ᠠᠯᠠᠱᠠ ᠵᠡᠭᠦᠨ ᠬᠤᠰᠢᠭᠤ᠄ ᠨᠠᠮ ᠤᠨ ᠪᠠᠶᠢᠭᠤᠯᠤᠯᠲᠠ ᠪᠠ ᠠᠵᠤ ᠠᠬᠤᠶᠢᠯᠠᠯ ᠬᠠᠮᠲᠤ ᠳᠤ ᠪᠠᠨ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/4/18
    ᠠᠯᠠᠱᠠ ᠵᠡᠭᠦᠨ ᠬᠤᠰᠢᠭᠤᠨ ᠤ ᠬᠤᠶᠠᠷ ᠰᠢᠨ᠎ᠡ ᠠᠵᠢᠯ ᠤᠨ ᠵᠥᠪᠯᠡᠯ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠦᠴᠦᠨ ᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠶᠠᠳᠠᠭᠤ ᠶᠢ ᠲᠡᠳᠬᠦᠬᠦ ᠬᠥᠳᠡᠯᠭᠡᠬᠦ ᠬᠦᠴᠦᠨ ᠪᠣᠯᠭᠠᠨ ᠠᠮᠵᠢᠯᠲᠠᠲᠠᠶ ᠬᠤᠪᠢᠷᠠᠭᠤᠯᠵᠤ᠂ ︽ᠨᠠᠮ ᠤᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠥᠲᠥᠯᠦᠨ ᠳᠠᠭᠠᠭᠤᠯᠵᠤ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠬᠠᠪᠰᠤᠷᠬᠤ︾ ᠥᠪᠡᠷᠮᠢᠴᠡ ᠵᠠᠮ ᠢᠶᠠᠷ ᠵᠠᠮᠨᠠᠵᠤ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠳᠤ ᠬᠦᠴᠦᠷᠬᠡᠭ ᠶᠡᠭᠡ ᠬᠦᠴᠦᠨ ᠨᠡᠮᠡᠷᠢᠯᠡᠪᠡ᠃
         2015 ᠣᠨ ᠳᠤ᠂ ᠠᠯᠠᠱᠠ ᠠᠶᠢᠮᠠᠭ ᠤᠨ ᠱᠧᠩ ᠬᠤᠶ ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠷ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠪᠠ᠃ ᠠᠯᠠᠱᠠ ᠵᠡᠭᠦᠨ ᠬᠤᠰᠢᠭᠤᠨ ᠤ ᠬᠤᠶᠠᠷ ᠰᠢᠨ᠎ᠡ ᠠᠵᠢᠯ ᠤᠨ ᠵᠥᠪᠯᠡᠯ ᠤᠨ ᠵᠢᠯᠤᠭᠤᠳᠤᠯᠭ᠎ᠠ ᠪᠠ ᠳᠡᠮᠵᠢᠯᠭᠡ ᠳᠣᠤᠷ᠎ᠠ᠂ ᠺᠣᠮᠫᠠᠨᠢ ᠠᠴᠠ ᠰᠢᠨᠡᠲᠣᠬᠤᠢ ᠭᠠᠴᠠᠭᠠᠨ ᠤ 50 ᠮᠠᠯᠴᠢᠨ ᠲᠠᠷᠢᠶᠠᠴᠢᠨ ᠤ ᠭᠡᠷ ᠤᠨ ᠣᠷᠣᠶ᠂ ᠬᠦᠷᠢᠶ᠎ᠡ ᠬᠠᠰᠢᠶᠠᠨ ᠳᠤ ᠬᠡᠷᠡᠯ ᠴᠡᠨᠡᠭ ᠤᠨ ᠰᠢᠰᠲ᠋ᠧᠮ ᠤᠭᠰᠠᠷᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠲᠣᠰᠬᠤᠨ ᠤ ᠲᠠᠷᠬᠠᠯᠲᠠ ᠶᠢᠨ ᠬᠡᠯᠪᠡᠷᠢ ᠶᠢᠨ ᠲᠥᠷᠥᠯ ᠵᠦᠢᠯ ᠢ ᠪᠠᠶᠢᠭᠤᠯᠪᠠ᠃ ᠡᠨᠡ ᠬᠦ ᠲᠥᠷᠥᠯ ᠵᠦᠢᠯ ᠨᠢ ᠮᠠᠯᠴᠢᠨ ᠲᠠᠷᠢᠶᠠᠴᠢᠨ ᠤ ᠠᠮᠢᠳᠤᠷᠠᠯ ᠤᠨ ᠬᠦᠴᠢᠷ ᠠᠰᠠᠭᠤᠳᠠᠯ ᠢ ᠣᠨᠣᠪᠴᠢᠲᠠᠶ  ᠰᠢᠢᠳᠪᠦᠷᠢᠯᠡᠵᠤ᠂ ᠮᠠᠯᠴᠢᠨ ᠲᠠᠷᠢᠶᠠᠴᠢᠨ ᠳᠤ ᠲᠣᠭᠲᠠᠭᠤᠨ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠳᠤ ᠬᠥᠭᠵᠢᠯᠲᠡ ᠶᠢᠨ ᠠᠰᠢᠭ ᠲᠤᠰᠠ ᠶᠢ ᠨᠠᠩ ᠢᠯᠡᠭᠦᠦ ᠬᠦᠷᠲᠡᠭᠡᠬᠦ ᠶᠢᠨ ᠲᠥᠯᠥᠭᠡ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠭᠰᠠᠨ ᠤ ᠠᠰᠢᠭ ᠣᠯᠵᠠᠪᠤᠷᠢ ᠶᠢ ᠭᠠᠷᠭᠠᠪᠠᠯ᠂ ᠵᠢᠯ ᠪᠦᠷᠢ ᠡᠷᠦᠬᠡ ᠪᠦᠷᠢ ᠪᠠᠰᠠ 3000 ᠲᠥᠭᠦᠷᠢᠭ ᠤᠨ ᠨᠥᠬᠦᠪᠥᠷᠢ ᠤᠯᠬᠤ ᠪᠥᠭᠡᠳ ᠡᠨᠡ ᠬᠦ ᠨᠥᠬᠦᠪᠥᠷᠢ ᠶᠢ 20 ᠵᠢᠯ ᠦᠷᠭᠦᠯᠵᠢᠯᠡᠬᠦ ᠪᠣᠯᠤᠨ᠎ᠠ᠃ ᠥᠩᠭᠡᠷᠡᠭᠰᠡᠨ ᠳᠤ᠂ ᠮᠠᠯᠴᠢᠨ ᠲᠠᠷᠢᠶᠠᠴᠢᠨ ᠡᠨᠡ ᠬᠦ ᠭᠠᠵᠠᠷ ᠰᠢᠷᠣᠶ ᠶᠢ ᠰᠠᠬᠢᠵᠤ ᠭᠡᠳᠡᠰᠦ ᠪᠠᠨ ᠪᠣᠷᠣᠯᠠᠭᠤᠯᠳᠠᠭ ᠪᠠᠶᠢᠭᠰᠠᠨ ᠪᠣᠯ ᠣᠳᠣ᠂ ᠬᠡᠷᠡᠯ ᠴᠡᠨᠡᠭ ᠤᠨ ᠠᠵᠤ ᠦᠢᠯᠡᠰ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠤ ᠪᠠᠶᠠᠵᠢᠯ ᠤᠨ ᠵᠠᠮ ᠢ ᠭᠡᠷᠡᠯᠳᠦᠭᠦᠯᠪᠡ᠃         ᠠᠯᠠᠱᠠ ᠠᠶᠢᠮᠠᠭ ᠤᠨ ᠱᠧᠩ ᠬᠤᠶ ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠠᠳᠠᠭᠤ ᠶᠢ ᠲᠡᠳᠬᠦᠵᠦ ᠬᠦᠴᠢᠷᠳᠡᠯ ᠢ ᠬᠠᠪᠰᠤᠷᠬᠤ ᠬᠦᠷᠢᠶᠡᠨ ᠳᠤ ᠣᠯᠤᠭᠰᠠᠨ ᠢᠯᠡᠳᠲᠡ ᠦᠷ᠎ᠡ ᠪᠦᠲᠦᠮᠵᠢ ᠨᠢ ᠠᠯᠠᠱᠠ ᠵᠡᠭᠦᠨ ᠬᠤᠰᠢᠭᠤᠨ ᠤ ᠬᠤᠶᠠᠷ ᠰᠢᠨ᠎ᠡ ᠠᠵᠢᠯ ᠤᠨ ᠵᠥᠪᠯᠡᠯ ᠤᠨ ᠢᠳᠡᠪᠬᠢᠲᠡᠶ ᠠᠬᠢᠭᠤᠯᠤᠯ ᠠᠴᠠ ᠰᠠᠯᠵᠤ ᠴᠢᠳᠠᠬᠤ ᠥᠬᠡᠶ ᠶᠤᠮ᠃ ᠠᠯᠠᠱᠠ ᠵᠡᠭᠦᠨ ᠬᠤᠰᠢᠭᠤᠨ ᠤ ᠬᠤᠶᠠᠷ ᠰᠢᠨ᠎ᠡ ᠠᠵᠢᠯ ᠤᠨ ᠵᠥᠪᠯᠡᠯ ᠣᠨᠤᠴᠠᠲᠠᠢ ᠬᠦᠴᠦᠯᠡᠵᠦ᠂ ᠠᠯᠠᠱᠠ ᠠᠶᠢᠮᠠᠭ ᠤᠨ ᠱᠧᠩ ᠬᠤᠢ ᠡᠨᠧᠷᠭᠢ ᠶᠢᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠶᠢᠯᠠᠯ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠠᠵᠤ ᠠᠬᠤᠶᠢᠯᠠᠯ ᠳᠤ ᠬᠦᠴᠦᠷᠬᠡᠭ ᠶᠡᠭᠡ ᠬᠤᠪᠢᠰᠬᠠᠯᠲᠤ ᠬᠥᠳᠡᠯᠭᠡᠬᠦ ᠬᠦᠴᠦᠨ ᠨᠡᠮᠡᠷᠢᠯᠡᠪᠡ᠃ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ ᠤ ᠳᠠᠷᠠᠭ᠎ᠠ᠂ ︽ᠠᠵᠤ ᠠᠬᠤᠶᠢᠯᠠᠯ ᠶᠠᠳᠠᠭᠤ ᠬᠦᠴᠢᠷᠳᠡᠯᠲᠡᠶ ᠡᠷᠦᠬᠡ︾ ᠶᠢᠨ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠲᠠᠪᠴᠠᠩ ᠢ ᠦᠳᠲᠡᠷ ᠲᠦᠷᠭᠡᠨ ᠪᠠᠶᠢᠭᠤᠯᠪᠠ᠃ ᠡᠨᠡ ᠬᠦ ᠲᠠᠪᠴᠠᠩ ᠳᠤ ᠲᠦᠰᠢᠭᠯᠡᠨ᠂ ᠠᠵᠤ ᠠᠬᠤᠶᠢᠯᠠᠯ ᠨᠢ ᠶᠠᠳᠠᠭᠤ ᠬᠦᠴᠢᠷᠳᠡᠯᠲᠡᠶ ᠭᠡᠷ ᠪᠦᠯᠢ ᠳᠤ ᠶᠠᠳᠠᠭᠤ ᠠᠴᠠ ᠠᠩᠭᠢᠵᠢᠷᠠᠭᠤᠯᠬᠤ ᠦᠷᠭᠦᠯᠵᠢᠯᠡᠬᠦ᠋ᠢᠴᠡ ᠠᠷᠭ᠎ᠠ ᠵᠠᠮ ᠢ ᠬᠠᠩᠭᠠᠵᠤ᠂ ᠵᠡᠮᠳᠡᠭᠴᠦᠳ ᠲᠤ ᠠᠵᠢᠯ ᠣᠯᠭᠤᠬᠤ ᠲᠣᠬᠢᠶᠠᠯ ᠬᠠᠩᠭᠠᠵᠤ᠂ ᠬᠠᠪᠰᠤᠷᠤᠨ ᠲᠡᠳᠬᠦᠬᠦ ᠠᠵᠢᠯ ᠢ ᠨᠡᠩ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠲᠠᠢ ᠪᠣᠯᠭᠠᠪᠠ᠃ ᠡᠨᠡ ᠬᠦ ᠠᠷᠭ᠎ᠠ ᠬᠡᠮᠵᠢᠶ᠎ᠡ ᠨᠢ ᠣᠨᠴᠠᠭᠠᠶ ᠬᠥᠮᠦᠰ ᠤᠨ ᠠᠮᠢᠳᠤᠷᠠᠯ ᠤᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ᠬᠤᠤᠰ ᠠᠮᠵᠢᠯᠲᠠ ᠶᠢ ᠦᠨᠡᠨ ᠬᠦ ᠪᠡᠶᠡᠯᠡᠭᠦᠯᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号