ᠯᠢᠦ ᡁᠢ ᠴᠢᠶᠠᠩ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/4/17
   3 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠠᠴᠠ 2024 ᠣᠨ ᠤ ᠨᠠᠮ ᠤᠨ ᠡᠭᠦᠷ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠠᠴᠠ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠨᠠᠮ ᠤᠨ ᠡᠭᠦᠷ ᠤᠨ ᠤᠳᠤᠷᠢᠳᠬᠤ ᠪᠠᠭ ᠪᠣᠯᠤᠨ ᠨᠠᠮ ᠤᠨ ᠭᠡᠰᠢᠭᠦᠨ ᠢ ᠠᠷᠠᠳᠴᠢᠯᠠᠯ ᠢᠶᠠᠷ ᠰᠢᠯᠭᠠᠨ ᠦᠨᠡᠯᠡᠪᠡ᠃    ᠯᠢᠦ ᡁᠢ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ᠂ ᠪᠢᠳᠠᠨᠠᠷ ᠵᠠᠪᠠᠯ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠶᠢᠨ ᠠᠵᠢᠯᠯᠠᠵᠤ᠂ ᠬᠡᠪ ᠳᠠᠭᠤᠷᠢᠶᠠᠯ ᠪᠣᠯᠵᠣ᠂ ᠲᠣᠰ ᠪᠡᠶ᠎ᠡ ᠶᠢᠨ ᠠᠵᠢᠯ ᠢᠶᠠᠨ ︽ᠴᠢᠩᠭᠠᠯᠠᠵᠤ᠂ ᠰᠢᠭᠤᠷᠬᠠᠶᠢᠯᠠᠵᠤ︾᠂ ᠪᠥᠬᠦ ᠬᠤᠰᠢᠭᠤᠨ ᠤ ᠪᠥᠬᠦ ᠲᠠᠯ᠎ᠠ ᠶᠢᠨ ᠠᠵᠢᠯ ᠢ ᠨᠠᠩ ᠰᠠᠶᠢᠲᠤᠷ ᠳᠠᠶᠢᠴᠢᠯᠠᠬᠤ ᠬᠡᠷᠡᠭᠲᠡᠶ᠃ ᠢᠮᠠᠭᠲᠠ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠪ ᠳᠠᠭᠤᠷᠢᠶᠠᠯ ᠪᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠪᠣᠭᠤᠮᠲᠠ ᠶᠢ ᠠᠳᠬᠤᠬᠤ ᠶᠢ ᠲᠤᠪᠤᠶᠢᠯᠭᠠᠨ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠨᠠᠮ ᠲᠠᠢ ᠵᠡᠷᠭᠡᠪᠡᠷ ᠤᠷᠤᠭᠰᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠲᠠᠢ ᠬᠠᠮᠲᠤ ᠤᠷᠤᠭᠰᠢᠯᠠᠬᠤ ᠬᠡᠷᠡᠭᠲᠡᠢ᠃ ᠪᠦᠬᠦ ᠬᠤᠰᠢᠭᠤᠨ ᠤ ᠬᠦᠴᠢᠷ ᠪᠡᠷᠬᠡᠰᠢᠶᠡᠯ ᠢ ᠢᠯᠠᠨ ᠳᠠᠪᠠᠵᠤ ᠪᠣᠭᠤᠮᠲᠠ ᠰᠢᠪᠲᠤᠯᠬᠤ ᠶᠠᠪᠤᠴᠠ ᠳᠠᠬᠢ ᠬᠦᠴᠦᠲᠡᠢ ᠠᠬᠢᠭᠤᠯᠤᠭᠴᠢ ᠪᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠵᠠᠷᠢᠮ ︽ᠬᠦᠴᠢᠷ ᠲᠦᠪᠡᠭᠲᠡᠢ ᠠᠰᠠᠭᠤᠳᠠᠯ︾ ᠢ ᠨᠠᠷᠢᠨ ᠬᠢᠨᠠᠮᠠᠭᠠᠢ ᠰᠤᠳᠤᠯᠵᠤ᠂ ᠴᠢᠩᠭ᠎ᠠ ᠠᠩᠬᠠᠷᠴᠤ᠂ ᠵᠣᠷᠢᠭᠲᠠᠢ ᠪᠠᠷ ᠳᠤᠷᠠᠳᠴᠤ ᠵᠣᠷᠢᠭᠲᠠᠢ ᠪᠠᠷ ᠰᠢᠢᠳᠪᠦᠷᠢᠯᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠭᠠᠪᠰᠢᠭᠠᠶᠢᠯᠠᠨ ᠣᠷᠣᠵᠣ᠂ ᠲᠠᠬᠢᠨ ᠲᠠᠬᠢᠨ ᠡᠷᠭᠢᠴᠡᠭᠦᠯᠦᠨ ᠪᠠᠶᠢᠴᠠᠭᠠᠵᠤ᠂ ᠱᠠᠳᠤᠴᠢ ᠴᠢᠨᠠᠷᠲᠠᠢ ᠬᠠᠷᠠᠯᠲᠠ ᠶᠢ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ︽ᠭᠤᠷᠪᠠ ᠳᠤ ᠦᠢᠯᠡᠴᠢᠯᠡᠬᠦ︾ ᠠᠵᠢᠯ ᠤᠨ ︽ᠳᠠᠭᠠᠭᠤᠯᠤᠭᠴᠢ︾ ᠪᠣᠯᠵᠤ᠂ ︽ᠲᠠᠪᠤ ᠶᠢ ᠪᠠᠷᠢᠮᠲᠠᠯᠠᠬᠤ ︾ ᠴᠢᠬᠤᠯᠠ ᠱᠠᠭᠠᠷᠳᠠᠯᠭ᠎ᠠ ᠶᠢ ᠦᠵᠡᠯ ᠰᠠᠨᠠᠭ᠎ᠠ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ︽ᠦᠨᠡᠨ ᠢ ᠡᠷᠬᠢᠮᠯᠡᠬᠦ᠂  ᠪᠣᠳᠠᠳᠠᠢ ᠶᠢ ᠡᠷᠬᠢᠮᠯᠡᠬᠦ᠂ ᠰᠢᠯᠢᠳᠡᠭ ᠢ ᠡᠷᠬᠢᠮᠯᠡᠬᠦ︾ ᠶᠢ ᠪᠡᠶᠡᠯᠡᠭᠦᠯᠵᠦ᠂ ᠨᠢᠭᠡ ᠰᠡᠳᠬᠢᠯ ᠢᠶᠠᠷ ᠠᠵᠢᠯ ᠶᠠᠪᠤᠳᠠᠯ ᠬᠢᠬᠦ᠂ ᠪᠥᠬᠦ ᠰᠡᠳᠬᠢᠯ ᠢᠶᠠᠷ ᠢᠶᠠᠨ ᠠᠵᠢᠯ ᠶᠠᠪᠤᠳᠠᠯ ᠬᠢᠬᠦ᠂ ᠰᠡᠳᠬᠢᠯ ᠨᠢᠭᠡᠳᠦᠨ ᠠᠵᠢᠯ ᠶᠠᠪᠤᠳᠠᠯ ᠬᠢᠬᠦ᠂ ᠴᠡᠪᠡᠷ ᠴᠡᠭᠴᠡᠬᠡᠨ ᠠᠵᠢᠯ ᠶᠠᠪᠤᠳᠠᠯ ᠬᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ︽ᠭᠤᠷᠪᠠ ᠳᠤ ᠦᠢᠯᠡᠴᠢᠯᠡᠬᠦ︾ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠳᠠᠭᠠᠭᠤᠯᠤᠭᠴᠢ ᠪᠠ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯᠭᠡᠵᠢᠭᠦᠯᠦᠭᠴᠢ ᠪᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠶᠣᠰᠣ ᠰᠤᠷᠲᠠᠬᠤᠨ ᠤ ᠥᠨᠳᠥᠷ ᠱᠤᠭᠤᠮ ᠢ ᠪᠤᠢ ᠪᠣᠯᠭᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠡᠳᠦᠷ ᠲᠤᠳᠤᠮ ᠤᠨ ᠪᠠᠭ᠎ᠠ ᠶᠠᠪᠤᠳᠠᠯ ᠪᠠ ᠠᠮᠢᠳᠤᠷᠠᠯ ᠤᠨ ᠨᠠᠷᠢᠨ ᠵᠦᠢᠯᠡᠰ ᠢ ᠴᠢᠬᠤᠯᠠᠴᠢᠯᠠᠵᠤ᠂ ᠢᠮᠠᠭᠲᠠ ᠠᠷᠢᠭᠤᠨ ᠴᠢᠬᠡᠴᠢ ᠪᠠᠷ ᠠᠵᠢᠯ ᠬᠢᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠶᠢᠨ ᠰᠠᠶᠢᠬᠠᠨ ᠲᠦᠷᠢ ᠲᠥᠷᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号