ᠠᠯᠠᠱᠠ ᠵᠡᠭᠦᠨ ᠬᠤᠰᠢᠭᠤ ᠤᠰᠤ ᠠᠷᠪᠢᠯᠠᠬᠤ ᠮᠡᠳᠡᠯᠭᠡ ᠤᠬᠠᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/18
    3 ᠰᠠᠷ᠎ᠠ ᠶᠢᠨ 22 ᠎ ᠤᠨ ᠡᠳᠦᠷ᠂  ᠠᠯᠠᠱᠠ ᠠᠶᠢᠮᠠᠭ ᠤᠨ 2025 ᠣᠨ ᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠣ ᠤᠯᠤᠰ ᠤᠨ ᠤᠰᠤᠨ ᠤ ᠭᠠᠷᠠᠭ︾᠎ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠡᠬᠡᠪᠡᠷ ᠡᠬᠢᠯᠡᠪᠡ᠃  ᠡᠨᠡ ᠤᠳᠠᠭᠠᠨ ᠤ ᠠᠵᠢᠯᠯᠠᠭ᠎ᠠ ᠶᠢ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠤ᠂ ᠠᠯᠠᠱᠨ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠯᠠᠱᠨ ᠦᠬᠠᠢ ᠶᠢᠨ ᠤᠰᠤᠨ ᠵᠦᠢ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠵᠢᠯᠴᠠᠨ ᠡᠷᠭᠢᠯᠡᠵᠤ᠂ ᠤᠰᠤ ᠶᠢ ᠭᠠᠮᠨᠠᠨ ᠠᠷᠪᠢᠯᠠᠬᠤ ᠦᠵᠡᠯᠲᠡ ᠶᠢ ᠤᠯᠠᠮ ᠴᠢᠨᠠᠭᠰᠢᠳᠠ ᠤᠯᠠᠮᠵᠢᠯᠠᠵᠤ᠂ ᠨᠡᠶᠢᠭᠡᠮ ᠳᠠᠶᠠᠭᠠᠷ ᠤᠨ ᠤᠰᠤ ᠶᠢ ᠬᠠᠶᠢᠷᠠᠯᠠᠵᠤ ᠤᠰᠤ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠯᠠᠭᠤᠴᠤᠳ ᠪᠠᠭᠠᠴᠤᠳ ᠤᠨ ᠤᠰᠤ ᠠᠷᠪᠢᠯᠠᠬᠤ ᠡᠯᠴᠢᠨ ᠰᠠᠶᠢᠳ ᠲᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠤᠰᠤ ᠠᠷᠪᠢᠯᠠᠬᠤ ᠡᠯᠴᠢᠨ ᠰᠠᠶᠢᠳ ᠤᠨ ᠲᠥᠯᠥᠭᠡᠯᠡᠭᠴᠢ ᠤᠰᠤ ᠠᠷᠪᠢᠯᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠤᠯᠠᠨ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠤᠰᠤᠯ ᠤᠰᠤ ᠨᠢᠭᠡᠪᠦᠷᠢ ᠶᠢ ᠨᠠᠨᠳᠢᠩᠨᠠᠬᠤ ᠶᠢ ᠤᠷᠢᠶᠠᠯᠠᠪᠠ᠃ ᠪᠠᠰᠠ 2025 ᠣᠨ ᠤ ᠤᠰᠤ ᠠᠷᠪᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠰᠢᠯᠭᠠᠷᠠᠭᠤᠯᠤᠭᠰᠠᠨ ᠨᠢᠭᠡᠴᠡ ᠳᠤ ᠲᠤᠭ ᠣᠯᠭᠤᠵᠤ᠂ ᠤᠰᠤ ᠠᠷᠪᠢᠯᠠᠬᠤ ᠬᠠᠷᠢᠭᠤᠴᠠᠯᠭ᠎ᠠ ᠶᠢ ᠡᠭᠦᠷᠭᠡᠯᠡᠪᠡ᠃
