| ᠠᠯᠠᠱᠠ ᠵᠡᠭᠦᠨ ᠬᠤᠰᠢᠭᠤᠨ ᠤ ᠤᠨᠳᠤᠷᠤᠯᠲᠤ ᠪᠠᠯᠭᠠᠰᠤ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠡᠭᠦᠷᠭᠡ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ᠡᠷᠲᠡ ᠠᠴᠠ | ᠠᠷᠭ᠎ᠠ ᠰᠦᠪᠡᠭᠴᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠪᠠ ᠲᠠᠷᠢᠶᠠᠯᠠᠩ ᠤᠨ | ᠬᠥᠭᠵᠢᠯᠲᠡ ᠶᠢ ᠰᠠᠶᠢᠲᠤᠷ ᠡᠬᠢᠯᠡᠭᠦᠯᠵᠦ᠂ ᠣᠳᠣᠬᠠᠨ ᠳᠤ ᠡᠯ᠎ᠡ ᠲᠥᠷᠥᠯ ᠤᠨ ᠲᠠᠷᠢᠶᠠᠯᠠᠩ ᠤᠨ ᠬᠡᠷᠡᠭᠰᠡᠯ᠂ | ᠲᠠᠷᠢᠶᠠᠯᠠᠩ ᠤᠨ ᠮᠠᠰᠢᠨ ᠪᠠᠭᠠᠵᠢ ᠶᠢᠨ ᠬᠠᠩᠭᠠᠯᠭ᠎ᠠ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠠᠬᠢᠴᠠ ᠤᠷᠤᠭᠰᠢᠲᠠᠶ ᠪᠠᠶᠢᠨ᠎ᠠ᠃ | ᠣᠶᠢᠯᠠᠭᠠᠭᠰᠠᠨ ᠢᠶᠠᠷ᠂ ᠤᠨᠳᠤᠷᠤᠯᠲᠤ ᠪᠠᠯᠭᠠᠰᠤ ᠶᠢ ᠪᠠᠷᠠᠭᠤᠨ ᠬᠥᠳᠡᠭᠡ᠂ ᠳᠡᠯ ᠬᠠᠷ᠎ᠠ ᠶᠢᠨ ᠬᠥᠳᠡᠭᠡ ᠭᠡᠵᠤ 2 | ᠤᠰᠤᠯᠠᠯᠲᠠ ᠶᠢᠨ ᠣᠷᠣᠨ ᠢᠶᠠᠷ ᠬᠤᠪᠢᠶᠠᠵᠤ᠂ ᠤᠰᠤ ᠬᠦᠷᠦᠰᠦᠨ ᠤ ᠡᠬᠢ ᠪᠠᠶᠠᠯᠢᠭ ᠬᠦᠨᠳᠦ ᠨᠣᠴᠢᠲᠠᠢ ᠵᠣᠬᠢᠴᠠᠬᠤ | ᠦᠭᠡᠢ ᠪᠠᠶᠢᠳᠠᠭ᠃ ᠤᠰᠤᠨ ᠤ ᠠᠰᠠᠭᠤᠳᠠᠯ ᠢ ᠡᠷᠳᠡᠬᠡᠨ ᠰᠢᠢᠳᠪᠦᠷᠢᠯᠡᠬᠦ ᠶᠢᠨ ᠲᠥᠯᠥᠭᠡ᠂ ᠲᠣᠰ ᠤᠳᠠᠭᠠᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ︽ᠶᠠᠭᠤ ᠳᠤᠲᠠᠪᠠᠯ ᠶᠠᠭᠤ ᠶᠢ | ᠨᠥᠬᠦᠪᠥᠷᠢᠯᠡᠬᠦ︾ ᠵᠠᠷᠴᠢᠮ ᠶᠣᠰᠣᠭᠠᠷ᠂ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠰᠠᠭᠤᠷᠢ ᠪᠣᠯᠭᠠᠵᠤ᠂ ︽ | ᠤᠰᠤ ᠶᠢ ᠥᠭᠡᠷᠡᠴᠢᠯᠡᠬᠦ᠂ ᠵᠠᠮ ᠢ ᠥᠭᠡᠷᠡᠴᠢᠯᠡᠬᠦ᠂ ᠭᠠᠵᠠᠷ ᠰᠢᠷᠣᠶ ᠶᠢ ᠥᠭᠡᠷᠡᠴᠢᠯᠡᠬᠦ︾ ᠪᠠᠷ ᠭᠤᠤᠯ ᠪᠥᠲᠥᠭᠡᠨ | ᠪᠠᠶᠢᠭᠤᠯᠤᠯᠲᠠ ᠶᠢᠨ ᠠᠭᠤᠯᠭ᠎ᠠ ᠪᠣᠯᠭᠠᠵᠤ᠂ ︽ᠬᠡᠷᠡᠭᠯᠡᠬᠦ ᠪᠠᠷ ᠪᠥᠲᠥᠭᠡᠨ ᠪᠠᠶᠢᠭᠤᠯᠬᠤ᠂ ᠪᠥᠲᠥᠭᠡᠨ ᠪᠠᠶᠢᠭᠤᠯᠬᠤ ᠪᠠ | ᠬᠡᠷᠡᠭᠯᠡᠬᠦ ᠶᠢ ᠨᠢᠭᠡ ᠴᠤᠭᠴᠠᠵᠢᠭᠤᠯᠬᠤ︾ ᠶᠢ ᠳᠣᠪᠤᠶᠢᠯᠭᠠᠨ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠭᠦᠢᠴᠡᠳ | ᠨᠥᠬᠦᠪᠥᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠠᠮᠤ ᠪᠤᠳᠠᠭᠠᠨ ᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠤᠯᠠᠮ | ᠴᠢᠨᠠᠭᠰᠢᠳᠠ ᠳᠡᠭᠡᠭᠰᠢᠯᠡᠭᠦᠯᠪᠡ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠬᠤ ᠶᠢᠨ ᠲᠥᠯᠥᠭᠡ᠂ ᠤᠨᠳᠤᠷᠤᠯᠲᠤ ᠪᠠᠯᠭᠠᠰᠤ | ᠲᠠᠷᠢᠶᠠᠯᠠᠩ ᠤᠨ ᠬᠡᠷᠡᠭᠰᠡᠯ ᠢ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠪᠡ᠃ ᠡᠭᠦᠨ ᠤ ᠬᠠᠮᠲᠤ᠂ | ᠤᠨᠳᠤᠷᠤᠯᠲᠤ ᠪᠠᠯᠭᠠᠰᠤ ᠪᠠᠰᠠ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ᠂ ᠡᠵᠡᠩᠨᠡᠯᠲᠡ ᠶᠢᠨ | ᠲᠠᠯᠠᠪᠤᠷ ᠲᠤ ᠦᠷᠭᠦᠯᠵᠢᠯᠡᠨ ᠪᠠᠶᠢᠴᠠᠭᠠᠯᠲᠠ ᠬᠢᠵᠦ᠂ ᠪᠣᠷᠤᠯᠠᠭᠤᠯᠵᠤ ᠪᠠᠶᠢᠭ᠎ᠠ ᠠᠮᠤ ᠪᠤᠳᠠᠭ᠎ᠠ᠂ ᠲᠠᠷᠢᠶᠠᠨ ᠡᠮ᠂ | ᠬᠢᠮᠢ ᠶᠢᠨ ᠪᠤᠷᠳᠤᠭᠤᠷ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠲᠠᠷᠢᠶᠠᠯᠠᠩ ᠤᠨ ᠬᠡᠷᠡᠭᠰᠡᠯ ᠳᠤ | ᠭᠤᠣᠯᠳᠠᠯᠭ᠎ᠠ ᠲᠠᠢ ᠲᠤᠰᠬᠠᠢ ᠪᠠᠶᠢᠴᠠᠭᠠᠯᠲᠠ ᠬᠢᠵᠦ᠂ ᠬᠠᠭᠤᠷᠮᠠᠭ ᠴᠢᠨᠠᠷ ᠮᠠᠭᠤ ᠲᠠᠷᠢᠶᠠᠯᠠᠩ ᠤᠨ ᠬᠡᠷᠡᠭᠰᠡᠯ ᠤᠨ | ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠢ | ᠦᠨᠡᠨ ᠬᠦ ᠪᠠᠲᠤᠯᠠᠪᠠ᠃ ᠡᠭᠦᠨ ᠤ ᠬᠠᠮᠲᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠪᠠᠰᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ | ᠲᠠᠷᠢᠶᠠᠨ ᠭᠠᠵᠠᠷ ᠲᠤ ᠭᠦᠨᠵᠡᠭᠡᠶᠢᠷᠡᠨ᠂ ᠮᠡᠷᠭᠡᠵᠢᠯ ᠤᠨ ᠵᠢᠯᠣᠭᠤᠳᠣᠯᠭ᠎ᠠ ᠪᠠ ᠠᠮᠤᠷ ᠲᠦᠪᠰᠢᠨ ᠤ ᠤᠬᠠᠭᠤᠯᠭ᠎ᠠ ᠶᠢ | ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ | ᠤᠨᠳᠤᠷᠤᠯᠲᠤ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠶᠠᠭ ᠥᠨᠳᠥᠷ ᠤᠨᠠᠯᠲᠠ ᠲᠠᠢ᠂ ᠪᠣᠬᠢᠷᠲᠤᠯ ᠥᠬᠡᠶ᠂ | ᠣᠳᠣᠬᠢᠴᠢᠯᠠᠯᠲᠠ ᠶᠢᠨ ᠴᠢᠭᠯᠡᠯ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠬᠥᠳᠡᠭᠡ ᠲᠣᠰᠬᠤᠨ ᠤ ᠬᠥᠭᠵᠢᠯᠲᠡ ᠳᠤ | ᠥᠷᠨᠢᠩᠭᠦᠶ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠥᠭᠡᠳ ᠪᠥᠬᠦ ᠵᠢᠯ ᠤᠨ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ | ᠪᠠᠶᠢᠨ᠎ᠠ᠃ | | | |