠷᠭᠠᠯ ᠵᠡᠷᠭᠡ ᠣᠷᠣᠨ ᠪᠦᠰᠡ ᠳᠤ ᠴᠢᠩᠭ᠎ᠠ ᠬᠢᠵᠠᠭᠠᠷᠯᠠᠵᠤ᠂ 25 ᠭᠷᠠᠳᠦ᠋ᠰ ᠠᠴᠠ | ᠳᠡᠭᠡᠭᠰᠢᠬᠢ ᠨᠠᠯᠠᠤ ᠶᠢᠨ ᠲᠠᠷᠢᠶᠠᠨ ᠭᠠᠵᠠᠷ᠂ ᠴᠢᠩᠭ᠎ᠠ ᠬᠠᠮᠢᠶᠠᠷᠤᠨ ᠡᠵᠡᠮᠳᠡᠬᠦ ᠲᠦᠷᠦᠯ ᠤᠨ ᠲᠠᠷᠢᠶᠠᠨ ᠭᠠᠵᠠᠷ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ︵ᠤᠯᠠᠭᠠᠨ ᠱᠤᠭᠤᠮ ᠳᠣᠲᠣᠷᠠᠬᠢ ᠲᠥᠪᠯᠡᠷᠡᠨ ᠵᠠᠯᠭᠠᠯᠳᠤᠭᠰᠠᠨ ᠱᠠᠲᠤᠨ | ᠲᠠᠷᠢᠶ᠎ᠠ ᠪᠤᠶᠤ ᠬᠠᠮᠠᠭᠠᠯᠠᠭᠳᠠᠬᠤ ᠡᠲᠡᠭᠡᠳ ᠲᠠᠢ ᠬᠠᠮᠲᠤ ᠣᠷᠣᠰᠢᠭᠰᠠᠨ ᠲᠦᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ | ᠪᠠᠭᠲᠠᠬᠤ ᠦᠭᠡᠢ︶᠂ ᠲᠠᠷᠢᠶᠠᠯᠠᠬᠤ ᠶᠢ ᠵᠤᠭᠰᠤᠭᠠᠵᠤ ᠤᠢ ᠮᠤᠳᠤ ᠲᠠᠷᠢᠬᠤ ᠡᠪᠡᠰᠦ ᠪᠡᠯᠴᠢᠭᠡᠷ ᠢ ᠰᠡᠷᠭᠦᠭᠡᠬᠦ ᠨᠠᠭᠤᠷ | ᠴᠥᠭᠦᠷᠥᠮ ᠢ ᠰᠡᠷᠭᠦᠬᠡᠬᠦ ᠮᠠᠯᠵᠢᠬᠤ ᠭᠠᠵᠠᠷ ᠢ ᠰᠡᠷᠭᠦᠭᠡᠬᠦ ᠣᠷᠣᠨ ᠪᠦᠰᠡ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠥᠷᠨᠢᠭᠦᠯᠬᠦ ᠶᠢ ᠴᠠᠭᠠᠵᠠᠯᠠᠨ᠎ᠠ᠃ ᠨᠥᠬᠦᠴᠡᠯ ᠲᠠᠢ ᠭᠠᠵᠠᠷ ᠣᠷᠣᠨ ᠪᠥᠬᠦ ᠣᠷᠣᠨ | ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠬᠤ ᠣᠷᠣᠨ ᠬᠤᠪᠢᠶᠠᠷᠢᠯᠠᠯ᠃ ᠣᠷᠣᠨ ᠪᠦᠰᠡ ᠶᠢᠨ ᠡᠬᠢ ᠪᠠᠶᠠᠯᠢᠭ ᠤᠨ ᠲᠠᠪᠠᠭᠤᠯᠢᠭ᠂ | ᠲᠠᠷᠢᠶᠠᠯᠠᠬᠤ ᠲᠦᠷᠢᠮ ᠪᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠵᠡᠷᠭᠡ ᠶᠢ ᠦᠨᠳᠦᠰᠦᠯᠡᠨ᠂ ᠪᠥᠬᠦ ᠤᠯᠤᠰ ᠤᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 7 ᠣᠷᠣᠨ ᠪᠦᠰᠡ ᠳᠤ ᠬᠤᠪᠢᠶᠠᠨ᠎ᠠ᠃ ᠵᠡᠭᠦᠨ | ᠬᠤᠶᠢᠲᠤ ᠣᠷᠣᠨ ᠨᠢ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ | ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠵᠡᠷᠬᠡ 4 ᠠᠶᠢᠮᠠᠭ ︵ᠬᠤᠳᠠ︶ ᠢ | ᠪᠠᠭᠲᠠᠭᠠᠵᠤ᠂ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠲᠤᠨᠤᠭ ᠲᠦᠬᠦᠭᠡᠷᠦᠮᠵᠢ ᠶᠢ ᠭᠤᠣᠯᠳᠠᠯᠭ᠎ᠠ ᠲᠠᠢ ᠲᠦᠷᠭᠡᠨ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠬᠠᠳᠤᠨ ᠭᠤᠤᠯ ᠬᠤᠸᠠᠶᠢᠾᠧ ᠭᠤᠤᠯ ᠤᠨ ᠤᠷᠤᠨ ᠨᠢ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ᠂ | ᠾᠧᠨᠠᠨ ᠵᠡᠷᠭᠡ 5 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠳᠠᠭᠠᠵᠤ᠂ ᠤᠰᠤᠯᠠᠯᠲᠠ ᠶᠢ ᠪᠠᠲᠤᠯᠠᠬᠤ ᠨᠣᠷᠮ᠎ᠠ ᠶᠢ | ᠭᠤᠣᠯᠳᠠᠯᠭ᠎ᠠ ᠲᠠᠢ ᠬᠦᠴᠦᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠬᠤ ᠨᠥᠬᠦᠴᠡᠯ ᠢ ᠲᠡᠭᠦᠯᠳᠡᠷᠵᠢᠭᠦᠯᠦᠨ᠎ᠡ᠃ | ᠬᠥᠬᠡᠮᠥ᠋ᠷᠡᠨ ᠤ ᠳᠤᠮᠳᠠ ᠳᠤᠤᠷᠠᠳᠤ ᠤᠷᠤᠰᠬᠠᠯ ᠤᠨ ᠣᠷᠣᠨ ᠨᠢ ᠱᠠᠩᠬᠠᠶ᠂ ᠵᠢᠶᠠᠩᠰᠦ᠂ ᠠᠨᠾᠦ᠋ᠢ᠂ ᠵᠢᠶᠠᠩᠰᠢ᠂ ᠬᠤᠪᠸᠢ᠂ | ᠬᠤᠨᠠᠨ ᠵᠡᠷᠭᠡ 6 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠲᠤᠨᠤᠭ | ᠲᠥᠬᠦᠭᠡᠷᠦᠮᠵᠢ ᠶᠢᠨ ᠣᠳᠣᠬᠢᠴᠢᠯᠠᠯᠲᠠ ᠶᠢ ᠢᠵᠢ ᠪᠦᠷᠢᠳᠦᠭᠦᠯᠦᠨ ᠲᠠᠰ ᠳᠡᠪᠰᠢᠭᠦᠯᠬᠦ ᠶᠢ ᠭᠤᠤᠯᠳᠠᠯᠭ᠎ᠠ ᠲᠠᠢ ᠳᠣᠪᠤᠶᠢᠯᠭᠠᠵᠤ᠂ | ᠭᠠᠩ ᠬᠠᠭᠰᠠᠷᠠᠭᠠᠨ᠂ ᠤᠰᠤᠲᠤᠯ᠂ ᠲᠤᠨᠤᠮᠠᠯ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠡᠭᠦᠨ ᠡᠮᠦᠨᠡᠲᠦ | ᠣᠷᠣᠨ ᠨᠢ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠶᠢᠨᠠᠨ ᠵᠡᠷᠭᠡ 4 ᠮᠤᠵᠢ ᠶᠢ ᠪᠠᠭᠲᠠᠭᠠᠵᠤ᠂ ᠲᠠᠷᠢᠶᠠᠴᠢᠳ ᠤᠨ ᠬᠦᠰᠡᠯ | ᠰᠠᠨᠠᠭ᠎ᠠ ᠶᠢ ᠬᠦᠨᠳᠦᠳᠭᠡᠭᠰᠡᠨ ᠤᠷᠢᠲᠠᠯ ᠳᠣᠣᠷ᠎ᠠ ᠲᠠᠷᠢᠶᠠᠨ ᠭᠠᠵᠠᠷ ᠤᠨ ᠵᠢᠵᠢᠭᠷᠡᠨ ᠬᠡᠰᠡᠭᠵᠢᠭᠰᠡᠨ ᠠᠰᠠᠭᠤᠳᠠᠯ ᠢ ᠠᠯᠬᠤᠮ | ᠠᠯᠬᠤᠮ ᠢᠶᠠᠷ ᠰᠠᠶᠢᠵᠢᠷᠠᠭᠤᠯᠬᠤ ᠳᠤ ᠭᠤᠤᠯᠳᠠᠯᠭ᠎ᠠ ᠪᠠᠨ ᠲᠠᠯᠪᠢᠵᠤ᠂ ᠲᠠᠷᠢᠶᠠᠨ ᠭᠠᠵᠠᠷ ᠤᠨ ᠠᠭᠠᠳᠠᠷ ᠪᠣᠷᠣᠭᠠᠨ ᠢ ᠰᠡᠷᠭᠡᠶᠢᠯᠡᠬᠦ | ᠴᠢᠳᠠᠪᠤᠷᠢ ᠶᠢ ᠨᠡᠮᠡᠭᠳᠡᠭᠦᠯᠦᠨ᠎ᠡ᠃ ᠪᠠᠷᠠᠭᠤᠨ ᠡᠮᠦᠨᠡᠲᠦ ᠣᠷᠣᠨ ᠨᠢ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠤ᠂ | ᠶᠦᠨᠨᠠᠨ ᠵᠡᠷᠭᠡ 5 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠬᠡᠪᠲᠡᠭᠡ ᠱᠠᠲᠤᠨ | ᠲᠠᠷᠢᠶ᠎ᠠ ᠶᠢᠨ ᠥᠭᠡᠷᠡᠴᠢᠯᠡᠯᠲᠡ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠲᠠᠷᠢᠶᠠᠨ ᠭᠠᠵᠠᠷ ᠤᠨ | ᠵᠠᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠴᠢᠨᠠᠷᠲᠠᠶ ᠤᠰᠤ ᠳᠤᠲᠠᠭᠳᠠᠬᠤ ᠳᠤᠲᠠᠭᠤᠳᠠᠯ ᠢ ᠨᠥᠬᠦᠪᠥᠷᠢᠯᠡᠨ᠎ᠡ᠃ ᠪᠠᠷᠠᠭᠤᠨ | ᠬᠤᠶᠢᠲᠤ ᠣᠷᠣᠨ ᠨᠢ ᠱᠠᠨ ᠰᠢ᠂ ᠱᠠᠨᠰᠢ᠂ ᠭᠠᠨᠰᠦ᠂ ᠨᠢᠩᠰᠢᠶᠠ᠂ ᠰᠢᠨᠵᠢᠶᠠᠩ ︵ᠰᠢᠨᠵᠢᠶᠠᠩ ᠤᠨ ᠦᠢᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠪᠠᠭᠲᠠᠨ᠎ᠠ︶ 5 ᠮᠤᠵᠢ ︵ᠥᠪᠡᠷᠲᠡᠭᠡᠨ ᠵᠠᠰᠠᠬᠤ ᠣᠷᠣᠨ︶ ᠵᠢᠴᠢ ᠥᠪᠥᠷ ᠮᠣᠩᠭᠤᠯ ᠤᠨ | ᠳᠤᠮᠳᠠ ᠪᠠᠷᠠᠭᠤᠨ ᠬᠡᠰᠡᠭ ᠤᠨ 8 ᠠᠶᠢᠮᠠᠭ ︵ᠬᠤᠲᠠ︶ ᠢ ᠪᠠᠭᠲᠠᠭᠠᠵᠤ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠶᠢ | ᠭᠤᠤᠯᠳᠠᠯᠭ᠎ᠠ ᠲᠠᠢ ᠴᠢᠩᠭᠠᠳᠬᠠᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠪᠣᠭᠤᠮᠢ︾ | ᠪᠣᠯᠵᠣ ᠪᠠᠶᠢᠭ᠎ᠠ ᠭᠠᠩ ᠬᠠᠭᠰᠠᠷᠠᠭᠠᠨ ᠤ ᠠᠰᠠᠭᠤᠳᠠᠯ ᠢ ᠰᠢᠢᠳᠪᠦᠷᠢᠯᠡᠨ᠎ᠠ᠃ ᠬᠦᠭᠡᠨᠠᠭᠤᠷ ᠲᠦᠪᠡᠳ ᠤᠷᠤᠨ ᠨᠢ ᠲᠥᠪᠡᠳ᠂ | ᠬᠥᠬᠡᠨᠠᠭᠤᠷ 2 ᠮᠤᠵᠢ ︵ᠥᠪᠡᠷᠲᠡᠭᠡᠨ ᠵᠠᠰᠠᠬᠤ ᠣᠷᠣᠨ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠨᠤᠭ | ᠲᠥᠬᠦᠭᠡᠷᠦᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠮᠠᠰᠢᠨ ᠮᠧᠬᠠᠨᠢᠭᠵᠢᠭᠤᠯᠤᠨ ᠠᠵᠢᠯᠯᠠᠬᠤ ᠨᠥᠬᠦᠴᠡᠯ ᠢ | ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠪᠦᠳᠦᠭᠡᠨ ᠪᠠᠶᠢᠭᠤᠯᠤᠯᠳᠠ ᠶᠢ ᠨᠠᠷᠢᠯᠢᠭᠵᠢᠭᠤᠯᠵᠤ ᠤᠷᠤᠨ ᠬᠤᠪᠢᠶᠠᠬᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠦᠢᠯᠡᠳᠪᠦᠷᠢᠯᠡᠯ ᠳᠤ ᠬᠠᠷᠰᠢ ᠰᠠᠭᠠᠳ | ᠪᠤᠯᠵᠤ ᠪᠠᠶᠢᠭ᠎ᠠ ᠬᠦᠴᠦᠨ ᠵᠦᠢᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠬᠡᠷᠡᠭᠲᠡᠶ᠃ | ︵ᠲᠠᠪᠤ︶ ᠱᠠᠲᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠲᠥᠯᠥᠪᠵᠢᠭᠦᠯᠭᠡ ᠶᠢᠨ ᠲᠥᠰᠦᠯ ᠤᠨ ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠣᠭᠤᠳᠤᠨ᠎ᠠ᠃ ᠤᠯᠤᠰ ᠠᠴᠠ ᠶᠡᠷᠦᠩᠬᠡᠶ ᠲᠥᠯᠥᠪᠵᠢᠭᠦᠯᠭᠡ ᠶᠢᠨ | ᠲᠥᠰᠦᠯ ᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠦᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠲᠣᠰ ᠲᠥᠰᠦᠯ ᠢ ᠦᠨᠳᠦᠰᠦᠯᠡᠨ ᠣᠷᠣᠨ ᠪᠠ ᠲᠥᠷᠥᠯ ᠬᠤᠪᠢᠶᠠᠨ ᠪᠥᠲᠥᠭᠡᠨ ᠪᠠᠶᠢᠭᠤᠯᠬᠤ | ᠵᠦᠭᠯᠡᠭᠦᠷ ᠢ ᠲᠣᠭᠲᠠᠭᠠᠨ᠎ᠠ᠃ ᠮᠤᠵᠢ ᠶᠢᠨ ᠱᠠᠲᠤᠨ ᠠᠴᠠ ᠲᠣᠰ ᠣᠷᠣᠨ ᠪᠦᠰᠡ ᠶᠢᠨ ᠲᠥᠯᠥᠪᠵᠢᠭᠦᠯᠭᠡ ᠶᠢᠨ ᠲᠥᠰᠦᠯ ᠢ | ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ᠂ ᠴᠠᠭ ᠤᠨ ᠳᠠᠷᠠᠭᠠᠯᠠᠯ ᠤᠨ | ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠶᠢᠨ ᠵᠡᠷᠭᠡ ᠪᠠᠷ ᠬᠦᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ ᠬᠤᠲᠠ | ᠰᠢᠶᠠᠨ ᠤ ᠱᠠᠲᠤ ᠨᠢ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠪᠣᠳᠠᠲᠠᠶ ᠬᠡᠷᠡᠭᠵᠢᠭᠦᠯᠬᠦ ᠲᠥᠰᠦᠯ ᠨᠡᠶᠢᠲᠡᠯᠡᠵᠦ᠂ ᠪᠦᠳᠦᠬᠡᠨ | ᠪᠠᠶᠢᠭᠤᠯᠬᠤ ᠪᠠᠷ ᠪᠠᠶᠢᠭ᠎ᠠ ᠡᠭᠦᠷᠭᠡ᠂ ᠪᠥᠲᠥᠭᠡᠨ ᠪᠠᠶᠢᠭᠤᠯᠬᠤ ᠠᠭᠤᠯᠭ᠎ᠠ ᠪᠠ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ | ᠲᠣᠳᠣᠷᠬᠠᠶᠢᠯᠠᠨ᠎ᠠ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ︵ᠵᠢᠷᠭᠤᠭ᠎ᠠ︶ ᠲᠥᠷᠥᠯ ᠵᠦᠢᠯ ᠤᠨ ᠭᠡᠷᠡᠭᠵᠢᠬᠦᠯᠤᠯᠳᠠ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠵᠤ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠤᠶᠤᠴᠢᠯᠠᠨ ᠮᠡᠳᠡᠭᠦᠯᠬᠦ ᠪᠠ ᠡᠬᠦᠷᠬᠡ | ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠨ ᠤ ᠬᠠᠷᠠᠯᠲᠠ ᠶᠢᠨ ᠡᠭᠦᠷᠭᠡ ᠪᠠᠨ ᠰᠢᠨᠵᠢᠯᠡᠬᠦ ᠤᠬᠠᠭᠠᠨᠴᠢ | ᠵᠦᠢ ᠵᠣᠬᠢᠰᠲᠠᠶ ᠲᠣᠭᠲᠠᠭᠠᠵᠤ᠂ ᠨᠢᠭᠡᠳᠦᠯᠲᠡᠶ ᠵᠠᠳᠠᠯᠵᠤ ᠲᠤᠷᠤᠬᠰᠢ ᠪᠠᠭᠤᠯᠭᠠᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠠᠴᠠ ᠵᠠᠶᠢᠯᠠᠰᠭᠢᠨ᠎ᠠ᠃ | ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠳᠦᠷᠢᠮ᠂ ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢ ᠬᠠᠮᠢᠶᠠᠷᠬᠤ ᠳᠦᠷᠢᠮ᠂ ᠲᠥᠷᠥᠯ ᠵᠦᠢᠯ ᠢ ᠢᠯᠡ | ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠣᠩᠭᠤᠬᠤ᠂ ᠲᠥᠷᠥᠯ ᠵᠦᠢᠯ ᠲᠣᠭᠲᠠᠭᠠᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠪᠠᠷᠢᠬᠤ ᠵᠡᠷᠭᠡ ᠡᠯ᠎ᠡ | ᠭᠤᠬᠴᠤᠭ᠎ᠠ ᠪᠣᠭᠤᠮᠲᠠ ᠶᠢ ᠴᠢᠩᠭ᠎ᠠ ᠠᠳᠬᠤᠵᠤ᠂ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠬᠤ᠂ ᠢᠨᠵᠧᠨᠧᠷᠢᠩ ᠤᠨ | ᠠᠵᠢᠯ ᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠶᠠᠰᠤ ᠴᠢᠨᠠᠷ ᠤᠨ ᠠᠰᠠᠭᠤᠳᠠᠯ ᠵᠢᠴᠢ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠠ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠤᠯᠪᠤᠬᠳᠠᠯ ᠪᠥᠬᠦᠶ ᠨᠢᠭᠡᠴᠢ ᠶᠢᠨ | ᠬᠢᠷᠢ ᠬᠡᠮ ᠤᠨ ᠨᠥᠬᠦᠴᠡᠯ ᠱᠠᠭᠠᠷᠳᠠᠯᠭ᠎ᠠ ᠶᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠮᠵᠢ ᠠᠯᠳᠠᠭᠰᠠᠨ | ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠨᠢᠭᠡᠴᠢ ᠪᠠ ᠬᠤᠪᠢ ᠬᠥᠮᠦᠨ ᠤ ᠣᠷᠣᠯᠴᠠᠬᠤ ᠶᠢ ᠬᠢᠵᠠᠭᠠᠷᠯᠠᠨ᠎ᠠ᠃ | ︵ᠳᠣᠯᠤᠭ᠎ᠠ︶ ᠪᠠᠯᠠ ᠮᠥᠩᠭᠦ ᠶᠢᠨ ᠬᠢᠨᠡᠯᠳᠠ ᠬᠠᠮᠢᠶᠠᠷᠤᠯᠳᠠ᠃ ᠡᠯ᠎ᠡ ᠭᠠᠵᠠᠷ ᠤᠨ ᠬᠢᠨ ᠲᠥᠰᠦᠪ ᠤᠨ ᠬᠠᠮᠢᠶᠠᠷᠤᠯᠲᠠ᠂ | ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠲᠦᠷᠢᠮ ᠲᠣᠭᠲᠠᠭᠠᠯ ᠢ ᠦᠨᠳᠦᠰᠦᠯᠡᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠴᠠᠭ ᠤᠨ ᠬᠢᠵᠠᠭᠠᠷ ᠶᠣᠰᠣᠭᠠᠷ | ᠰᠠᠯᠭᠠᠨ ᠵᠠᠳᠠᠯᠵᠤ ᠪᠠᠭᠤᠯᠭᠠᠨ᠂ ᠬᠥᠮᠥᠷᠭᠡ ᠶᠢᠨ ᠵᠣᠭᠤᠰ ᠢ ᠵᠦᠶ ᠵᠣᠬᠢᠰᠲᠠᠶ ᠳᠣᠭᠢᠷᠠᠭᠤᠯᠤᠨ᠂ ᠭᠡᠷ᠎ᠡ ᠳᠤ ᠪᠣᠯᠵᠤᠨ | ᠲᠤᠬᠳᠠᠬᠰᠠᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ ᠥᠭᠴᠦ᠂ ᠪᠠᠯᠠ | ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠡᠯᠡ ᠮᠥᠩᠭᠦ ᠶᠢᠨ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ᠂ ᠰᠡᠷᠡᠮᠵᠢᠯᠡᠭᠦᠯᠬᠦ ᠬᠢᠨᠠᠨ ᠡᠵᠡᠮᠳᠡᠬᠦ᠂ ᠲᠤᠰᠬᠠᠶ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠰᠦᠪ ᠢ | ᠴᠠᠭ ᠲᠤᠬᠠᠶ ᠳᠤᠨᠢ ᠪᠠᠭᠤᠯᠭᠠᠭᠰᠠᠨ ᠦᠭᠡᠶ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠤᠰᠤᠭᠠᠷ | ᠥᠭᠭᠦᠭᠰᠡᠨ ᠦᠭᠡᠶ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠠᠨᠠᠭᠤᠯᠬᠤ ᠪᠠ ᠵᠠᠯᠠᠷᠠᠭᠤᠯᠵᠤ᠂ ᠰᠢᠯᠵᠢᠬᠦᠯᠦᠨ ᠥᠭᠬᠦ ᠪᠠᠷ | ᠵᠠᠷᠤᠯᠭ᠎ᠠ ᠶᠢ ᠣᠷᠣᠯᠠᠭᠤᠯᠬᠤ᠂ ᠮᠡᠬᠡᠯᠡᠨ ᠠᠪᠴᠤ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ | ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠡᠢ᠃ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠨᠢ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ | ᠤᠯᠤᠰ ᠤᠨ ᠬᠥᠮᠥᠷᠭᠡ ᠶᠢᠨ ᠳᠠᠩ ᠭᠠᠭᠴᠠ ᠳᠠᠩᠰᠠᠠ ᠡᠷᠦᠬᠡ ᠶᠢᠨ ᠳᠣᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠶ ᠬᠤᠪᠢᠶᠠᠷᠢ ᠳᠠᠩᠰᠠᠠ ᠡᠷᠦᠬᠡ ᠪᠠᠶᠢᠭᠤᠯᠵᠤ᠂ ᠲᠤᠰᠬᠠᠶ | ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠶ ᠳᠠᠩᠰᠠ ᠪᠠᠷ ᠰᠢᠯᠵᠢᠭᠦᠯᠦᠨ ᠥᠭᠬᠦ᠂ ᠲᠤᠰᠬᠠᠶ ᠳᠠᠩᠰᠠ ᠪᠠᠷ ᠢᠯᠭᠠᠷᠠᠭᠤᠯᠤᠨ | ᠪᠣᠳᠣᠬᠤ ᠶᠢ ᠪᠡᠶᠡᠯᠡᠭᠦᠯᠵᠦ᠂ ᠪᠡᠯᠡ ᠮᠥᠩᠭᠦ ᠶᠢ ᠦᠨᠡᠨ ᠬᠦ ᠲᠠᠷᠢᠶᠠᠨ ᠭᠠᠵᠠᠷ ᠲᠤ ᠬᠡᠷᠡᠭᠯᠡᠬᠦ ᠶᠢ ᠪᠠᠶᠠᠯᠡᠬᠦᠯᠵᠤ ᠪᠤᠯᠤᠨ᠎ᠠ᠃ | ︵ᠨᠠᠶᠢᠮᠠ︶ ᠪᠠᠷᠢᠯᠭ᠎ᠠ ᠳᠠᠭᠤᠰᠬᠠᠵᠤ ᠰᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ ᠪᠠᠷᠢᠯᠭ᠎ᠠ | ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠰᠢᠯᠭᠠᠨ ᠠᠪᠬᠤ ᠭᠤᠭᠴᠤᠭ᠎ᠠ ᠶᠢᠨ ᠶᠠᠰᠤ ᠴᠢᠨᠠᠷ ᠢ | ᠴᠢᠩᠭ᠎ᠠ ᠡᠵᠡᠮᠳᠡᠵᠦ᠂ ᠰᠢᠶᠠᠨ ᠤ ᠱᠠᠲᠤᠨ ᠤ ᠠᠩᠬᠠᠨ ᠤ ᠬᠢᠨᠠᠨ ᠰᠢᠯᠭᠠᠯᠲᠠ᠂ ᠬᠤᠲᠠ ᠶᠢᠨ ᠱᠠᠲᠤᠨ ᠠᠴᠠ ᠰᠢᠯᠭᠠᠨ ᠠᠪᠬᠤ᠂ | ᠮᠤᠵᠢ ᠶᠢᠨ ᠱᠠᠲᠤᠨ ᠠᠴᠠ ᠰᠤᠭᠤᠴᠢᠨ ᠪᠠᠶᠢᠴᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠵᠢᠷᠤᠭ | ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠴᠢᠳᠠᠪᠤᠷᠢ | ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠵᠢᠴᠢ ᠲᠤᠷᠰᠢᠨ ᠬᠡᠷᠡᠭᠯᠡᠬᠦ ᠦᠷ᠎ᠡ ᠳ᠋ᠦᠩ᠂ ᠣᠯᠠᠨ ᠲᠦᠮᠡᠨ ᠤ | ᠬᠠᠨᠤᠮᠵᠢ ᠲᠠᠢ ᠪᠠᠶᠢᠬᠤ ᠬᠡᠮᠵᠢᠶ᠎ᠡ ᠵᠡᠷᠭᠡ ᠶᠢ ᠪᠦᠲᠦᠮᠵᠢᠲᠡᠶ ᠳᠡᠭᠡᠭᠰᠢᠯᠡᠭᠦᠯᠵᠦ ᠳᠡᠶᠢᠯᠬᠦ ᠡᠰᠡᠬᠦ ᠪᠠᠷ ᠰᠢᠯᠭᠠᠨ ᠠᠪᠬᠤ ᠶᠢᠨ | ᠴᠢᠬᠤᠯᠠ ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠰᠢᠯᠭᠠᠨ ᠠᠪᠤᠬᠰᠡᠨ ᠤ ᠳᠠᠷᠠᠭ᠎ᠠ᠂ ᠢᠨᠵᠧᠨᠧᠷᠢᠩ ᠤᠨ ᠲᠤᠨᠤᠭ | ᠲᠦᠬᠦᠭᠡᠷᠤᠮᠵᠢ ᠶᠢᠨ ᠥᠮᠴᠢᠯᠡᠯ ᠤᠨ ᠡᠷᠬᠡ ᠶᠢ ᠴᠠᠭ ᠲᠤᠬᠠᠶ ᠳᠤᠨᠢ ᠲᠣᠳᠣᠷᠬᠠᠶᠢᠯᠠᠵᠤ᠂ ᠵᠠᠰᠠᠭ ᠤᠨ ᠣᠷᠳᠣᠨ ᠠᠴᠠ ᠪᠡᠯᠡ | ᠣᠷᠣᠭᠤᠯᠵᠤ ᠪᠤᠢ ᠪᠤᠯᠤᠬᠰᠠᠨ ᠡᠷᠬᠡ ᠶᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠣᠷᠣᠨ ᠤ ᠭᠠᠵᠠᠷ ᠰᠢᠷᠣᠶ ᠶᠢᠨ | ᠥᠮᠴᠢᠯᠡᠭᠴᠢ ᠳᠤ ᠥᠮᠴᠢᠯᠡᠭᠳᠡᠨᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ︵ᠶᠢᠰᠦ︶ ᠪᠦᠬᠦ ᠶᠠᠪᠤᠴᠠ ᠳᠤ ᠬᠢᠨᠠᠯᠲᠠ ᠲᠠᠯᠪᠢᠬᠤ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠤᠨ ᠵᠤᠷᠰᠢᠯᠲᠤ | ᠪᠠᠶᠢᠴᠠᠭᠠᠯᠲᠠ ᠶᠢᠨ ᠲᠦᠷᠢᠮ ᠢ ᠲᠤᠭᠳᠠᠭᠠᠵᠤ᠂ ᠤᠯᠤᠰ ᠪᠠ ᠮᠤᠵᠢ ᠶᠢᠨ ᠱᠠᠲᠤᠨ ᠳᠤ ᠪᠠᠶᠢᠩᠭᠤ ᠶᠢᠨ ᠰᠤᠭᠤᠴᠢᠨ | ᠪᠠᠶᠢᠴᠠᠭᠠᠯᠲᠠ ᠶᠢ ᠥᠷᠨᠢᠭᠦᠯᠦᠨ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠵᠦ᠂ | ᠨᠡᠶᠢᠲᠡᠯᠢᠭ ᠠᠰᠠᠭᠤᠳᠠᠯ ᠢ ᠢᠯᠡ ᠨᠡᠶᠢᠳᠡᠯᠡᠨ᠎ᠠ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠲᠠᠷᠢᠶᠠᠴᠢᠨ ᠤᠯᠠᠨ ᠲᠦᠮᠡᠨ ᠪᠠ ᠵᠠᠭᠤᠴᠢᠯᠠᠭᠤᠷ ᠤᠨ ᠬᠢᠨᠠᠯᠲᠠ | ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠴᠢᠯᠡᠭᠡᠨ ᠤ ᠤᠲᠠᠰᠤ᠂ | ︽ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠰᠡᠬᠦᠳᠡᠷᠯᠡᠵᠤ ᠰᠢᠩᠭᠡᠭᠡᠬᠦ︾ ᠵᠢᠵᠢᠭ ᠫᠷᠤᠭ᠍ᠷᠠᠮ | ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠠ᠃ ᠪᠥᠬᠦ ᠤᠯᠤᠰ ᠤᠨ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠶᠡᠷᠦᠩᠬᠡᠶᠢᠯᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠲᠥᠷᠥᠯ ᠵᠦᠢᠯ ᠢᠶᠠᠷ | ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠡᠷᠡᠭᠯᠡᠬᠦ ᠵᠡᠷᠭᠡ ᠡᠯ᠎ᠡ ᠱᠠᠲᠤ ᠦᠶ᠎ᠡ ᠶᠢᠨ ᠬᠤᠯᠪᠤᠬᠳᠠᠯ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠵᠢᠷᠤᠭ ᠪᠤᠯᠭᠠᠨ ᠬᠥᠮᠥᠷᠭᠡ ᠳᠤ ᠣᠷᠣᠭᠤᠯᠤᠨ᠂ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠵᠤ᠂ ᠠᠵᠢᠯ ᠡᠷᠭᠢᠯᠡᠬᠦ ᠭᠤᠤᠯ ᠴᠣᠭᠴᠠ ᠶᠢᠨ ᠬᠠᠤᠯᠢ ᠶᠣᠰᠣᠭᠠᠷ ᠠᠵᠢᠯ | ᠲᠥᠷᠥᠯ ᠤᠨ ᠨᠡᠶᠢᠭᠡᠮᠯᠢᠭ ᠵᠡᠷᠭᠡ ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠬᠥᠲᠥᠯᠦᠨ ᠵᠢᠯᠣᠭᠤᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ | ᠡᠷᠭᠢᠯᠡᠬᠦ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠵᠦ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠬᠤᠯᠪᠤᠬᠳᠠᠯ ᠪᠦᠬᠦᠢ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠶᠢ | ᠠᠬᠢᠭᠤᠯᠤᠨ᠎ᠠ᠃ | ᠳᠥᠷᠪᠡ᠂ ᠡᠵᠡᠩᠨᠡᠨ ᠬᠠᠮᠢᠶᠠᠷᠴᠤ ᠬᠠᠮᠠᠭᠠᠯᠠᠬᠤ | ︵ᠠᠷᠪᠠ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠭᠤᠤᠯ ᠴᠣᠭᠴᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠬᠠᠷᠢᠶ᠎ᠠ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ | ᠪᠣᠳᠠᠲᠠᠶᠢᠵᠢᠭᠤᠯᠵᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠳᠠ ᠶᠢᠨ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠨ᠎ᠠ᠃ | ᠣᠯᠠᠨ ᠨᠡᠶᠢᠲᠡ ᠶᠢᠨ ᠲᠤᠨᠤᠭ ᠲᠦᠬᠦᠭᠡᠷᠤᠮᠵᠢ ᠶᠢᠨ ᠰᠢᠶᠠᠨ ᠤ ᠱᠠᠲᠤᠨ ᠤ ᠵᠠᠰᠠᠭ ᠤᠨ ᠣᠷᠳᠣᠨ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠤᠬᠳᠠᠯ ᠪᠥᠬᠦᠶ ᠠᠵᠢᠯ | ᠲᠥᠷᠥᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠤᠰᠤᠯᠠᠯᠲᠠ ᠶᠢᠨ ᠤᠰᠤ | ᠭᠠᠳᠠᠭᠰᠢᠯᠠᠭᠤᠯᠬᠤ᠂ ᠴᠠᠬᠢᠯᠭᠠᠨ ᠳᠠᠮᠵᠢᠭᠤᠯᠵᠤ ᠲᠤᠬᠢᠷᠠᠭᠤᠯᠬᠤ ᠵᠡᠷᠭᠡ ᠢᠨᠵᠧᠨᠧᠷᠢᠩ ᠤᠨ ᠲᠤᠨᠤᠭ ᠲᠦᠬᠦᠭᠡᠷᠤᠮᠵᠢ ᠶᠢᠨ | ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠬᠢᠨᠠᠨ ᠬᠠᠮᠢᠶᠠᠷᠬᠤ ᠪᠠ ᠵᠢᠯᠣᠭᠤᠳᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠠᠢ᠃ ᠬᠠᠷᠢᠭᠤᠴᠠᠯᠭ᠎ᠠ | ᠡᠷᠬᠡ ᠶᠢ ᠨᠢᠭᠡᠳᠦᠯᠲᠡᠶ ᠪᠠᠶᠢᠯᠭᠠᠬᠤ᠂ ᠬᠠᠷᠢᠭᠤᠴᠠᠯᠭ᠎ᠠ ᠴᠢᠳᠠᠪᠤᠷᠢ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠰᠢᠶᠠᠩ | ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠳᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠵᠦᠢᠯᠡᠰ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠲᠠᠬᠢ ᠡᠳᠦᠷ ᠲᠤᠲᠤᠮ ᠤᠨ ᠬᠡᠷᠡᠭᠯᠡᠬᠦ ᠨᠣᠷᠮ᠎ᠠ ᠪᠠᠷ ᠥᠨᠳᠥᠷ ᠪᠠᠶᠢᠳᠠᠭ | ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠤᠨᠤᠭ ᠲᠦᠬᠦᠭᠡᠷᠤᠮᠵᠢ ᠳᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠪᠡᠶ᠎ᠡ ᠪᠠᠨ ᠳᠠᠭᠠᠭᠠᠵᠤ ᠪᠡᠯᠡ ᠤᠷᠤᠭᠤᠯᠵᠤ | ᠪᠠᠯᠠ ᠴᠤᠭᠯᠠᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠡᠳᠦᠷ ᠲᠤᠲᠤᠮ ᠤᠨ | ᠡᠵᠡᠩᠨᠡᠵᠤ ᠬᠠᠮᠢᠶᠠᠷᠤᠠ ᠬᠠᠮᠠᠭᠠᠯᠠᠬᠤ ᠶᠢ ᠳᠡᠮᠵᠢᠨ᠎ᠠ᠃ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠠᠵᠢᠯᠲᠠᠨ ᠳᠤ | ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ᠂ ᠪᠣᠯᠪᠠᠰᠤᠷᠠᠯ ᠬᠦᠷᠳᠡᠬᠡᠬᠦ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ | ︵ᠠᠷᠪᠠᠨ ᠨᠢᠭᠡ︶ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠵᠠᠭᠪᠤᠷ᠃ ᠡᠯ᠎ᠡ ᠭᠠᠵᠠᠷ ᠤᠨ ᠬᠢᠨ | ᠪᠣᠳᠠᠲᠠᠶ ᠲᠠᠢ ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢᠨ ᠵᠠᠭᠪᠤᠷ ᠢ ᠰᠦᠪᠡᠭᠴᠢᠯᠡᠵᠦ ᠪᠣᠯᠤᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ | ᠪᠤᠶᠤ ᠠᠵᠢᠯ ᠲᠥᠷᠥᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠰᠤᠨ ᠬᠠᠭᠠᠯᠲᠠ᠂ | ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠤᠨᠤᠭ ᠲᠦᠬᠦᠭᠡᠷᠤᠮᠵᠢ ᠵᠡᠷᠭᠡ ᠮᠡᠷᠭᠡᠵᠢᠯ ᠤᠨ ᠴᠢᠨᠠᠷ ᠢᠶᠠᠷ ᠨᠡᠯᠢᠶᠡᠳ | ᠴᠢᠩᠭ᠎ᠠ ᠲᠤᠨᠤᠭ ᠲᠥᠬᠦᠭᠡᠷᠦᠮᠵᠢ ᠳᠤ ᠲᠤᠰᠬᠠᠶᠢᠵᠢᠭᠰᠠᠨ ᠬᠠᠮᠠᠭᠠᠯᠠᠯᠲᠠ ᠬᠢᠬᠦ ᠶᠢ ᠵᠣᠷᠢᠭᠵᠢᠭᠤᠯᠤᠨ᠎ᠠ᠃ ᠢᠨᠵᠧᠨᠧᠷᠢᠩ ᠤᠨ | ᠶᠠᠰᠤ ᠴᠢᠨᠠᠷ ᠤᠨ ᠳᠠᠭᠠᠳᠬᠠᠯ ᠳᠤ ᠤᠷᠤᠬᠤ ᠶᠢ ᠵᠣᠷᠢᠭᠵᠢᠭᠤᠯᠤᠨ᠂ ᠳᠠᠭᠠᠳᠬᠠᠯ ᠢ ᠳᠠᠭᠠᠭᠠᠴᠢᠯᠠᠭᠰᠠᠨ ᠪᠠᠶᠢᠭᠤᠯᠤᠮᠵᠢ ᠠᠴᠠ | ᠲᠤᠰᠬᠠᠶ ᠬᠦᠴᠦᠨ ᠢ ᠵᠣᠬᠢᠶᠠᠨ ᠪᠠᠶᠢᠭᠤᠯᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠣᠯ | ᠴᠣᠭᠴᠠ ᠳᠤ ᠬᠢᠨᠠᠯᠲᠠ ᠲᠠᠯᠪᠢᠬᠤ ᠶᠢ ᠳᠡᠮᠵᠢᠵᠦ᠂ ᠢᠨᠵᠧᠨᠧᠷᠢᠩ ᠤᠨ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ᠂ | ᠢᠨᠵᠧᠨᠧᠷᠢᠩ ᠤᠨ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠠᠰᠠᠭᠤᠳᠠᠯ ᠳᠤ ᠴᠠᠭ ᠲᠤᠬᠠᠢ ᠳᠤᠨᠢ ᠲᠦᠯᠦᠪᠤᠷᠢ | ᠦᠭᠬᠦᠨ ᠰᠢᠢᠳᠪᠦᠷᠢᠯᠡᠨ᠎ᠡ᠃ | ︵ᠠᠷᠪᠠᠨ ᠬᠤᠶᠠᠷ︶ ᠬᠠᠮᠠᠭᠠᠯᠠᠵᠤ ᠠᠰᠢᠭᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ | ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠵᠡᠯᠡᠨ ᠬᠡᠷᠡᠭᠯᠡᠬᠦ ᠶᠢ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠪᠣᠯ᠂ ᠡᠯ᠎ᠡ ᠭᠠᠵᠠᠷ ᠤᠨ ᠬᠢᠨ ᠨᠥᠬᠦᠵᠦ ᠪᠦᠳᠦᠬᠡᠨ ᠪᠠᠶᠢᠭᠤᠯᠬᠤ ᠶᠠᠪᠤᠳᠠᠯ ᠢ ᠴᠠᠭ ᠲᠤᠬᠠᠶ ᠳᠤᠨᠢ | ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠦᠭᠡᠶ᠂ ᠶᠠᠰᠤ ᠴᠢᠨᠠᠷ ᠢ ᠨᠢ ᠪᠠᠭᠤᠷᠠᠭᠤᠯᠬᠤ ᠦᠭᠡᠶ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠤᠨᠤᠭ ᠲᠦᠬᠦᠭᠡᠷᠦᠮᠵᠢ ᠶᠢ ᠡᠪᠳᠡᠨ ᠰᠦᠢᠳᠭᠡᠵᠦ ᠪᠣᠯᠬᠤ ᠥᠬᠡᠶ᠂ ᠭᠠᠮᠰᠢᠭ ᠠᠴᠠ ᠪᠣᠯᠵᠣ | ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠣᠨ ᠤ ᠥᠭᠡᠷᠡᠴᠢᠯᠡᠨ ᠰᠠᠶᠢᠵᠢᠷᠠᠭᠤᠯᠵᠤ ᠪᠥᠲᠥᠭᠡᠨ ᠪᠠᠶᠢᠭᠤᠯᠬᠤ | ᠡᠭᠦᠷᠭᠡ ᠳᠤ ᠣᠷᠣᠭᠤᠯᠤᠨ ᠴᠠᠭ ᠲᠤᠬᠠᠶ ᠳᠤᠨᠢ ᠰᠡᠯᠪᠢᠨ ᠰᠡᠷᠭᠦᠭᠡᠬᠦ ᠪᠤᠶᠤ ᠨᠥᠬᠦᠵᠦ ᠪᠦᠳᠦᠬᠡᠨ ᠪᠠᠶᠢᠭᠤᠯᠬᠤ ᠬᠡᠷᠡᠭᠲᠡᠶ᠃ | ᠲᠠᠷᠢᠶᠠᠨ ᠭᠠᠵᠠᠷ ᠤᠨ ᠨᠡᠮᠡᠯᠲᠡ ᠪᠣᠷᠲᠣᠭᠤᠷ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠵᠠᠷ ᠤᠨ | ᠬᠦᠴᠤ ᠰᠢᠮ᠎ᠡ ᠮᠠᠭᠤᠳᠠᠬᠤ ᠶᠢ ᠰᠡᠷᠭᠡᠶᠢᠯᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠵᠤ ᠦᠢᠯᠡᠳᠪᠦᠷᠢ ᠶᠢᠨ | ᠬᠠᠶᠠᠭᠳᠠᠮᠠᠯ ᠡᠳ᠋ ᠵᠡᠷᠭᠡ ᠶᠢ ᠭᠠᠳᠠᠭᠰᠢᠯᠠᠭᠤᠯᠬᠤ᠂ ᠴᠢᠳᠬᠤᠬᠤ᠂ ᠲᠠᠷᠢᠶᠠᠨ ᠭᠠᠵᠠᠷ ᠲᠤ ᠬᠠᠳᠠᠭᠠᠯᠠᠨ ᠲᠠᠯᠪᠢᠬᠤ ᠶᠢ ᠴᠢᠩᠭ᠎ᠠ | ᠴᠠᠭᠠᠵᠠᠯᠠᠨ᠎ᠠ᠃ | ᠲᠠᠪᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ | ︵ᠠᠷᠪᠠᠨ ᠭᠤᠷᠪᠠ︶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠨᠥᠬᠦᠪᠥᠷᠢᠯᠡᠨ ᠬᠤᠪᠢᠶᠠᠷᠢᠯᠠᠬᠤ | ᠲᠣᠬᠢᠷᠠᠭᠤᠯᠤᠯᠲᠠ᠃ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢᠯᠡᠨ ᠬᠤᠪᠢᠶᠠᠷᠢᠯᠠᠬᠤ᠂ ᠲᠣᠬᠢᠷᠠᠭᠤᠯᠬᠤ ᠶᠠᠪᠤᠴᠠ ᠶᠢ ᠲᠡᠭᠦᠯᠳᠡᠷᠵᠢᠭᠦᠯᠦᠨ᠎ᠡ᠃ ᠡᠬᠢ | ᠪᠠᠶᠠᠯᠢᠭ ᠤᠨ ᠳᠠᠪᠠᠭᠤᠯᠢᠭ ᠢᠶᠠᠷ ᠰᠠᠶᠢᠨ᠂ ᠦᠢᠯᠡᠳᠪᠦᠷᠢᠯᠡᠯ ᠤᠨ ᠳᠠᠯᠳᠠ ᠬᠦᠴᠦᠨ ᠢᠶᠠᠷ ᠶᠡᠭᠡ᠂ ᠡᠭᠦᠷᠢᠳᠡ ᠶᠢᠨ ᠴᠢᠨᠠᠷᠲᠠᠢ | ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠪᠠᠶᠢᠬᠤ ᠥᠬᠡᠶ ᠲᠠᠷᠢᠶᠠᠨ ᠭᠠᠵᠠᠷ ᠳᠡᠭᠡᠷ᠎ᠡ ᠪᠠᠶᠢᠭᠤᠯᠤᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠡᠭᠦᠷᠢᠳᠡ ᠶᠢᠨ ᠴᠢᠨᠠᠷᠲᠠᠢ ᠦᠨᠳᠦᠰᠦᠨ | ᠲᠠᠷᠢᠶᠠᠨ ᠭᠠᠵᠠᠷ ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢᠶᠠᠷ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ | ᠲᠦᠷ ᠬᠤᠶᠢᠰᠢᠯᠠᠭᠤᠯᠤᠨ ᠪᠥᠲᠥᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠦᠨᠡᠯᠡᠵᠦ ᠲᠣᠬᠢᠷᠠᠭᠤᠯᠬᠤ ᠲᠠᠢ ᠤᠶᠠᠯᠳᠤᠭᠤᠯᠤᠨ᠂ ᠢᠯᠭᠠᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠬᠦ | ᠥᠬᠡᠶ ᠬᠡᠰᠡᠭ ᠭᠠᠵᠠᠷ ᠢ ᠬᠠᠤᠯᠢ ᠶᠣᠰᠣᠭᠠᠷ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠠᠴᠠ ᠰᠢᠯᠵᠢᠭᠦᠯᠦᠨ | ᠭᠠᠷᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠳᠤ | ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠲᠠᠷᠢᠶᠠᠨ ᠭᠠᠵᠠᠷ ᠤᠨ ᠰᠠᠭᠤᠷᠢ ᠲᠦᠬᠦᠭᠡᠷᠦᠮᠵᠢ ᠠᠴᠠ ᠪᠣᠯᠵᠣ | ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠪᠠᠭ᠎ᠠ ᠬᠡᠮᠵᠢᠶ᠎ᠡ ᠪᠠᠷ ᠡᠵᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ | ᠪᠥᠲᠥᠭᠡᠨ ᠪᠠᠶᠢᠭᠤᠯᠬᠤ ᠠᠴᠠ ᠡᠮᠦᠨ᠎ᠡ ᠪᠠ ᠬᠤᠶᠢᠨᠠᠬᠢ ᠲᠥᠷᠥᠯ ᠵᠦᠢᠯ ᠤᠨ ᠣᠷᠣᠨ ᠤ ᠳᠣᠲᠣᠷᠠᠬᠢ ᠲᠠᠷᠢᠶᠠᠨ ᠭᠠᠵᠠᠷ ᠤᠨ | ᠲᠠᠯᠠᠪᠠᠶ ᠶᠢ ᠵᠠᠷᠴᠢᠮ ᠳᠡᠭᠡᠷ᠎ᠡ ᠪᠠᠨ ᠪᠠᠭᠠᠰᠬᠠᠵᠤ ᠪᠣᠯᠬᠤ ᠥᠬᠡᠶ᠂ ᠦᠨᠡᠬᠡᠷ ᠪᠠᠭ᠎ᠠ ᠬᠡᠮᠵᠢᠶ᠎ᠡ ᠪᠠᠷ ᠪᠠᠭᠠᠰᠬᠠᠬᠤ ᠴᠢᠬᠤᠯᠠᠲᠠᠶ | ᠪᠠᠶᠢᠪᠠᠯ᠂ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ | ᠲᠣᠬᠢᠷᠠᠭᠤᠯᠤᠯᠲᠠ ᠬᠢᠵᠦ ᠨᠥᠬᠦᠪᠥᠷᠢᠯᠡᠨ ᠬᠤᠪᠢᠶᠠᠷᠢᠯᠠᠬᠤ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ | ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠳᠠᠩᠰᠠᠯᠠᠭᠤᠯᠬᠤ ᠲᠠᠰ | ᠳᠠᠷᠠᠭᠠᠯᠠᠯ ᠢ ᠭᠦᠢᠴᠡᠳᠭᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠠᠮᠢᠶᠠᠷᠤᠯᠲᠠ ᠶᠢᠨ ᠲᠠᠷᠢᠶᠠᠨ ᠭᠠᠵᠠᠷ ᠤᠨ ᠰᠠᠭᠤᠷᠢ ᠲᠦᠬᠦᠭᠡᠷᠦᠮᠵᠢ ᠶᠢᠨ ᠶᠣᠰᠣᠭᠠᠷ ᠭᠠᠵᠠᠷ ᠰᠢᠷᠦᠢ | ᠬᠡᠷᠡᠭᠯᠡᠬᠦ ᠶᠢ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠥᠬᠡᠶ᠃ | ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠢᠵᠢ ᠪᠦᠷᠢᠳᠦᠭᠦᠯᠬᠦ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠪᠠ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠤᠰᠤ ᠪᠠᠷ ᠭᠠᠵᠠᠷ ᠰᠢᠷᠣᠶ ᠶᠢ | ᠲᠣᠭᠲᠠᠭᠠᠵᠤ᠂ ᠤᠰᠤᠯᠠᠯᠲᠠ ᠶᠢᠨ ᠬᠥᠭᠵᠢᠯᠲᠡ ᠶᠢᠨ ᠬᠡᠪᠴᠢᠶ᠎ᠡ ᠵᠢᠴᠢ ᠪᠠᠶᠢᠷᠢᠰᠢᠭᠤᠯᠤᠯᠳᠠ ᠶᠢ ᠵᠦᠶ ᠵᠣᠬᠢᠰᠲᠠᠶ ᠲᠣᠭᠲᠠᠭᠠᠨ᠂ | ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠲᠣᠬᠢᠷᠠᠯᠴᠠᠭᠤᠯᠤᠨ᠎ᠠ᠃ ᠠᠳᠠᠯᠢ ᠪᠤᠰᠤ ᠲᠥᠷᠥᠯ | ᠬᠡᠯᠪᠡᠷᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ | ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠨ ᠭᠠᠵᠠᠷ ᠤᠨ ᠪᠠᠷᠢᠯᠭ᠎ᠠ ᠬᠢᠭᠡᠳ ᠤᠰᠤᠨ ᠰᠤᠷᠪᠤᠯᠵᠢ ᠶᠢᠨ ᠪᠠᠷᠢᠯᠭ᠎ᠠ᠂ ᠭᠤᠣᠯ | ᠤᠰᠤᠨ ᠠᠰᠢᠭᠯᠠᠯᠲᠠ ᠶᠢᠨ ᠪᠠᠷᠢᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠎ᠠ᠃ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠵᠢᠴᠢ ᠣᠳᠣᠬᠢᠴᠢᠯᠠᠯᠳᠠ ᠶᠢᠨ | ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ᠨᠥᠬᠦᠴᠡᠯ ᠢᠶᠠᠷ ᠲᠣᠬᠢᠷᠠᠮᠵᠢᠲᠠᠶ | ᠭᠠᠵᠠᠷ ᠣᠷᠣᠨ ᠳᠤ ᠨᠢᠭᠡ ᠪᠦᠯᠦᠭ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠠᠷᠢᠶᠠᠨ | ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠪᠡᠯᠡ ᠮᠥᠩᠭᠦ ᠣᠷᠣᠭᠤᠯᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ | ᠲᠣᠭᠲᠡᠴᠡ ᠶᠢ ᠪᠦᠷᠢᠨᠰᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤ ᠪᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠮᠤᠵᠢ ᠶᠢᠨ | ᠱᠠᠲᠤᠨ ᠤ ᠵᠠᠰᠠᠭ ᠤᠨ ᠣᠷᠳᠣᠨ ᠣᠷᠣᠨ ᠨᠤᠲᠤᠭ ᠤᠨ ᠣᠷᠣᠭᠤᠯᠤᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠤᠬᠢᠷᠠᠭᠤᠯᠵᠤ ᠪᠠᠶᠢᠭᠠᠳ ᠨᠥᠬᠦᠴᠡᠯ ᠳᠤ | ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠥᠪᠰᠢᠶᠡᠷᠡᠨ᠎ᠡ᠃ | ᠵᠠᠰᠠᠭ ᠤᠨ ᠣᠷᠳᠣᠨ ᠤ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ ᠤᠷᠢᠲᠠᠯ | ᠳᠤᠤᠷ᠎ᠠ᠂ ᠵᠢᠭᠡᠯᠡᠯᠭᠡ ᠶᠢᠨ ᠬᠦᠦ ᠮᠦᠩᠬᠦ ᠶᠢᠨ ᠨᠦᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠥᠩᠭᠦᠨ ᠭᠦᠢᠯᠭᠡᠭᠡᠨ᠂ | ᠨᠡᠶᠢᠭᠡᠮ ᠤᠨ ᠪᠠᠯᠠ ᠣᠷᠣᠭᠤᠯᠤᠯᠲᠠ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ | ᠵᠡᠷᠭᠡ ᠶᠢᠨ ᠪᠠᠯᠠ ᠣᠷᠣᠭᠤᠯᠵᠤ ᠪᠦᠳᠦᠬᠡᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠶᠢ | ᠰᠦᠪᠡᠭᠴᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ | ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠤᠤᠷ᠎ᠠ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠪᠠᠷ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ | ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠴᠤᠭᠯᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ | ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠲᠦᠮᠡᠨ ᠣᠷᠣᠯᠴᠠᠬᠤ ᠠᠵᠢᠯ ᠤᠨ ᠲᠣᠭᠲᠡᠴᠡ ᠶᠢ | ᠬᠡᠷᠡᠭᠵᠢᠭᠦᠯᠦᠨ᠎ᠡ᠃ ᠲᠥᠪ ᠤᠨ ᠲᠠᠪᠬᠤᠷᠭ᠎ᠠ ᠠᠴᠠ ᠲᠦᠷᠢᠮ ᠤᠨ ᠵᠢᠷᠤᠭ ᠲᠥᠯᠥᠪᠯᠡᠭᠡ᠂ ᠶᠡᠷᠦᠩᠬᠡᠶ ᠲᠥᠯᠥᠪᠵᠢᠭᠦᠯᠭᠡ᠂ | ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ᠂ ᠣᠷᠣᠭᠤᠯᠤᠯᠲᠠ ᠶᠢᠨ ᠲᠣᠬᠢᠷᠠᠭᠤᠯᠤᠯᠲᠠ᠂ ᠵᠢᠯᠣᠭᠤᠳᠣᠯᠭ᠎ᠠ ᠬᠢᠨᠠᠯᠲᠠ | ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠴᠤᠭᠯᠠᠭᠤᠯᠬᠤ᠂ ᠪᠥᠲᠥᠭᠡᠨ ᠪᠠᠶᠢᠭᠤᠯᠤᠯᠲᠠ ᠶᠢᠨ ᠠᠬᠢᠴᠠ᠂ | ᠪᠠᠷᠢᠯᠭ᠎ᠠ ᠶᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ | ᠲᠤᠰᠬᠠᠶ ᠣᠷᠣᠨ ᠤ ᠲᠡᠰ ᠤᠨ ᠬᠤᠳᠠ ᠶᠢᠨ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ ᠠᠬᠢᠴᠠ᠂ ᠪᠠᠷᠢᠯᠭ᠎ᠠ ᠶᠢᠨ | ᠶᠠᠰᠤ ᠴᠢᠨᠠᠷ᠂ ᠪᠠᠷᠢᠯᠭ᠎ᠠ ᠳᠠᠭᠤᠰᠬᠠᠵᠤ ᠰᠢᠯᠭᠠᠨ ᠠᠪᠬᠤ᠂ ᠪᠠᠯᠠ ᠮᠥᠩᠭᠦ ᠶᠢ ᠬᠡᠷᠡᠭᠯᠡᠬᠦ᠂ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠵᠡᠷᠭᠡ ᠳᠤ ᠭᠤᠤᠯ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ ᠱᠠᠲᠤᠨ ᠤ ᠵᠠᠰᠠᠭ ᠤᠨ | ᠣᠷᠳᠣᠨ ᠲᠥᠷᠥᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ᠂ ᠪᠠᠯᠠ ᠮᠥᠩᠭᠦ ᠶᠢ ᠬᠡᠷᠡᠭᠯᠡᠬᠦ᠂ ᠡᠵᠡᠩᠨᠡᠯᠲᠡ | ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠠᠷᠪᠠᠨ ᠳᠣᠯᠤᠭ᠎ᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ | ︽ᠲᠠᠪᠤᠨ ᠨᠢᠭᠡᠳᠦᠯᠲᠡᠶ︾ ︵ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠬᠤ᠂ ᠨᠢᠭᠡᠳᠦᠯᠲᠡᠶ ᠪᠦᠲᠦᠭᠡᠨ ᠪᠠᠶᠢᠭᠤᠯᠬᠤ | ᠪᠠᠷᠢᠮᠵᠢᠶ᠎ᠠ᠂ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠶ ᠰᠢᠯᠭᠠᠨ ᠠᠪᠴᠤ ᠬᠢᠨᠡᠨ ᠰᠢᠯᠭᠠᠬᠤ᠂ | ᠨᠢᠭᠡᠳᠦᠯᠲᠡᠶ ᠵᠢᠷᠤᠭ ᠪᠤᠯᠭᠠᠨ ᠬᠥᠮᠥᠷᠭᠡ ᠳᠤ ᠣᠷᠣᠭᠤᠯᠬᠤ︶ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠳᠡᠭᠡ | ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠮᠥᠷᠳᠡᠵᠦ ᠦᠨᠡᠯᠡᠬᠦ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ | ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠭᠡᠭᠰᠡᠨ ᠤᠷᠢᠲᠠᠯ ᠳᠤᠤᠷ᠎ᠠ᠂ ᠲᠥᠷᠥᠯ ᠵᠦᠢᠯ ᠢ ᠵᠢᠷᠤᠵᠤ | ᠲᠥᠯᠥᠪᠯᠡᠬᠦ᠂ ᠬᠡᠷᠡᠭᠵᠢᠭᠦᠯᠬᠦ᠂ ᠡᠵᠡᠩᠨᠡᠬᠦ᠂ ᠬᠠᠮᠢᠶᠠᠷᠴᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠶᠢ ᠰᠦᠪᠡᠭᠴᠢᠯᠡᠨ | ᠠᠬᠢᠭᠤᠯᠤᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠷᠣᠭᠤᠯᠵᠤ | ᠠᠪᠴᠢᠷᠠᠬᠤ ᠪᠠ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ ᠮᠡᠷᠭᠡᠵᠢᠯ ᠯᠦᠭᠡ ᠬᠤᠷᠠᠭᠤᠯᠤᠨ | ᠬᠡᠷᠡᠭᠯᠡᠬᠦ ᠶᠢ ᠴᠢᠩᠭᠠᠳᠬᠠᠨ᠎ᠠ᠃ ᠤᠰᠤᠨ ᠴᠣᠭᠴᠠ ᠶᠢᠨ ᠠᠽᠣᠲ᠂ ᠹᠣᠰᠹᠣᠷ ᠵᠡᠷᠭᠡ ᠪᠣᠬᠢᠷᠲᠤᠯ ᠢᠶᠠᠷ ᠲᠣᠪᠤᠶᠢᠮ᠎ᠠ ᠣᠷᠣᠨ | ᠪᠦᠰᠡ ᠳᠤ ᠠᠮᠢ ᠠᠬᠤᠶ ᠣᠷᠴᠢᠨ ᠲᠣᠭᠤᠷᠢᠨ ᠢ ᠵᠠᠰᠠᠬᠤ ᠬᠠᠮᠢᠶ᠎ᠠ ᠪᠥᠬᠦᠶ ᠲᠥᠷᠥᠯ ᠵᠦᠢᠯ ᠢ ᠨᠢᠭᠡᠳᠦᠯᠲᠡᠶ | ᠲᠥᠯᠥᠪᠵᠢᠭᠦᠯᠦᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠶᠢ ᠵᠣᠭᠰᠣᠭᠠᠵᠤ ᠡᠷᠭᠢᠯᠳᠦᠭᠦᠯᠦᠨ ᠠᠰᠢᠭᠯᠠᠬᠤ ᠶᠢ | ᠠᠬᠢᠭᠤᠯᠤᠨ᠎ᠠ᠃ ᠰᠠᠯᠬᠢ ᠡᠯᠡᠰᠦᠨ ᠤ ᠬᠥᠨᠥᠭᠡᠯᠲᠦ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠤᠷᠤᠨ︾ ᠵᠡᠷᠭᠡ | ᠭᠤᠣᠯᠳᠠᠯᠭ᠎ᠠ ᠲᠠᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠣᠮᠣ | ᠲᠤᠤᠷᠵᠢᠯ ᠤᠨ ᠲᠠᠷᠢᠶᠠᠨ ᠭᠠᠵᠠᠷ ᠲᠤ ᠣᠶ ᠰᠢᠭᠤᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠳᠡᠯᠭᠡᠷᠡᠭᠦᠯᠵᠦ᠂ | ᠲᠠᠷᠢᠶᠠᠨ ᠭᠠᠵᠠᠷ ᠤᠨ ᠤᠨᠠᠯᠲᠠ ᠶᠢ ᠳᠤᠬᠳᠠᠪᠤᠷᠢᠵᠢᠭᠤᠯᠵᠤ ᠳᠡᠭᠡᠭᠰᠢᠯᠡᠬᠦᠯᠬᠦ ᠶᠢ ᠠᠬᠢᠭᠤᠯᠤᠨ᠎ᠠ᠃ | ︵ᠠᠷᠪᠠᠨ ᠨᠠᠶᠢᠮᠠ︶ ᠣᠯᠠᠨ ᠲᠦᠮᠡᠨ ᠣᠷᠣᠯᠴᠠᠵᠤ᠂ ᠮᠡᠳᠡᠭᠳᠡᠳᠡᠯᠡ ᠦᠵᠡᠭᠳᠡᠳᠠᠯᠠ ᠪᠤᠳᠠᠳᠠᠢ ᠬᠢᠨ᠎ᠡ᠃ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ᠂ ᠲᠠᠷᠢᠶᠠᠴᠢᠳ ᠵᠡᠷᠭᠡ ᠶᠢ ᠢᠳᠡᠪᠬᠢᠲᠡᠶ ᠬᠥᠲᠥᠯᠥᠨ ᠵᠢᠯᠣᠭᠤᠳᠴᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠵᠤ᠂ | ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠤᠨ᠎ᠠ᠃ | ᠲᠥᠷᠥᠯ ᠵᠦᠢᠯ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠ᠂ | ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠪᠦᠲᠦᠭᠡᠨ ᠪᠠᠶᠢᠭᠤᠯᠬᠤ ᠠᠭᠤᠯᠭ᠎ᠠ ᠶᠢᠨ ᠪᠣᠳᠠᠲᠤ ᠪᠠᠶᠢᠳᠠᠯ ᠳᠤ | ᠨᠡᠶᠢᠴᠡᠬᠦ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠤᠨ ᠪᠠᠷᠢᠯᠭ᠎ᠠ ᠶᠢᠨ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ᠂ ᠡᠳᠦᠷ | ᠲᠤᠲᠤᠮ ᠤᠨ ᠪᠠᠷᠢᠯᠭ᠎ᠠ ᠪᠠᠷᠢᠬᠤ᠂ ᠳᠠᠯᠳᠠ ᠪᠠᠷᠢᠯᠭ᠎ᠠ ᠶᠢ ᠰᠢᠯᠭᠠᠨ ᠠᠪᠬᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠵᠡᠷᠭᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ | ︵ᠠᠷᠪᠠ ᠶᠢᠰᠦ︶ ᠬᠥᠳᠡᠯᠦᠩᠭᠦᠶ ᠪᠠᠷ ᠮᠥᠷᠳᠡᠨ᠂ ᠱᠠᠲᠤ ᠬᠤᠪᠢᠶᠠᠨ ᠦᠨᠡᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ᠂ ᠰᠢᠯᠢᠳᠡᠭ ᠢ ᠨᠢ | ᠱᠠᠩᠨᠠᠵᠤ ᠰᠢᠭᠠᠷᠤ ᠶᠢ ᠨᠢ ᠲᠣᠷᠭᠠᠬᠤ ᠡᠭᠦᠷᠭᠡ ᠶᠢ ᠨᠠᠶᠢᠳᠠᠪᠤᠷᠢᠵᠢᠭᠤᠯᠬᠤ ᠲᠣᠭᠲᠡᠴᠡ ᠶᠢ ᠪᠦᠷᠢᠨᠰᠢᠭᠦᠯᠦᠨ᠎ᠡ᠃ ᠡᠯ᠎ᠡ | ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠨᠡᠯᠡᠯᠲᠡ ᠶᠢᠨ ᠵᠢᠷᠤᠮᠵᠢᠯ ᠵᠡᠷᠭᠡ ᠤᠯᠤᠰ ᠤᠨ | ᠪᠠᠷᠢᠮᠵᠢᠶ᠎ᠠ ᠶᠢ ᠦᠨᠳᠦᠰᠦᠯᠡᠨ᠂ ᠨᠢᠭᠡᠨᠲᠡ ᠰᠢᠯᠭᠠᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠷᠥᠯ | ᠬᠤᠪᠢᠶᠠᠨ ᠲᠠᠰ ᠬᠤᠪᠢᠶᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠱᠠᠭᠠᠷᠳᠠᠯᠭ᠎ᠠ ᠳᠤ ᠨᠡᠶᠢᠴᠡᠬᠦ ᠥᠬᠡᠶ ᠶᠢ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ ᠬᠢᠨᠠᠨ ᠲᠣᠭᠲᠠᠭᠠᠵᠤ ᠪᠣᠯᠬᠤ | ᠥᠬᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠥᠬᠦ | ᠦᠶᠡᠯᠡᠯ ᠤᠨ ᠬᠤᠭᠤᠴᠠᠭᠠᠨ ᠳᠠᠬᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠ ᠨᠠᠰᠤᠨ ᠲᠤᠷᠰᠢᠳᠠ ᠬᠠᠷᠢᠭᠤᠴᠠᠯᠭ᠎ᠠ | ᠨᠡᠬᠡᠮᠵᠢᠯᠡᠬᠦ ᠲᠣᠭᠲᠡᠴᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠷᠢ︶ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠢᠯᠵᠢᠷᠠᠯ ᠪᠠ ᠰᠤᠷᠲᠠᠯ ᠤᠨ ᠠᠰᠠᠭᠤᠳᠠᠯ ᠢ | ᠡᠷᠡᠰ ᠵᠠᠯᠠᠷᠠᠭᠤᠯᠤᠨ ᠵᠠᠰᠠᠵᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ | ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠱᠠᠮᠰᠢᠵᠤ ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ | ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ | ᠦᠨᠡᠨ ᠬᠦ ᠰᠡᠷᠭᠡᠶᠢᠯᠡᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ︶ | | | | | | | |