| 3 ᠰᠠᠷ᠎ᠠ ᠶᠢᠨ 7 ᠤ ᠡᠳᠦᠷ᠂ ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠠᠩᠬᠠᠳᠠᠭᠴᠢ ᠮᠠᠰᠢᠨ ᠴᠣᠭᠴᠠᠯᠠᠪᠤᠷᠢ ᠰᠦᠯᠵᠢᠶᠡᠨ ᠳᠤ ᠭᠠᠷᠴᠤ | ᠠᠰᠢᠭᠯᠠᠯᠲᠠ ᠳᠤ ᠣᠷᠣᠭᠤᠯᠤᠭᠰᠠᠨ ᠨᠢ ᠠᠯᠠᠱᠠ ᠵᠡᠭᠦᠨ ᠬᠤᠰᠢᠭᠤ ᠪᠣᠬᠢᠷᠳᠣᠯ ᠦᠭᠡᠢ ᠬᠥᠭᠵᠢᠯᠲᠡ ᠶᠢᠨ ᠵᠠᠮ ᠢᠶᠠᠷ | ᠵᠠᠮᠨᠠᠵᠤ ᠪᠠᠶᠢᠭ᠎ᠠ ᠶᠢ ᠬᠠᠷᠠᠭᠤᠯᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ | ᠬᠦᠴᠦᠷᠬᠡᠭᠵᠢᠭᠦᠯᠬᠦ ᠲᠠᠯ᠎ᠠ ᠪᠠᠷ ᠨᠠᠩ ᠪᠠᠲᠤ ᠪᠠᠬᠢ ᠠᠯᠬᠤᠮ ᠢ ᠠᠯᠬᠤᠭᠰᠠᠨ ᠢ ᠬᠠᠷᠠᠭᠤᠯᠵᠤ᠂ ᠪᠥᠬᠦ ᠬᠤᠰᠢᠭᠤᠨ ᠤ | ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ᠂ ᠠᠯᠠᠱᠠ ᠴᠢᠨᠠᠭᠰᠢᠯᠠᠪᠠᠯ ᠥᠪᠥᠷ ᠮᠣᠩᠭᠤᠯ ᠤᠨ ᠰᠢᠨ᠎ᠡ ᠡᠨᠧᠷᠭᠢ ᠶᠢᠨ | ᠠᠵᠤ ᠦᠢᠯᠡᠰ ᠤᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ | ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠵᠠᠬᠢᠷᠭ᠎ᠠ ᠶᠢᠨ ᠳᠡᠳ᠋ ᠳᠠᠷᠤᠭ᠎ᠠ ᠪᠦᠦ ᠶᠧ᠂ ᠶᠦᠨ ᠳ᠋ᠡ ᠡᠨᠧᠷᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ | ᠴᠧᠩ ᠴᠧᠨ ᠭᠤᠸᠠᠩ ᠠᠵᠢᠯᠯᠠᠭ᠎ᠠ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ | ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠪᠠᠶᠠᠷ ᠤᠨ ᠦᠭᠡ ᠬᠡᠯᠡᠵᠡᠶ᠃ | ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠲᠤ᠂ ᠠᠩᠬᠠᠳᠠᠭᠴᠢ ᠮᠠᠰᠢᠨ ᠴᠣᠭᠴᠠᠯᠠᠪᠤᠷᠢ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠪᠥᠬᠦ | ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠪᠴᠢᠶᠡᠵᠢᠯᠲᠡ᠂ ᠰᠠᠭᠤᠷᠢᠨᠵᠢᠯᠲᠠ ᠶᠢᠨ ᠬᠥᠭᠵᠢᠯᠲᠡ ᠶᠢ | ᠬᠥᠲᠥᠯᠦᠨ ᠳᠠᠭᠠᠭᠤᠯᠵᠤ ᠠᠬᠢᠭᠤᠯᠤᠭᠰᠠᠨ ᠪᠥᠭᠡᠳ ᠪᠥᠬᠦ ᠠᠶᠢᠮᠠᠭ ᠤᠨ ᠳ᠋ᠦᠩᠰᠢᠭᠤᠷ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠳᠤ ᠰᠢᠨ᠎ᠡ | ᠬᠦᠴᠦᠲᠡᠶ ᠲᠤᠯᠭᠠᠭᠤᠷᠢᠯᠠᠯ ᠬᠠᠩᠭᠠᠵᠤ᠂ ᠠᠯᠠᠱᠠ ᠵᠡᠭᠦᠨ ᠬᠤᠰᠢᠭᠤᠨ ᠤ ᠣᠷᠣᠨ ᠨᠤᠲᠤᠭ ᠠᠵᠤ ᠠᠬᠤᠶᠢᠯᠠᠯ ᠬᠤᠶᠠᠷ | ᠲᠠᠯ᠎ᠠ ᠶᠢᠨ ᠬᠠᠮᠲᠤᠷᠠᠯᠴᠠᠭ᠎ᠠ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ | ᠪᠠᠶᠢᠨ᠎ᠠ᠃ | ᠠᠯᠠᠱᠠ ᠠᠶᠢᠮᠠᠭ ᠤᠨ ᠶᠦᠨ ᠳ᠋ᠠ ᠱᠧᠩ ᠨᠧᠩ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ | ᠰᠠᠭᠤᠷᠢᠨ ᠭᠠᠵᠠᠷ ᠪᠣᠯ ᠶᠦᠨ ᠳ᠋ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠠᠴᠠ ᠪᠠᠯᠠ | ᠣᠷᠣᠭᠤᠯᠤᠨ ᠪᠦᠲᠦᠭᠡᠨ ᠪᠠᠶᠢᠭᠤᠯᠤᠭᠰᠠᠨ ᠭᠤᠤᠯ ᠮᠠᠰᠢᠨ ᠪᠠ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ | ᠦᠢᠯᠡᠳᠬᠦ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠃ ᠠᠰᠢᠭᠯᠠᠯᠲᠠ ᠳᠤ | ᠣᠷᠣᠭᠰᠠᠨ ᠤ ᠳᠠᠷᠠᠭ᠎ᠠ ᠵᠢᠯ ᠳᠤ 500 ᠰᠠᠭᠤᠷᠢ ︵ᠢᠵᠢ︶ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠤᠣᠯ | ᠮᠠᠰᠢᠨ ︵ᠢᠵᠢ︶ ᠦᠢᠯᠡᠳᠪᠦᠷᠢᠯᠡᠬᠦ ᠪᠠ ᠵᠢᠯ ᠤᠨ ᠦᠢᠯᠡᠳᠪᠦᠷᠢᠯᠡᠬᠦ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ | 200 ᠲᠦᠮᠡᠨ ᠺᠢᠯᠣᠸᠠᠲ ᠴᠠᠭ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠦᠨ᠎ᠡ᠃ | ᠲᠥᠷᠥᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ | ᠥᠷᠲᠡᠭ ᠢ ᠪᠠᠷᠤᠭ 52 ᠳ᠋ᠦᠩᠰᠢᠭᠤᠷ ᠲᠥᠭᠦᠷᠢᠭ ᠪᠡᠶᠡᠯᠡᠭᠦᠯᠵᠦ᠂ 200 ᠭᠠᠷᠤᠢ ᠠᠵᠢᠯ ᠤᠨ ᠪᠠᠶᠢᠷᠢ ᠬᠠᠩᠭᠠᠵᠤ | ᠪᠣᠯᠤᠨ᠎ᠠ᠃ | ᠣᠶᠢᠷ᠎ᠠ ᠶᠢᠨ ᠵᠢᠯ ᠠᠴᠠ᠂ ᠤᠯᠤᠰ ᠤᠨ ︽ ᠡᠯᠡᠰᠦ ᠮᠠᠩᠬ᠎ᠠ᠂ ᠭᠤᠪᠢ᠂ ᠲᠠᠴᠢᠷ ᠴᠦᠯ︾ ᠤᠨ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠵᠠᠪᠳᠣᠵᠣ᠂ ᠠᠯᠠᠱᠠ ᠵᠡᠭᠦᠨ ᠬᠤᠰᠢᠭᠤ ᠨᠢᠭᠡ ᠭᠤᠤᠯ ᠰᠢᠵᠢᠮ ᠢ | ᠲᠤᠤᠱᠯᠠᠭᠤᠯᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ | ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ︽157︾ ᠰᠡᠳᠬᠢᠮᠵᠢ ᠪᠠᠷ ᠵᠢᠯᠣᠭᠤᠳᠤᠮᠵᠢ ᠪᠣᠯᠭᠠᠵᠤ᠂ ︽ | ᠵᠢᠷᠭᠤᠭᠠᠨ ᠭᠤᠷᠪᠠ︾ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠣᠬᠢᠷᠲᠤᠯ ᠥᠬᠡᠶ ᠴᠠᠬᠢᠯᠭᠠᠨ ᠤ ᠬᠡᠪᠴᠢᠶ᠎ᠡ ᠶᠢ | ᠪᠤᠵᠠᠭᠠᠶᠢᠷᠠᠭᠤᠯᠬᠤ᠂ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠬᠦ᠂ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢᠨ | ᠲᠣᠭᠤᠷᠢᠨ ᠳᠤ ᠲᠥᠪᠯᠡᠷᠡᠭᠦᠯᠦᠨ ᠬᠦᠴᠦᠯᠡᠵᠦ᠂ ᠰᠢᠨ᠎ᠡ ᠡᠨᠧᠷᠭᠢ ᠶᠢᠨ ᠠᠵᠤ ᠦᠢᠯᠡᠰ ᠪᠥᠬᠦ ᠲᠠᠯ᠎ᠠ ᠪᠠᠷ ᠰᠢᠨ᠎ᠡ | ᠬᠥᠭᠵᠢᠯᠲᠡ ᠶᠢᠨ ᠱᠠᠲᠤᠨ ᠳᠤ ᠣᠷᠣᠪᠠ᠃ |