ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2025/4/2
          ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠣᠨ ᠤ ᠮᠡᠳᠡᠭᠦᠯᠦᠯᠲᠡ ᠶᠢᠨ ᠬᠡᠪ ᠵᠠᠭᠪᠤᠷ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠲᠤᠰ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠠᠢ᠃ ᠪᠦᠭᠦ ᠠᠭᠤᠯᠭ᠎ᠠ ᠶᠢᠨ ᠠᠭᠤᠯᠭ᠎ᠠ ᠳᠤ ᠶᠡᠷᠦᠩᠬᠡᠢ ᠪᠠᠶᠢᠳᠠᠯ᠂ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ᠂ ᠡᠷᠭᠦᠳᠡᠯ ᠤᠨ ᠳᠠᠭᠠᠤ ᠢᠯᠠ ᠲᠣᠳᠣ ᠪᠣᠯᠭᠠᠬᠤ᠂ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ᠂ ᠲᠠᠪᠴᠠᠩ ᠤᠨ ᠪᠠᠶᠢᠭᠤᠯᠤᠯᠲᠠ᠂ ᠬᠢᠨᠠᠯᠲᠠ ᠪᠠᠲᠤᠯᠠᠭ᠎ᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠵᠡᠷᠭᠡ ᠶᠢ ᠪᠠᠭᠲᠠᠭᠠᠵᠤ᠂ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠴᠠᠭ ᠬᠤᠭᠤᠴᠠᠭ᠎ᠠ ᠶᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ ᠬᠢᠵᠠᠭᠠᠷᠯᠠᠨ᠎ᠠ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov cn/︶  ᠠᠴᠠ ᠲᠠᠲᠠᠵᠤ ᠠᠪᠬᠤ ᠪᠣᠯᠣᠮᠵᠢ ᠲᠠᠢ᠂ ᠵᠢᠱᠢᠶᠡᠯᠡᠪᠡᠯ᠂ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠣᠯ᠂ ᠠᠯᠠᠱᠠ ᠵᠡᠭᠦᠨ ᠵᠠᠮ ᠤᠨ ᠲᠡᠭᠡᠭᠡᠪᠦᠷᠢ ᠶᠢᠨ ᠲᠣᠪᠴᠢᠶ᠎ᠠ ᠶᠢᠨ ᠠᠯᠪᠠᠨ ᠭᠡᠷ ᠲᠠᠢ ᠬᠠᠷᠢᠯᠴᠠᠭᠠᠷᠠᠢ ︵ᠳ᠋ᠢᠶᠠᠩᠬᠤᠸᠠ᠄ 0483-8222577︶᠃       ᠨᠢᠭᠡ᠂ ᠲᠣᠶᠢᠮᠣ ᠪᠠᠶᠢᠳᠠᠯ       2024 ᠣᠨ ᠳᠤ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠵᠦᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠠᠢ᠃ ᠦᠢᠯᠡᠴᠢᠯᠡᠭᠡᠨ ᠤ ᠲᠥᠪ ᠤᠨ ᠠᠵᠢᠯ ᠤᠨ ᠲᠣᠭᠤᠷᠢᠨ ᠳᠤ᠂ ᠣᠯᠠᠨ ᠲᠦᠮᠡᠨ ᠤ ᠠᠩᠬᠠᠷᠤᠯ ᠬᠠᠨᠳᠤᠭᠤᠯᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠲᠥᠷᠥ ᠶᠢᠨ ᠪᠣᠳᠣᠯᠭ᠎ᠠ ᠶᠢ ᠢᠯᠠ ᠲᠣᠳᠣ ᠪᠣᠯᠭᠠᠬᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠢᠯᠠ ᠲᠣᠳᠣ ᠪᠣᠯᠭᠠᠬᠤ ᠠᠵᠢᠯ ᠤᠨ ᠰᠠᠭᠤᠷᠢ ᠶᠢ ᠪᠠᠲᠤᠳᠬᠠᠵᠤ᠂ ᠢᠯᠡ ᠲᠣᠳᠣ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠢᠨᠠᠨ ᠬᠠᠮᠢᠶᠠᠷᠬᠤ ᠴᠢᠳᠠᠪᠬᠢ ᠶᠢ ᠴᠢᠩᠭᠠᠳᠬᠠᠵᠤ᠂ ᠵᠠᠮ ᠲᠡᠭᠡᠭᠡᠪᠦᠷᠢ ᠶᠢᠨ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠠᠢ︔ ᠦᠢᠯᠡᠴᠢᠯᠡᠭᠡᠨ ᠤ ᠠᠵᠢᠯ ᠲᠥᠷᠥᠯ ᠠᠮᠤᠷ ᠲᠦᠪᠰᠢᠨ ᠲᠣᠭᠲᠠᠭᠤᠨ ᠪᠠᠶᠢᠵᠤ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠡᠭᠢᠯᠡᠯᠲᠡ ᠶᠢᠨ ᠬᠤᠰᠢᠭᠤᠴᠢ ᠪᠤᠯᠬᠤ ᠪᠠᠷ ᠴᠢᠷᠮᠠᠶᠢᠵᠠᠢ᠃      ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠤᠨ ᠬᠤᠯᠪᠣᠭᠳᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠢᠳᠡᠪᠬᠢᠲᠡᠢ ᠰᠠᠶᠢᠲᠤᠷ ᠭᠦᠢᠴᠡᠳᠬᠡᠵᠦ᠂ ︽ᠭᠤᠷᠪᠠᠨ ᠤᠳᠠᠭ᠎ᠠ ᠬᠢᠨᠠᠵᠤ ᠭᠤᠷᠪᠠᠨ ᠤᠳᠠᠭ᠎ᠠ ᠬᠠᠷᠭᠤᠭᠤᠯᠬᠤ︾ ᠶᠢ ᠴᠢᠩᠭ᠎ᠠ ᠬᠡᠷᠡᠭᠵᠢᠭᠦᠯᠵᠦ᠂ ᠫᠤᠷᠲ᠋ᠧᠯ ᠰᠠᠶᠢᠲ ᠳᠠᠮᠵᠢᠭᠤᠯᠬᠤ ᠪᠦᠭᠦ ᠵᠢᠯ ᠤᠨ ᠰᠢᠨᠡᠳᠬᠡᠯ ᠤᠨ ᠮᠡᠳᠡᠭᠡᠯᠡᠯ ᠨᠡᠶᠢᠲᠡ 26 ᠵᠤᠷᠪᠤᠰ ᠪᠣᠯᠣᠨ᠎ᠠ᠂ ᠡᠭᠦᠨ ᠳᠤ᠄ ᠰᠠᠯᠠᠭ᠎ᠠ ᠮᠥᠴᠢᠷ ᠤᠨ ᠤᠳᠤᠷᠢᠳᠤᠯᠭ᠎ᠠ 2 ᠵᠤᠷᠪᠤᠰ᠂ ᠮᠡᠳᠡᠭᠳᠡᠯ ᠳᠤ ᠠᠯᠪᠠᠨ ᠵᠠᠷ ᠨᠡᠶᠢᠲᠡᠯᠡᠭᠰᠡᠨ 8 ᠵᠤᠷᠪᠤᠰ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ 1 ᠵᠤᠷᠪᠤᠰ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ 2 ᠵᠤᠷᠪᠤᠰ᠂ ᠠᠶᠦᠯᠭᠦᠢ ᠦᠢᠯᠡᠳᠪᠦᠷᠢᠯᠡᠯ ᠤᠨ 1 ᠵᠤᠷᠪᠤᠰ᠂ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ 1 ᠵᠤᠷᠪᠤᠰ᠂ ︽ᠬᠤᠣᠰ ᠲᠠᠰᠢᠷᠠᠮ︾ ᠢ ᠨᠢᠭᠡ ᠢᠯᠡ ᠨᠡᠶᠢᠲᠡᠯᠡᠭᠰᠡᠨ 10 ᠵᠤᠷᠪᠤᠰ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠣᠨ ᠤ ᠮᠡᠳᠡᠭᠦᠯᠦᠯᠲᠡ 1 ᠵᠤᠷᠪᠤᠰ᠂ ᠴᠥᠮ ᠠᠮᠤᠷ ᠲᠦᠪᠰᠢᠨ ᠨᠢᠭᠤᠴᠠ ᠶᠢ ᠵᠠᠳᠠᠷᠠᠭᠤᠯᠤᠭᠰᠠᠨ ᠠᠳᠡᠯ᠂ ᠠᠭᠤᠯᠭ᠎ᠠ ᠨᠢ ᠰᠢᠨᠡᠳᠦᠭᠡᠳᠦᠢ᠂ ᠬᠠᠷᠢᠯᠴᠠᠨ ᠬᠥᠳᠡᠯᠦᠯᠴᠡᠬᠦ ᠬᠠᠷᠢᠭᠤ ᠲᠤᠰᠬᠠᠯ ᠠᠨᠠᠢ ᠵᠡᠷᠭᠡ ᠪᠠᠶᠢᠳᠠᠯ ᠢᠯᠡᠷᠡᠭᠰᠡᠨ ᠦᠭᠡᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠮᠡᠳᠡᠭᠡᠯᠡᠯ ᠢ ᠡᠷᠭᠦᠳᠡᠯ ᠤᠨ ᠳᠠᠭᠠᠤ ᠢᠯᠡ ᠪᠠᠶᠢᠯᠭᠠᠬᠤ ᠠᠵᠢᠯ ᠤᠨ ᠵᠢᠷᠤᠮᠵᠢᠯ︾ ᠢ ᠴᠢᠩᠭ᠎ᠠ ᠨᠠᠶᠢᠳᠠᠪᠤᠷᠢᠵᠢᠭᠤᠯᠵᠤ᠂ ᠡᠷᠭᠦᠳᠡᠯ ᠤᠨ ᠳᠠᠭᠠᠤ ᠢᠯᠡ ᠬᠠᠷᠢᠭᠤᠯᠲᠠ ᠣᠯᠭᠤᠬᠤ ᠶᠢ ᠰᠠᠶᠢᠲᠤᠷ ᠭᠦᠢᠴᠡᠳᠬᠡᠵᠦ᠂ 2024 ᠣᠨ ᠳᠤ᠂ ᠭᠥᠯᠢᠶᠡᠨ ᠠᠪᠤᠭᠰᠠᠨ ᠦᠭᠡᠢ ᠶᠢ ᠨᠢ ᠡᠷᠭᠦᠳᠡᠯ ᠢᠶᠠᠨ ᠦᠨᠳᠦᠰᠦᠯᠡᠨ ᠢᠯᠡ ᠪᠠᠶᠢᠯᠭᠠᠬᠤ ᠬᠡᠷᠡᠭᠲᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       2024 ᠣᠨ ᠳᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠨᠡᠶᠢᠲᠡᠯᠡᠭᠰᠡᠨ ᠦᠭᠡᠢ       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠵᠤ ᠂ ᠲᠤᠰᠬᠠᠢ ᠬᠥᠮᠥᠨ ᠢᠶᠠᠷ ᠨᠢ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ᠮᠡᠳᠡᠭᠡᠯᠡᠯ ᠨᠡᠶᠢᠲᠡᠯᠡᠬᠦ ᠳᠠᠩᠰᠠᠯᠠᠭᠰᠠᠨ ᠢ ᠬᠢᠨᠠᠬᠤ ᠪᠠᠨ ᠴᠢᠩᠭ᠎ᠠ ᠬᠡᠷᠡᠭᠵᠢᠭᠦᠯᠵᠦ᠂ ᠮᠡᠳᠡᠭᠡᠯᠡᠯ ᠤᠨ ᠪᠣᠭᠤᠮᠲᠠ ᠶᠢ ᠴᠢᠩᠭ᠎ᠠ ᠠᠳᠬᠤᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠡᠢ᠃ ᠫᠤᠷᠲ᠋ᠧᠯ ᠰᠦᠯᠵᠢᠶ᠎ᠡ ᠪᠠ ᠸᠢᠴᠠᠲ᠂ ᠲᠠᠪᠴᠠᠩ ᠬᠠᠮᠢᠶᠠᠷᠤᠯᠲᠠ ᠶᠢᠨ ᠠᠵᠢᠯᠲᠠᠨ ᠢ ᠲᠣᠳᠣᠷᠬᠠᠶᠢᠯᠠᠵᠤ᠂ ︽ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︾ ᠶᠢᠨ ᠸᠢᠴᠠᠲ ᠤᠨ ᠲᠠᠪᠴᠠᠩ ᠳᠡᠭᠡᠷ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠤᠭ ᠰᠢᠨ᠎ᠡ ᠪᠠᠶᠢᠳᠠᠯ ᠵᠢᠴᠢ ᠲᠥᠷᠥ ᠶᠢᠨ ᠪᠣᠳᠣᠯᠭ᠎ᠠ ᠵᠡᠷᠭᠡ ᠬᠠᠮᠢᠶ᠎ᠠ ᠪᠦᠬᠦᠢ ᠮᠡᠳᠡᠭᠡᠯᠡᠯ ᠢ ᠴᠠᠭ ᠲᠤᠬᠠᠢ ᠳᠤᠨᠢ ᠨᠡᠶᠢᠲᠡᠯᠡᠵᠦ᠂ ᠠᠵᠤ ᠠᠬᠤᠶᠢᠯᠠᠯ᠂ ᠣᠯᠠᠨ ᠲᠦᠮᠡᠨ ᠲᠠᠢ ᠬᠠᠷᠢᠯᠴᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠠᠢ᠃ 2024 ᠣᠨ ᠳᠤ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠭᠰᠡᠨ ᠮᠡᠳᠡᠭᠡᠯᠡᠯ ᠨᠡᠶᠢᠲᠡ 26 ᠵᠤᠷᠪᠤᠰ ᠪᠠᠶᠢᠵᠤ᠂ ︽ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︾ ᠶᠢᠨ ᠵᠢᠷᠭᠢᠶ᠎ᠡ ᠶᠢᠨ ᠲᠠᠪᠴᠠᠩ ᠨᠡᠶᠢᠲᠡᠯᠡᠭᠰᠡᠨ ᠮᠡᠳᠡᠭᠡᠯᠡᠯ ᠨᠡᠶᠢᠲᠡ 269 ᠵᠤᠷᠪᠤᠰ ᠪᠤᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠰᠦᠯᠵᠢᠶᠡᠨ ᠤ ᠦᠵᠡᠯ ᠤᠬᠠᠮᠰᠠᠷ ᠤᠨ ᠭᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠦᠵᠡᠯ ᠤᠬᠠᠮᠰᠠᠷ ᠤᠨ ᠭᠡᠯᠪᠡᠷᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠤᠬᠠᠭᠤᠯᠭ᠎ᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠵᠤ᠂ ᠠᠵᠢᠯ ᠤᠨ ᠬᠠᠷᠢᠭᠤᠴᠠᠯᠭ᠎ᠠ ᠶᠢ ᠦᠨᠡᠨ ᠪᠣᠳᠠᠲᠠᠢ ᠪᠣᠳᠠᠲᠠᠶᠢᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠬᠢᠨᠠᠨ ᠰᠢᠯᠭᠠᠬᠤ ᠠᠭᠤᠯᠭ᠎ᠠ ᠪᠣᠯᠭᠠᠵᠠᠢ᠃ ᠨᠡᠶᠢᠭᠡᠮ ᠤᠨ ᠦᠨᠡᠯᠡᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠬᠠᠷᠢᠭᠤᠴᠠᠯᠭ᠎ᠠ ᠬᠦᠯᠢᠶᠡᠯᠭᠡᠬᠦ ᠶᠢ ᠴᠢᠩᠭᠠᠳᠬᠠᠨ᠂ ᠮᠡᠳᠡᠭᠡᠯᠡᠯ ᠤᠨ ᠦᠨᠡᠨ ᠪᠣᠳᠠᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨᠬᠦ ᠪᠠᠲᠤᠯᠠᠵᠤ᠂ ᠬᠢᠨᠠᠯᠲᠠ ᠲᠠᠯᠪᠢᠵᠤ ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ       ᠨᠢᠭᠡ ᠳᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠪᠣᠳᠠᠲᠠᠢ ᠥᠷᠨᠢᠭᠦᠯᠵᠦ ᠳᠡᠶᠢᠯᠭᠦ ᠦᠭᠡᠢ ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠣᠷᠣᠨ ᠪᠠᠶᠢᠷᠢ ᠳᠠᠭᠠᠨ ᠣᠷᠣᠭᠤᠯᠤᠭᠰᠠᠨ ᠦᠭᠡᠢ ᠪᠠᠶᠢᠬᠤ ᠨᠢ ᠭᠡᠯᠪᠡᠷᠢ ᠨᠢ ᠳᠠᠩ ᠭᠠᠭᠴᠠ᠂ ᠲᠠᠶᠢᠯᠪᠤᠷᠢᠯᠠᠬᠤ ᠠᠭᠤᠯᠭ᠎ᠠ ᠨᠢ ᠠᠮᠢᠳᠤᠯᠢᠭ ᠪᠤᠰᠤ ᠪᠠᠶᠢᠭ᠎ᠠ ᠳᠤ ᠢᠯᠡᠷᠡᠵᠦ ᠪᠤᠢ᠃ ᠬᠤᠶᠠᠷ ᠲᠤ ᠬᠡᠰᠡᠭ ᠵᠠᠷᠢᠮ ᠢᠯᠠ ᠲᠣᠳᠣ ᠪᠣᠯᠭᠠᠬᠤ ᠮᠡᠳᠡᠭᠡᠯᠡᠯ ᠤᠨ ᠴᠢᠨᠠᠷ ᠴᠢᠨᠰᠠᠭ᠎ᠠ ᠥᠨᠳᠥᠷ ᠪᠤᠰᠤ᠂ ᠲᠣᠳᠣᠷᠬᠠᠢ ᠥᠭᠦᠯᠡᠭᠰᠡᠨ ᠦᠭᠡᠢ᠂ ᠵᠠᠭᠪᠤᠷ  ᠨᠢ ᠵᠢᠷᠤᠮᠵᠢᠯ ᠦᠭᠡᠢ ᠵᠡᠷᠭᠡ ᠠᠰᠠᠭᠤᠳᠠᠯ ᠣᠷᠣᠰᠢᠵᠤ᠂ ᠣᠯᠠᠨ ᠨᠡᠶᠢᠲᠡ ᠶᠢᠨ ᠮᠡᠳᠡᠭᠡᠯᠡᠯ ᠤᠨ ᠣᠶᠢᠯᠠᠭᠠᠯᠲᠠ ᠪᠣᠯᠣᠨ ᠬᠡᠷᠡᠭᠯᠡᠯᠲᠡ ᠶᠢ ᠨᠥᠯᠥᠭᠡᠯᠡᠭᠰᠡᠨ ᠪᠠᠶᠢᠨ᠎ᠠ᠃       ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ       ᠨᠢᠭᠡ ᠳᠤ᠂ ᠢᠯᠡ ᠪᠠᠷ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠳᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠨᠠᠨ ᠬᠠᠷᠭᠤᠭᠤᠯᠬᠤ ᠴᠢᠨᠠᠷ ᠴᠢᠨᠰᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠠᠢ᠃ ᠣᠷᠣᠰᠢᠵᠤ ᠪᠠᠶᠢᠭ᠎ᠠ ᠣᠨᠴᠠ ᠵᠠᠷᠢᠮ ᠮᠡᠳᠡᠭᠡᠯᠡᠯ᠂ ᠪᠢᠴᠢᠭ ᠮᠠᠲ᠋ᠧᠷᠢᠶᠠᠯ ᠢ ᠬᠢᠨᠠᠵᠤ ᠡᠵᠡᠮᠳᠡᠬᠦ ᠨᠢ ᠴᠢᠩᠭ᠎ᠠ ᠪᠤᠰᠤ ᠠᠰᠠᠭᠤᠳᠠᠯ ᠳᠤ ᠴᠢᠭᠯᠡᠭᠦᠯᠦᠨ᠂ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠥᠭᠡᠷᠡᠴᠢᠯᠡᠭᠡᠳ᠂ ᠬᠢᠨᠠᠨ ᠰᠢᠯᠭᠠᠵᠤ ᠦᠨᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠪᠴᠢᠶ᠎ᠠ ᠡᠭᠦᠳᠡ ᠡᠷᠦᠭᠡ ᠰᠦᠯᠵᠢᠶᠡᠨ ᠥᠷᠲᠡᠭᠡ᠂ ᠸᠢᠴᠠᠲ ᠲᠠᠪᠴᠠᠩ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠦᠴᠦᠨ ᠲᠠᠢ ᠬᠤᠭᠤᠴᠠᠭ᠎ᠠ ᠪᠠ ᠴᠢᠨᠠᠷ ᠴᠢᠨᠰᠠᠭ᠎ᠠ ᠶᠢ ᠴᠢᠩᠭᠠᠷᠠᠭᠤᠯᠤᠨ᠂ ᠬᠠᠷᠢᠭᠤᠴᠠᠯᠭ᠎ᠠ ᠶᠢ ᠤᠯᠠᠮ ᠲᠣᠳᠣᠷᠬᠠᠶᠢᠯᠠᠵᠤ᠂ ᠮᠡᠳᠡᠭᠡᠯᠡᠯ ᠢ ᠴᠠᠭ ᠲᠤᠬᠠᠢ ᠳᠤᠨᠢ ᠨᠡᠶᠢᠲᠡᠯᠡᠬᠦ ᠶᠢ ᠪᠠᠲᠤᠯᠠᠬᠤ ᠶᠢᠨ ᠬᠠᠮᠲᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠭᠤᠯᠭ᠎ᠠ ᠶᠢᠨ ᠴᠢᠨᠠᠷ ᠴᠢᠨᠰᠠᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ᠂ ᠦᠰᠦᠭ ᠪᠢᠴᠢᠭ ᠤᠨ ᠠᠯᠳᠠᠰᠢ ᠭᠠᠷᠭᠠᠬᠤ ᠶᠢ ᠬᠤᠷᠢᠭᠯᠠᠵᠤ᠂ ᠳᠦᠷᠢᠮ ᠢᠶᠠᠷ ᠵᠢᠷᠤᠮᠵᠢᠭᠤᠯᠬᠤ᠂ ᠵᠢᠷᠤᠮᠵᠢᠭᠤᠯᠬᠤ ᠪᠠᠷ ᠳᠡᠭᠡᠭᠰᠢᠯᠡᠭᠦᠯᠭᠦ ᠶᠢ ᠠᠬᠢᠭᠤᠯᠵᠠᠢ᠃ ᠬᠤᠶᠠᠷ ᠲᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠬᠦᠴᠦᠯᠡᠨ ᠰᠠᠶᠢᠲᠤᠷ ᠭᠦᠢᠴᠡᠳᠬᠡᠪᠡ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠨᠢᠭᠡᠴᠢ ᠡᠯ᠎ᠡ ᠰᠠᠯᠠᠭ᠎ᠠ ᠲᠠᠰᠤᠭ ᠤᠨ ᠪᠠᠶᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ᠠᠵᠢᠯ ᠢ ᠢᠳᠡᠪᠬᠢᠲᠡᠢ ᠪᠠᠷ ᠠᠬᠢᠭᠤᠯᠤᠨ ᠵᠣᠬᠢᠴᠠᠭᠤᠯᠵᠤ᠂ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠴᠥᠮ ᠪᠣᠳᠠᠲᠤ ᠪᠠᠶᠢᠶᠣᠰᠣᠭᠠᠷ ᠲᠠᠶᠢᠯᠪᠤᠷᠢᠯᠠᠬᠤ ᠶᠢ ᠦᠨᠡᠨᠬᠦ ᠪᠠᠲᠤᠯᠠᠨ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ᠂ ᠭᠤᠣᠯ ᠠᠭᠤᠯᠭ᠎ᠠ᠂ ᠨᠠᠶᠢᠳᠠᠪᠤᠷᠢᠵᠢᠭᠤᠯᠤᠭᠰᠠᠨ ᠠᠷᠭ᠎ᠠ ᠬᠡᠮᠵᠢᠶ᠎ᠡ ᠵᠢᠴᠢ ᠠᠵᠢᠯ ᠤᠨ ᠠᠬᠢᠴᠠ ᠶᠢ ᠡᠷᠴᠢᠮᠲᠡᠢ ᠲᠠᠨᠢᠯᠴᠠᠭᠤᠯᠵᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠭᠡᠯᠪᠡᠷᠢ ᠶᠢᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠥᠨᠳᠥᠷ ᠶᠠᠰᠤ ᠴᠢᠨᠠᠷ ᠲᠠᠢ ᠲᠠᠶᠢᠯᠪᠤᠷᠢᠯᠠᠬᠤ ᠠᠵᠢᠯ ᠢ ᠦᠨᠡᠨᠬᠦ ᠪᠠᠲᠤᠯᠠᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤ᠂ ᠬᠤᠰᠢᠭᠤ ᠱᠠᠲᠤᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠲᠤᠬᠠᠢ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠪᠦᠭᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠢᠯᠡᠳᠬᠡᠬᠦ ᠡᠷᠬᠡ ᠶᠢ ᠪᠠᠲᠤᠯᠠᠬᠤ ᠪᠠᠷ ᠬᠠᠷᠠᠯᠲᠠ ᠪᠣᠯᠭᠠᠨ᠂ ᠣᠯᠠᠨ ᠨᠡᠶᠢᠲᠡ ᠶᠢᠨ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠬᠤ ᠪᠠ ᠤᠷᠢᠵᠤ᠂ ᠬᠠᠮᠤᠭ ᠤᠨ ᠶᠡᠭᠡ ᠬᠡᠮᠵᠢᠶᠡᠨ ᠳᠤ ᠬᠦᠷᠭᠡᠵᠦ ᠢᠯᠠ ᠲᠣᠳᠣ ᠪᠣᠯᠭᠠᠬᠤ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠵᠡᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       2024 ᠣᠨ ᠳᠤ ᠵᠠᠰᠠᠭ ᠤᠨ ᠣᠷᠳᠣᠨ ᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号