   ᠡᠭᠦᠨ ᠠᠴᠠ ᠭᠠᠳᠠᠨ᠎ᠠ᠂ ᠡᠯ᠎ᠡ ᠤᠬᠠᠭᠤᠯᠬᠤ ᠨᠢᠭᠡᠴᠡ ᠶᠢᠨ ᠡᠩᠨᠡᠭᠡ ᠨᠢ ᠳᠡᠯᠭᠡᠨ ᠦᠵᠡᠭᠦᠯᠬᠦ ᠪᠠᠶᠢᠷᠢ ᠶᠢᠨ ᠵᠣᠬᠢᠶᠠᠨ ᠪᠠᠶᠢᠭᠤᠯᠤᠯᠲᠠ ᠳᠤ ᠦᠳᠲᠡᠷ ᠲᠦᠷᠭᠡᠨ ᠲᠥᠪᠯᠡᠷᠡᠭᠦᠯᠦᠨ ᠤᠬᠠᠭᠤᠯᠵᠤ᠂ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠢ ᠬᠠᠯᠠᠭᠤᠮᠰᠤᠭ ᠢᠶᠠᠷ ᠲᠠᠷᠬᠠᠭᠠᠵᠤ᠂ ᠠᠭᠤᠯᠭ᠎ᠠ ᠨᠢ ︽ᠤᠰᠤᠨ ᠤ ᠬᠠᠤᠯᠢ︾᠂ ︽ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠵᠡᠷᠭᠡ ᠤᠰᠤᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠬᠠᠮᠤᠷᠴᠠᠢ᠃ ᠤᠬᠠᠭᠤᠯᠭ᠎ᠠ ᠶᠢᠨ ᠠᠵᠢᠯᠯᠠᠭ᠎ᠠ ᠶᠢᠨ ᠬᠠᠮᠲᠤ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠪᠠᠰᠠ ᠬᠡᠦᠬᠡᠳ ᠤᠨ ᠰᠣᠨᠢᠷᠬᠠᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠪᠢᠴᠢᠬᠠᠨ ᠨᠠᠶᠢᠵᠠ ᠨᠠᠷ ᠢᠳᠡᠪᠬᠢᠲᠡᠶ ᠣᠷᠣᠯᠴᠠᠵᠤ᠂ ᠨᠠᠭᠠᠳᠤᠮ ᠲᠣᠭᠯᠠᠭᠠᠮ ᠪᠠ ᠣᠶᠢᠯᠠᠭᠠᠯᠲᠠ ᠶᠢᠨ ᠳᠤᠮᠳᠠ ᠤᠰᠤᠨ ᠤ ᠡᠬᠢ ᠪᠠᠶᠠᠯᠢᠭ ᠢ ᠰᠤᠷᠤᠯᠴᠠᠭᠰᠠᠨ ᠪᠦᠭᠡᠳ ᠠᠮᠢᠳᠤᠷᠠᠯ ᠤᠨ ᠳᠤᠮᠳᠠ ᠤᠰᠤ ᠶᠢ ᠬᠡᠷᠬᠢᠨ ᠠᠷᠪᠢᠯᠠᠨ ᠬᠡᠷᠡᠭᠯᠡᠬᠦ ᠲᠤᠬᠠᠶ ᠰᠤᠷᠤᠯᠴᠠᠪᠠ᠂ ᠴᠥᠭᠡᠨ ᠪᠤᠰᠤ ᠬᠡᠦᠬᠡᠳ ᠭᠡᠷ ᠲᠡᠭᠡᠨ ᠬᠠᠷᠢᠭᠰᠠᠨ ᠤ ᠳᠠᠷᠠᠭ᠎ᠠ ᠠᠪᠤ ᠡᠵᠢ ᠳᠡᠭᠡᠨ ᠤᠰᠤ ᠶᠢ ᠠᠷᠪᠢᠯᠠᠨ ᠭᠠᠮᠨᠠᠬᠤ ᠶᠢ ᠰᠠᠨᠠᠭᠤᠯᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号