| ᠡᠯᠡᠰᠦᠨ ᠴᠦᠯ ᠤᠨ ᠰᠦᠷᠯᠢᠭ ᠰᠠᠶᠢᠬᠠᠨ ᠥᠩᠭᠡ ᠦᠵᠡᠮᠵᠢ ᠬᠢᠭᠡᠳ ᠥᠩᠭᠡ ᠢᠯᠭᠠᠷᠠᠭᠰᠠᠨ ᠠᠯᠠᠱᠠ ᠵᠡᠭᠦᠨ | ᠬᠤᠰᠢᠭᠤᠨ ᠤ ᠭᠦᠨ ᠵᠤᠵᠠᠭᠠᠨ ᠰᠣᠶᠣᠯ ᠤᠨ ᠠᠭᠤᠯᠬᠤᠨ ᠢ ᠰᠦᠪᠡᠭᠴᠢᠯᠡᠬᠦ ᠰᠠᠨᠠᠭ᠎ᠠ ᠲᠠᠢ ᠤᠤ︖ ᠲᠡᠭᠡᠪᠡᠯ ᠪᠢᠳᠡ | ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠪᠦᠯᠦᠭᠯᠡᠯ ᠺᠣᠮᠫᠠᠨᠢ ᠶᠢᠨ ︽ᠰᠦᠷᠯᠢᠭ ᠰᠠᠶᠢᠬᠠᠨ ᠠᠯᠠᠱᠠ | ᠠᠭᠤᠯᠠ ᠲᠠᠩᠰᠤᠭ ᠰᠠᠶᠢᠬᠠᠨ ᠠᠯᠠᠱᠠ ᠵᠡᠭᠦᠨ ᠬᠤᠰᠢᠭᠤ︾ ᠶᠢᠨ ᠭᠤᠤᠯ ᠰᠡᠳᠦᠪᠲᠦ ᠲᠠᠨᠢᠯᠴᠠᠭᠤᠯᠭ᠎ᠠ ᠶᠢᠨ | ᠬᠤᠷᠠᠯ ᠢ ᠳᠠᠭᠠᠵᠤ᠂ ᠬᠠᠮᠲᠤ ᠪᠠᠷ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠵᠤ᠂ ᠬᠠᠮᠲᠤ ᠪᠠᠷ ᠰᠢᠨ᠎ᠡ | ᠠᠶᠠᠨ ᠵᠠᠮ ᠢᠶᠠᠨ ᠡᠬᠢᠯᠡᠭᠦᠯᠦᠶ᠎ᠡ᠃ | 3 ᠰᠠᠷ᠎ᠠ ᠶᠢᠨ 3 ᠤ ᠡᠳᠦᠷ᠂ ᠠᠩᠬᠠᠳᠠᠭᠴᠢ ︽ᠰᠦᠷᠯᠢᠭ ᠰᠠᠶᠢᠬᠠᠨ ᠠᠯᠠᠱᠠ ᠠᠭᠤᠯᠠᠨ ᠲᠠᠩᠰᠤᠭ ᠰᠠᠶᠢᠬᠠᠨ | ᠠᠯᠠᠱᠠ ᠵᠡᠭᠦᠨ ᠬᠤᠰᠢᠭᠤ︾ ᠶᠢᠨ ᠭᠤᠤᠯ ᠰᠡᠳᠦᠪᠲᠦ ᠲᠠᠨᠢᠯᠴᠠᠭᠤᠯᠭ᠎ᠠ ᠶᠢᠨ ᠬᠤᠷᠠᠯ ᠠᠨᠾᠦ᠋ᠢ ᠮᠤᠵᠢ ᠶᠢᠨ ᠾᠧᠹᠸᠢ | ᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠵᠤ᠂ 3 ᠰᠠᠷ᠎ᠠ ᠶᠢᠨ 5 ᠤ ᠡᠳᠦᠷ ᠪᠠᠰᠠ ᠬᠤᠪᠧᠶ ᠮᠤᠵᠢ ᠶᠢᠨ ᠦᠬᠠᠨ | ᠬᠤᠲᠠ ᠳᠤ ᠬᠦᠷᠴᠦ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ | ᠤᠯᠤᠰ ᠤᠨ ᠡᠯ᠎ᠡ ᠭᠠᠵᠠᠷ ᠠᠴᠠ ᠢᠷᠡᠭᠰᠡᠨ 300 ᠵᠢᠭᠤᠯᠴᠢᠯᠠᠯ ᠤᠨ ᠬᠤᠳᠠᠯᠳᠤᠭᠠᠴᠢᠨ᠂ ᠰᠤᠳᠤᠯᠤᠨ ᠰᠤᠷᠤᠯᠴᠠᠬᠤ | ᠪᠠᠶᠢᠭᠤᠯᠤᠮᠵᠢ᠂ ᠥᠪᠡᠰᠦᠪᠡᠨ ᠲᠡᠷᠭᠡ ᠵᠢᠯᠣᠭᠤᠳᠤᠨ ᠵᠤᠭᠠᠴᠠᠬᠤ ᠬᠥᠮᠦᠰ ᠵᠢᠴᠢ ᠰᠣᠨᠢᠨ ᠮᠡᠳᠡᠭᠡᠨ ᠤ | ᠵᠠᠭᠤᠴᠢᠯᠠᠭᠤᠷ ᠤᠨ ᠺᠣᠮᠫᠠᠨᠢ ᠵᠡᠷᠭᠡ ᠣᠯᠠᠨ ᠲᠠᠯ᠎ᠠ ᠶᠢᠨ ᠬᠦᠮᠦᠰ ᠣᠷᠣᠯᠴᠠᠪᠠ᠃ | ᠲᠠᠨᠢᠯᠴᠠᠭᠤᠯᠭ᠎ᠠ ᠶᠢᠨ ᠬᠤᠷᠠᠯ ᠨᠢ ᠡᠬᠢ ᠪᠠᠶᠠᠯᠢᠭ ᠢ ᠳᠡᠯᠭᠡᠨ ᠦᠵᠡᠭᠦᠯᠬᠦ᠂ ᠰᠣᠶᠣᠯ ᠢ ᠪᠡᠶᠡᠴᠢᠯᠡᠨ ᠣᠶᠢᠯᠠᠭᠠᠬᠤ᠂ | ᠬᠠᠮᠲᠤᠷᠠᠯᠴᠠᠭᠠᠨ ᠤ ᠭᠡᠷ᠎ᠡ ᠲᠣᠭᠲᠠᠬᠤ ᠭᠤᠷᠪᠠᠨ ᠬᠡᠰᠡᠭ ᠢᠶᠠᠷ ᠪᠦᠷᠢᠯᠳᠦᠪᠡ᠃ ᠠᠯᠠᠱᠠ ᠵᠡᠭᠦᠨ ᠬᠤᠰᠢᠭᠤᠨ ᠤ | ᠰᠣᠶᠣᠯ ᠵᠢᠭᠤᠯᠴᠢᠯᠠᠯ ᠤᠨ ᠪᠦᠯᠦᠭᠯᠡᠯ ᠺᠣᠮᠫᠠᠨᠢ ᠲᠤᠬᠠᠶ ᠶᠢᠨ ᠭᠠᠵᠠᠷ ᠤᠨ ᠪᠠᠶᠢᠭᠠᠯᠢ ᠶᠢᠨ ᠦᠵᠡᠮᠵᠢ᠂ ᠲᠡᠦᠬᠡ ᠰᠣᠶᠣᠯ | ᠂ ᠰᠦᠯᠵᠢᠶᠡᠨ ᠳᠡᠭᠡᠷᠡᠬᠢ ᠣᠳᠣ ᠤᠳ ᠤᠨ ᠣᠴᠢᠵᠤ ᠪᠠᠶᠢᠭ᠎ᠠ ᠭᠠᠵᠠᠷ᠂ ᠠᠷᠠᠳ ᠤᠨ ᠵᠠᠩ ᠦᠢᠯᠡ᠂ ᠪᠣᠳᠠᠰ ᠤᠨ | ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠵᠡᠷᠭᠡ ᠣᠨᠴᠠᠯᠢᠭᠲᠤ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ | ᠡᠬᠢ ᠪᠠᠶᠠᠯᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠣᠯᠠᠨ ᠵᠦᠢᠯ ᠤᠨ ᠦᠵᠡᠮᠵᠢ ᠶᠢᠨ ᠣᠷᠣᠨ ᠤ ᠡᠭᠦᠳᠡᠨ | ᠪᠢᠯᠧᠲ᠂ ᠪᠠᠭᠤᠳᠠᠯ᠂ ᠬᠤᠭᠤᠯᠠᠨ ᠤ ᠪᠠᠭᠴᠠ ᠶᠢ ᠬᠤᠳᠠᠯᠳᠤᠬᠤ ᠶᠢᠨ ᠬᠠᠮᠲᠤ ᠲᠤᠬᠠᠶ ᠶᠢᠨ ᠲᠠᠯᠠᠪᠠᠶ ᠳᠤ | ᠾᠧᠹᠸᠢ ᠶᠢᠨ ᠣᠯᠠᠨ ᠵᠢᠭᠤᠯᠴᠢᠯᠠᠯ ᠤᠨ ᠬᠤᠷᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠪᠠ᠃ | ᠲᠣᠰ ᠤᠳᠠᠭᠠᠨ ᠤ ︽ ᠰᠦᠷᠯᠢᠭ ᠰᠠᠶᠢᠬᠠᠨ ᠠᠯᠠᠱᠠ ᠠᠭᠤᠯᠠᠨ ᠲᠠᠩᠰᠤᠭ ᠰᠠᠶᠢᠬᠠᠨ ᠠᠯᠠᠱᠠ ᠵᠡᠭᠦᠨ ᠬᠤᠰᠢᠭᠤ | ︾ ᠶᠢᠨ ᠭᠤᠤᠯ ᠰᠡᠳᠦᠪᠲᠦ ᠲᠠᠨᠢᠯᠴᠠᠭᠤᠯᠭ᠎ᠠ ᠶᠢᠨ ᠬᠤᠷᠠᠯ ᠪᠣᠯ ᠠᠯᠠᠱᠠ ᠵᠡᠭᠦᠨ ᠬᠤᠰᠢᠭᠤᠨ ᠤ ᠰᠣᠶᠣᠯ | ᠵᠢᠭᠤᠯᠴᠢᠯᠠᠯ ᠤᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠪᠦᠯᠦᠭᠯᠡᠯ ᠺᠣᠮᠫᠠᠨᠢ ᠪᠥᠬᠦ | ᠤᠯᠤᠰ ᠤᠨ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ ᠪᠠᠨ ᠲᠦᠷᠭᠡᠳᠬᠡᠵᠦ᠂ ᠵᠣᠴᠢᠨ ᠤ ᠢᠷᠡᠯᠲᠡ ᠶᠢᠨ ᠵᠠᠬ᠎ᠠ | ᠳᠡᠯᠭᠡᠭᠦᠷ ᠢ ᠢᠳᠡᠪᠬᠢᠲᠡᠶ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠶᠤᠮ᠃ ᠡᠭᠦᠨ ᠢᠶᠠᠷ ᠰᠢᠨ᠎ᠡ ᠭᠠᠷᠤᠭ᠎ᠠ ᠪᠣᠯᠭᠠᠵᠤ᠂ | ᠵᠠᠮ ᠱᠤᠭᠤᠮ ᠤᠨ ᠦᠢᠯᠡᠳᠬᠦᠨ ᠢ ᠰᠤᠳᠤᠯᠤᠨ ᠨᠡᠭᠡᠭᠡᠬᠦ ᠪᠠ ᠰᠢᠯᠢᠳᠡᠭᠵᠢᠭᠦᠯᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠤᠵᠢ ᠣᠷᠣᠨ | ᠠᠯᠤᠰᠯᠠᠨ ᠵᠣᠴᠢᠳ ᠢ ᠬᠥᠲᠥᠯᠦᠨ ᠳᠠᠭᠠᠭᠤᠯᠬᠤ ᠲᠣᠭᠲᠠᠴᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠥᠬᠦ | ᠵᠢᠯ ᠤᠨ ᠦᠵᠡᠮᠵᠢ ᠶᠢᠨ ᠣᠷᠣᠨ ᠤ ᠭᠥᠯᠢᠶᠡᠨ ᠠᠪᠬᠤ ᠬᠢᠷᠢ ᠲᠦᠪᠰᠢᠨ ᠢ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠵᠤ᠂ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠥᠬᠦ ᠤᠯᠤᠰ ᠤᠨ | ᠬᠡᠪᠴᠢᠶᠡᠨ ᠳᠤ ᠬᠡᠷᠡᠯ ᠭᠢᠯᠪᠠᠭ᠎ᠠ ᠪᠠᠨ ᠨᠡᠩ ᠢᠯᠡᠭᠦᠦ ᠰᠠᠴᠤᠷᠠᠭᠤᠯᠤᠨ᠎ᠠ᠃ | ᠵᠠᠯᠭᠠᠭᠠᠳ᠂ ᠲᠠᠨᠢᠯᠴᠠᠭᠤᠯᠭ᠎ᠠ ᠶᠢᠨ ᠬᠤᠷᠠᠯ ᠨᠢ ᠦᠬᠠᠨ᠂ ᠬᠠᠩᠵᠧᠦ᠂ ᠱᠠᠩᠬᠠᠶ᠂ ᠭᠤᠸᠠᠩᠵᠧᠦ᠂ ᠴᠧᠩᠳᠦ᠋ | ᠵᠡᠷᠭᠡ 16 ᠬᠤᠲᠠ ᠳᠤ ᠬᠦᠷᠴᠦ᠂ ᠠᠯᠠᠱᠠ ᠵᠡᠭᠦᠨ ᠬᠤᠰᠢᠭᠤᠨ ᠤ ᠥᠪᠡᠷᠮᠢᠴᠡ ᠷᠢᠳᠢ ᠰᠢᠳᠢ ᠶᠢ ᠬᠠᠮᠲᠤ ᠪᠠᠷ | ᠰᠣᠨᠢᠷᠬᠠᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠎ᠠ᠃ | | | | | | | |