ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠠᠯᠠᠱᠠ ᠵᠡᠭᠦᠨ ᠬᠤᠰᠢᠭᠤᠨ ᠳᠤ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2025/4/17
     3 ᠰᠠᠷ᠎ᠠ ᠶᠢᠨ 1 ᠤ ᠡᠳᠦᠷ᠂ ᠬᠤᠰᠢᠭᠤᠨ ᠤ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ— ᠷᠦᠩ  ᠳ᠋ᠢᠶᠠᠨ ᠺᠣᠮᠫᠠᠨᠢ ᠶᠢᠨ ᠰᠢᠨ᠎ᠡ ᠡᠨᠧᠷᠭᠢ ᠶᠢᠨ ᠢᠵᠢ ᠪᠥᠷᠢᠳᠦᠭᠦᠯᠬᠦ ᠳᠡᠭᠡᠳᠦ ᠲᠠᠰ ᠤᠨ ᠲᠣᠨᠤᠭ ᠲᠥᠬᠦᠭᠡᠷᠦᠮᠵᠢ  ᠦᠢᠯᠡᠳᠬᠦ ᠲᠥᠷᠥᠯ ᠵᠦᠢᠯ ᠠᠵᠢᠯ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠪᠠᠷᠢᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃
   ᠣᠶᠢᠯᠠᠭᠠᠭᠰᠠᠨ ᠢᠶᠠᠷ᠂ ᠷᠦᠩ ᠳ᠋ᠢᠶᠠᠨ ᠺᠣᠮᠫᠠᠨᠢ ᠶᠢᠨ ᠰᠢᠨ᠎ᠡ ᠡᠨᠧᠷᠭᠢ ᠶᠢᠨ ᠢᠵᠢ ᠪᠥᠷᠢᠳᠦᠭᠦᠯᠬᠦ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ ᠠᠯᠠᠱᠠ ᠵᠡᠭᠦᠨ ᠬᠤᠰᠢᠭᠤᠨ ᠤ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠳᠡᠮᠵᠢᠬᠦ ᠭᠤᠤᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ ᠂ ᠲᠣᠰ ᠤᠳᠠᠭᠠᠨ ᠤ ᠠᠵᠢᠯ ᠢᠶᠠᠨ ᠡᠬᠢᠯᠡᠭᠦᠯᠬᠦ ᠳᠤ ᠵᠢᠯ ᠳᠤ 200 ᠢᠵᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠᠭᠠᠨ᠎ᠠ ᠪᠠ ᠵᠢᠯ ᠳᠤ 2 ᠲᠦᠮᠡᠨ ᠬᠡᠷᠡᠯ ᠢᠶᠠᠷ ᠴᠠᠬᠢᠯᠭᠠᠨ ᠭᠠᠷᠭᠠᠬᠤ ᠠᠵᠢᠯᠯᠠᠭᠤᠯᠵᠤ ᠬᠠᠮᠠᠭᠠᠯᠠᠬᠤ ᠮᠠᠰᠢᠨ ᠬᠥᠮᠦᠨ ᠵᠡᠷᠭᠡ ᠬᠤᠶᠠᠷ ᠵᠦᠢᠯ ᠤᠨ ᠠᠭᠤᠯᠭ᠎ᠠ ᠶᠢ ᠪᠠᠭᠲᠠᠭᠠᠵᠤ᠂ ᠨᠡᠶᠢᠲᠡ 4.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 223 ᠮᠥ ᠲᠠᠯᠠᠪᠠᠶ ᠡᠵᠡᠯᠡᠪᠡ᠃ 2025 ᠣᠨ ᠤ 3 ᠰᠠᠷ᠎ᠠ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ 2026 ᠣᠨ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ 260 ᠬᠥᠮᠦᠨ ᠳᠤ ᠠᠵᠢᠯ ᠣᠯᠭᠤᠵᠤ᠂ ᠵᠢᠯ ᠤᠨ ᠦᠢᠯᠡᠳᠬᠦᠨ ᠤ ᠥᠷᠲᠡᠭ ᠨᠢ 6.8 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃    ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤ ᠢᠮᠠᠭᠲᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠭᠤᠤᠯᠳᠠᠯᠭ᠎ᠠ ᠲᠠᠢ ᠠᠵᠢᠯ ᠪᠣᠯᠭᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠢ ᠢᠳᠡᠪᠬᠢᠲᠡᠶ ᠵᠣᠯᠭᠠᠭᠤᠯᠵᠤ᠂ ︽ᠳᠡᠯᠭᠡᠭᠦᠷ ᠤᠨ ᠦᠢᠯᠡᠴᠢᠯᠡᠭᠴᠢ︾ ᠶᠢᠨ ᠦᠢᠯᠡᠴᠢᠯᠡᠭᠡᠨ ᠤ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ ᠬᠤᠳᠠᠯᠳᠤᠭᠠᠴᠢᠨ ᠤᠷᠢᠬᠤ ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠢᠷᠡᠭᠡᠳᠦᠶ ᠶᠢᠨ ᠠᠵᠤ ᠦᠢᠯᠡᠰ ᠤᠨ ᠥᠷᠢᠰᠥᠯᠳᠦᠭᠡᠨ ᠤ ᠠᠰᠢᠭᠲᠠᠢ ᠪᠠᠶᠢᠷᠢ ᠶᠢ ᠵᠠᠪᠳᠤᠨ ᠡᠵᠡᠯᠡᠵᠦ᠂ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠪᠣᠳᠠᠲᠠᠶ ᠨᠠᠶᠢᠳᠠᠪᠤᠷᠢᠵᠢᠭᠤᠯᠵᠤ᠂ ᠪᠠᠶᠢᠪᠠᠰᠤ ᠵᠣᠬᠢᠬᠤ ᠦᠢᠯᠡᠴᠢᠯᠡᠭᠡ ᠶᠢ ᠪᠣᠳᠠᠲᠠᠶ ᠬᠠᠩᠭᠠᠵᠤ᠂ ᠠᠮᠠᠯᠠᠯᠲᠠ ᠪᠠᠨ ᠪᠣᠳᠠᠲᠠᠶ ᠭᠦᠢᠴᠡᠳᠬᠡᠵᠦ᠂ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠠᠯᠠᠱᠠ ᠵᠡᠭᠦᠨ ᠬᠤᠰᠢᠭᠤᠨ ᠳᠠᠬᠢ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ ᠨᠥᠬᠦᠴᠡᠯ ᠢ ᠪᠣᠶ ᠪᠣᠯᠭᠠᠵᠤ ᠥᠭᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号